ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ 1 — 6 ᠰᠠᠷ᠎ᠠ᠎ᠳᠤ᠂ ᠪᠥᠬᠦ᠌ ᠣᠷᠣᠨ᠎ᠳᠤ ᠬᠤᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠪᠤᠷᠢ ᠭᠥᠷᠳᠡᠭ᠌ᠰᠡᠳ ᠨᠡᠢᠲᠡ 162.41 ᠲᠦᠮᠡᠨ ᠬᠥᠮᠦᠨ᠂ ᠣᠨᠴᠠ ᠬᠦᠴᠢᠷᠳᠡᠯᠲᠡᠶ 9.6 ᠲᠦᠮᠡᠨ ᠬᠥᠮᠦᠨ᠎ᠳᠤ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠪᠤᠷᠢ᠂ ᠣᠨᠴᠠ ᠬᠦᠴᠢᠷᠳᠡᠯᠲᠡᠶ ᠠᠪᠤᠷᠠᠨ ᠲᠤᠰᠠᠯᠠᠬᠤ ᠪᠠᠯᠠ ᠮᠥᠩᠭᠦ᠎ᠶ᠋ᠢ 39.68 ᠳ᠋ᠦᠩᠱᠢᠭᠤᠷ ᠲᠥᠭᠦᠷᠢᠭ ᠲᠠᠷᠬᠠᠭᠠᠵᠠᠢ᠃ ᠲᠦᠷ ᠴᠠᠭ᠎ᠤᠨ ᠴᠢᠨᠠᠷᠲᠠᠶ᠂ ᠭᠡᠨᠡᠳᠲᠡ᠎ᠶ᠋ᠢᠨ ᠴᠢᠨᠠᠷᠲᠠᠶ ᠠᠮᠢᠳᠤᠷᠠᠯ᠎ᠨᠢ ᠬᠦᠴᠢᠷᠳᠡᠯᠲᠡᠶ ᠭᠡᠷ ᠪᠦᠯᠢ᠎ᠳᠤ 9.18 ᠲᠦᠮᠡᠨ ᠬᠥᠮᠦᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ ᠲᠦᠷ ᠴᠠᠭ ᠠᠪᠤᠷᠠᠨ ᠲᠤᠰᠠᠯᠠᠬᠤ ᠪᠠᠯᠠ ᠮᠥᠩᠭᠦ᠎ᠶ᠋ᠢ 1.33 ᠳ᠋ᠦᠩᠱᠢᠭᠤᠷ ᠲᠥᠭᠦᠷᠢᠭ ᠲᠠᠷᠬᠠᠭᠠᠪᠠ᠃
ᠡᠨᠡ ᠵᠢᠯ᠎ᠠᠴᠠ ᠨᠠᠭᠠᠰᠢ᠂ ᠮᠠᠨ᠎ᠤ ᠣᠷᠣᠨ ᠨᠡᠢᠭᠡᠮ᠎ᠤᠨ ᠠᠪᠤᠷᠠᠨ ᠲᠤᠰᠠᠯᠠᠬᠤ ᠠᠵᠢᠯ᠎ᠤᠨ ᠲᠣᠭ᠍ᠲᠠᠴᠠ᠎ᠶ᠋ᠢ ᠴᠢᠨᠠᠭ᠍ᠰᠢᠲᠠ ᠪᠦᠷᠢᠨᠱᠢᠭᠦᠯᠵᠦ᠍᠂ ᠠᠪᠤᠷᠠᠨ ᠲᠤᠰᠠᠯᠠᠬᠤ ᠡᠲᠡᠭᠡᠳ᠎ᠢ ᠣᠨᠣᠪᠴᠢᠲᠠᠶ ᠮᠠᠭᠠᠳᠯᠠᠨ ᠲᠣᠭ᠍ᠲᠠᠭᠠᠵᠤ᠂ ᠨᠥᠬᠦᠴᠡᠯ᠎ᠳᠤ ᠨᠡᠢᠴᠡᠬᠦ᠌ ᠬᠦᠴᠢᠷᠳᠡᠯᠲᠡᠶ ᠬᠥᠮᠦᠰ᠎ᠢ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠂ ᠣᠨᠴᠠ ᠬᠦᠴᠢᠷᠳᠡᠯᠲᠡᠶ ᠠᠪᠤᠷᠠᠨ ᠲᠤᠰᠠᠯᠠᠬᠤ ᠪᠠᠲᠤᠯᠠᠪᠤᠷᠢ᠎ᠶ᠋ᠢᠨ ᠬᠡᠪᠴᠢᠶᠡᠨ᠎ᠳᠤ ᠴᠠᠭ ᠲᠤᠬᠠᠶ᠎ᠳᠤᠨᠢ ᠣᠷᠣᠭᠤᠯᠵᠠᠢ᠃ ᠲᠦᠷ ᠴᠠᠭ ᠠᠪᠤᠷᠠᠨ ᠲᠤᠰᠠᠯᠠᠬᠤ ᠡᠷᠴᠢᠮ᠎ᠢᠶᠠᠨ ᠴᠢᠩᠭᠠᠷᠠᠭᠤᠯᠵᠤ᠂ ᠭᠡᠨᠡᠳᠲᠡ᠎ᠶ᠋ᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ᠎ᠤᠨ ᠴᠢᠨᠠᠷᠲᠠᠶ ᠬᠦᠴᠢᠷᠳᠡᠯ᠎ᠳᠤ ᠲᠤᠯᠭᠠᠷᠠᠭ᠍ᠰᠠᠨ ᠡᠲᠡᠭᠡᠳ᠎ᠲᠤ ᠲᠦᠷ ᠴᠠᠭ ᠠᠪᠤᠷᠠᠨ ᠲᠤᠰᠠᠯᠠᠬᠤ᠎ᠶ᠋ᠢᠨ ᠬᠠᠮᠲᠤ᠌᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠠᠪᠤᠷᠠᠨ ᠲᠤᠰᠠᠯᠠᠬᠤ ᠪᠠᠯᠠ ᠮᠥᠩᠭᠦ᠌ ᠣᠯᠭᠤᠬᠤ᠎ᠳᠤ ᠴᠠᠭ ᠲᠤᠬᠠᠶ᠎ᠳᠤᠨᠢ ᠬᠢᠨᠠᠯᠲᠠ ᠲᠠᠯᠪᠢᠵᠤ᠂ ᠪᠠᠯᠠ ᠮᠥᠩᠭᠦ᠎ᠶ᠋ᠢ ᠴᠠᠭ ᠲᠤᠬᠠᠶ᠎ᠳᠤᠨᠢ᠂ ᠲᠤᠭ᠎ᠠ ᠶᠣᠰᠣᠭᠠᠷ ᠭᠦᠢᠴᠡᠳ᠂ ᠣᠨᠣᠪᠴᠢᠲᠠᠶ ᠣᠯᠭᠤᠬᠤ᠎ᠶ᠋ᠢ ᠦᠨᠡᠨ ᠬᠦ᠌ ᠪᠠᠲᠤᠯᠠᠵᠠᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号