ᠮᠣᠩᠭᠤᠯ ᠦᠨᠳᠦᠰᠦᠲᠡᠨ᠎ᠤ ᠢᠰᠡᠭᠡᠶ ᠬᠠᠳᠭᠤᠮᠠᠯ᠎ᠤᠨ ᠲᠥᠷᠥᠯ ᠵᠦᠢᠯ᠎ᠤᠨ ᠤᠯᠠᠮᠵᠢᠯᠠᠬ᠍ᠴᠢ᠎ᠶ᠋ᠢᠨ ᠰᠤᠳᠤᠯᠤᠨ ᠰᠤᠷᠤᠯᠴᠠᠬᠤ ᠪᠣᠯᠪᠠᠰᠤᠷᠠᠯ᠎ᠤᠨ ᠠᠩᠭᠢ ᠤᠷᠠᠳ᠎ᠤᠨ ᠬᠤᠢᠲᠤ ᠬᠤᠱᠢᠭᠤᠨ᠎ᠳᠤ ᠡᠬᠢᠯᠡᠵᠡᠢ
2021-10-02 09:48:48
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ 2021 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠦᠯᠦᠬᠡᠯᠡᠬᠦ᠌ ᠴᠢᠨᠠᠷᠳᠠᠢ ᠲᠦᠷᠦᠯ ᠵᠦᠢᠯ ᠮᠣᠩᠭᠤᠯ ᠦᠨᠳᠦᠰᠦᠲᠡᠨ᠎ᠤ ᠢᠰᠡᠭᠡᠶ ᠬᠠᠤᠡᠬᠤᠮᠠᠯ᠎ᠤᠨ ᠤᠯᠠᠮᠵᠢᠯᠠᠬ᠍ᠴᠢ᠎ᠶ᠋ᠢᠨ ᠰᠤᠳᠤᠯᠤᠨ ᠰᠤᠷᠤᠯᠴᠠᠬᠤ ᠪᠣᠯᠪᠠᠰᠤᠷᠠᠯ᠎ᠤᠨ ᠠᠩᠭᠢ ᠤᠷᠠᠳ᠎ᠤᠨ ᠬᠤᠢᠲᠤ ᠬᠤᠱᠢᠭᠤᠨ᠎ᠤ ᠴᠤᠬᠠᠦ᠋ᠨᠳᠦᠷ ᠪᠠᠯᠭᠠᠰᠤᠨ᠎ᠤ ᠮᠠᠯᠴᠢᠳ᠎ᠤᠨ ᠭᠠᠷ ᠤᠷᠠᠯᠠᠯ᠎ᠤᠨ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠲᠤ ᠬᠢᠴᠢᠶᠡᠯ ᠡᠬᠢᠯᠡᠪᠡ᠃


QQ图片20211002092203.png


ᠲᠣᠰ ᠤᠳᠠᠭᠠᠨ᠎ᠤ ᠪᠣᠯᠪᠠᠰᠤᠷᠠᠯ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬ᠍ᠴᠢ᠎ᠶ᠋ᠢᠨ ᠦᠢᠯᠡᠳᠦᠯᠭᠡ᠎ᠶ᠋ᠢᠨ ᠲᠦᠪᠱᠢᠨ ᠪᠠ ᠤᠯᠠᠮᠵᠢᠯᠠᠨ ᠵᠠᠯᠭᠠᠮᠵᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠣᠲᠣ ᠦᠶ᠎ᠡ᠎ᠶ᠋ᠢᠨ ᠠᠮᠢᠳᠤᠷᠠᠯ᠎ᠳᠤ ᠠᠭᠤᠰᠤᠯᠴᠠᠭᠤᠯᠬᠤ᠎ᠶ᠋ᠢ ᠠᠬᠢᠭᠤᠯᠬᠤ᠎ᠪᠠᠷ ᠵᠤᠷᠢᠯᠲᠠ ᠪᠤᠯᠭᠠᠵᠤ᠂ ᠨᠡᠢᠲᠡ 15 ᠡᠳᠦᠷ ᠦᠷᠭᠦᠯᠵᠢᠯᠡᠨ᠎ᠡ᠃ ᠰᠤᠷᠤᠭ᠍ᠴᠢᠳ ᠪᠣᠯᠪᠠᠰᠤᠷᠠᠯ᠎ᠤᠨ ᠳᠤᠮᠳᠠ ᠲᠤᠬᠠᠶ᠎ᠶ᠋ᠢᠨ ᠲᠠᠯᠠᠪᠠᠶ᠎ᠶ᠋ᠢᠨ ᠣᠨᠣᠯ᠎ᠤᠨ ᠵᠢᠭᠠᠨ ᠰᠤᠷᠭᠠᠯᠲᠠ᠂ ᠪᠣᠳᠠᠲᠤ ᠦᠢᠯᠡᠳᠦᠯᠭᠡ᠎ᠶ᠋ᠢᠨ ᠪᠣᠯᠪᠠᠰᠤᠷᠠᠯ᠂ ᠲᠤᠬᠠᠶ᠎ᠶ᠋ᠢᠨ ᠭᠠᠵᠠᠷ᠎ᠲᠤ ᠲᠣᠭᠤᠷᠢᠨ ᠦᠵᠡᠬᠦ᠌ ᠪᠠ ᠬᠠᠷᠢᠭᠤ ᠮᠡᠳᠡᠭᠦᠯᠦᠯᠲᠡ ᠬᠢᠬᠦ᠌ ᠵᠡᠷᠭᠡ ᠠᠷᠭ᠎ᠠ᠎ᠪᠠᠷ ᠳᠠᠮᠵᠢᠭᠤᠯᠤᠨ ᠮᠣᠩᠭᠤᠯ ᠦᠨᠳᠦᠰᠦᠲᠡᠨ᠎ᠤ ᠢᠰᠡᠭᠡᠶ ᠬᠠᠤᠡᠬᠤᠮᠠᠯ᠎ᠤᠨ ᠤᠷ᠎ᠠ ᠮᠡᠷᠭᠡᠵᠢᠯ᠎ᠢ ᠰᠤᠷᠤᠯᠴᠠᠬᠤ ᠪᠠ ᠦᠢᠯᠡᠳᠦᠯᠭᠡᠵᠢᠭᠦᠯᠬᠦ᠌ ᠪᠣᠯᠤᠨ᠎ᠠ᠃ ᠪᠣᠯᠪᠠᠰᠤᠷᠠᠯ᠎ᠨᠢ ᠮᠣᠩᠭᠤᠯ ᠦᠨᠳᠦᠰᠦᠲᠡᠨ᠎ᠤ ᠢᠰᠡᠭᠡᠶ ᠬᠠᠤᠡᠬᠤᠮᠠᠯ᠎ᠤᠨ ᠲᠥᠷᠥᠯ ᠵᠦᠢᠯ᠎ᠤᠨ ᠤᠯᠠᠮᠵᠢᠯᠠᠬ᠍ᠴᠢᠳ᠎ᠲᠤ ᠰᠤᠷᠤᠯᠴᠠᠬᠤ ᠪᠠ ᠤᠷ᠎ᠠ ᠮᠡᠷᠭᠡᠵᠢᠯ᠎ᠢᠶᠠᠨ ᠳᠡᠯᠭᠡᠨ ᠦᠵᠡᠭᠦᠯᠬᠦ᠌ ᠲᠠᠪᠴᠠᠩ ᠬᠠᠨᠭ᠌ᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭᠠᠮᠵᠢᠯᠠᠬᠤ ᠳᠣᠲᠣᠭᠠᠳᠤ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃

ᠴᠤᠬᠠᠦ᠋ᠨᠳᠦᠷ ᠪᠠᠯᠭᠠᠰᠤᠨ᠎ᠤ ᠱᠢᠨᠡᠤ᠋ᠰᠤ ᠭᠠᠴᠠᠭᠠᠨ᠎ᠤ ᠮᠠᠯᠴᠢᠨ ᠰᠠᠷᠠᠨ᠎ᠠ᠄ 《ᠡᠨᠡ ᠤᠳᠠᠭᠠᠨ᠎ᠤ ᠪᠣᠯᠪᠠᠰᠤᠷᠠᠯ ᠮᠠᠰᠢ ᠤᠤᠠᠬ᠎ᠠ ᠠᠭᠤᠯᠭ᠎ᠠ᠎ᠲᠠᠢ᠂ ᠪᠢ 2017 ᠣᠨ᠎ᠠᠴᠠ ᠡᠬᠢᠯᠡᠨ ᠡᠵᠢ᠎ᠠᠴᠠ᠎ᠪᠠᠨ ᠮᠣᠩᠭᠤᠯ ᠦᠨᠳᠦᠰᠦᠲᠡᠨ᠎ᠤ ᠢᠰᠡᠭᠡᠶ ᠬᠠᠤᠡᠬᠤᠮᠠᠯ᠎ᠢ ᠬᠢᠵᠦ᠍ ᠰᠤᠷᠬᠤ᠎ᠶ᠋ᠢᠨ ᠬᠠᠮᠲᠤ᠌᠂ ᠮᠣᠩᠭᠤᠯ ᠤᠯᠤᠰ᠂ ᠱᠢᠯᠢ᠎ᠶ᠋ᠢᠨ ᠭᠤᠤᠯ ᠠᠢᠮᠠᠭ ᠵᠡᠷᠭᠡ ᠮᠠᠰᠢ ᠣᠯᠠᠨ ᠭᠠᠵᠠᠷ᠎ᠲᠤ ᠣᠴᠢᠵᠤ ᠰᠤᠷᠤᠯᠴᠠᠵᠤ ᠥᠩᠭᠡᠷᠡᠵᠡᠶ᠂ ᠥᠪᠡᠷ᠎ᠤᠨ ᠴᠢᠷᠮᠠᠢᠯᠭ᠎ᠠ᠎ᠪᠠᠷ᠎ᠢᠶᠠᠨ ᠥᠪᠡᠷᠮᠢᠴᠡ ᠣᠨᠴᠠᠯᠢᠭ᠎ᠲᠠᠢ ᠪᠦᠲᠦᠭᠡᠯ ᠭᠠᠷᠭᠠᠵᠤ᠂ ᠮᠣᠩᠭᠤᠯ ᠦᠨᠳᠦᠰᠦᠲᠡᠨ᠎ᠤ ᠢᠰᠡᠭᠡᠶ ᠬᠠᠤᠡᠬᠤᠮᠠᠯ᠎ᠤᠨ ᠤᠷ᠎ᠠ ᠮᠡᠷᠭᠡᠵᠢᠯ᠎ᠢ ᠤᠯᠠᠮᠵᠢᠯᠠᠨ ᠪᠠᠳᠠᠷᠠᠭᠤᠯᠬᠤ᠎ᠶ᠋ᠢᠨ ᠬᠠᠮᠲᠤ ᠥᠪᠡᠷ᠎ᠤᠨ ᠠᠮᠢᠳᠤᠷᠠᠯ᠎ᠤᠨ ᠲᠦᠪᠱᠢᠨ᠎ᠢᠶᠠᠨ ᠳᠡᠭᠡᠭ᠌ᠰᠢᠯᠡᠭᠦᠯᠬᠦ᠌᠎ᠪᠠᠷ ᠴᠢᠷᠮᠠᠢᠨ᠎ᠠ》 ᠬᠡᠵᠦ᠍ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号