ᠪᠤᠯᠤᠩ ᠡᠬᠢᠯᠡᠬᠦ ᠦᠭᠡ᠄ ᠪᠦᠬᠦ᠌ ᠤᠯᠤᠰ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠨᠠᠢ᠍ᠮᠠᠳᠤᠭᠠᠷ ᠬᠤᠭᠤᠴᠠᠭᠠᠨ᠎ᠤ ᠣᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ 10 ᠰᠠᠷ᠎ᠠ᠎ᠶ᠋ᠢᠨ 22 ᠤᠨ ᠡᠳᠦᠷ ᠱᠠᠨᠰᠢ ᠮᠤᠵᠢ᠎ᠶ᠋ᠢᠨ ᠰᠢ ᠠᠨ ᠬᠤᠳᠠ᠎ᠳᠤ ᠡᠬᠢᠯᠡᠬᠦ ᠪᠡᠷ ᠪᠤᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ ᠨᠡᠢᠲᠡ 187 ᠵᠡᠮᠳᠡᠭ ᠲᠠᠮᠢᠷᠴᠢᠨ᠎ᠢ ᠲᠣᠮᠢᠯᠠᠵᠤ᠂ ᠲᠣᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ᠂ 23 ᠤᠷᠤᠯᠳᠤᠭᠠᠨ᠎ᠤ ᠲᠥᠷᠥᠯ ᠵᠦᠶ᠋ᠯ ᠳ᠋ᠤ ᠤᠷᠤᠯᠴᠠᠨ᠎ᠠ ᠃ ᠲᠤᠰ ᠰᠣᠨᠢᠨ ᠡᠨᠡ ᠡᠳᠦᠷ᠎ᠡᠴᠡ ᠡᠬᠢᠯᠡᠨ 《ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠤ ᠲᠦᠷᠭᠡᠨ ᠳᠠᠮᠵᠢᠭᠤᠯᠭ᠎ᠠ》 ᠭᠡᠬᠦ ᠪᠤᠯᠤᠩ ᠨᠡᠭᠡᠭᠡᠵᠦ ᠂ ᠮᠠᠨ᠎ᠤ ᠣᠷᠣᠨ᠎ᠤ ᠵᠡᠮᠳᠡᠭ ᠲᠠᠮᠢᠷᠴᠢᠳ᠎ᠤᠨ ᠤᠷᠤᠯᠳᠤᠭᠠᠨ ᠤ ᠲᠠᠯᠠᠪᠠᠢ᠎ᠳᠠᠬᠢ ᠢᠷᠠᠭᠤ ᠠᠯᠳᠠᠷᠳᠤ ᠴᠠᠭ ᠮᠥᠴᠡ ᠪᠠ ᠮᠡᠷᠡᠢᠨ ᠤᠷᠤᠯᠳᠤᠬᠤ ᠲᠤᠷᠭᠠᠨ ᠭᠱᠠᠨᠢ ᠲᠡᠮᠳᠡᠭᠯᠡᠵᠦ᠂ ᠮᠠᠨ᠎ᠤ ᠣᠷᠣᠨ᠎ᠤ ᠵᠡᠮᠳᠡᠭ᠌ᠴᠦᠳ᠎ᠦᠨ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠤᠨ ᠲᠦᠷᠭᠡᠨ ᠬᠦᠭᠵᠢᠯᠳᠡ᠎ᠶ᠋ᠢ ᠢᠯᠡᠷᠡᠭᠦᠯᠵᠦ᠍ ᠂ ᠵᠡᠮᠳᠡᠭ ᠲᠠᠮᠢᠷᠴᠢᠳ ᠤᠨ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠨᠤᠭᠤᠷᠠᠰᠢ ᠦᠭᠡᠢ ᠲᠡᠮᠡᠴᠡᠬᠦ᠌ ᠰᠠᠢ᠌ᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠬᠠᠷᠢᠭᠤᠯᠤᠨ᠎ᠠ᠃
10 ᠰᠠᠷ᠎ᠠ᠎ᠶ᠋ᠢᠨ 18 ᠤ ᠦᠳᠡ᠎ᠶ᠋ᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ᠎ᠤᠨ ᠪᠦᠬᠦ᠌ ᠤᠯᠤᠰ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠨᠠᠢ᠍ᠮᠠᠳᠤᠭᠠᠷ ᠬᠤᠭᠤᠴᠠᠭᠠᠨ᠎ᠤ ᠣᠨᠴᠠᠭᠠᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠲᠠᠢ᠌ᠴᠢᠯᠠᠯᠳᠠ᠎ᠶ᠋ᠢᠨ ᠶᠣᠰᠣᠯᠠᠯ ᠬᠥᠬᠡᠬᠣᠲᠠ᠎ᠶ᠋ᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠭᠡᠯ᠎ᠦᠨ ᠪᠠᠭᠤᠳᠠᠯ᠎ᠳᠤ ᠶᠠᠪᠤᠭ᠍ᠳᠠᠵᠤ᠂ 100 ᠭᠠᠷᠤᠢ ᠵᠡᠮᠳᠡᠭ ᠲᠠᠮᠢᠷᠴᠢᠨ᠂ ᠲᠠᠰᠬᠠᠯᠵᠢᠭᠤᠯᠤᠭᠴᠢ ᠵᠢᠴᠢ ᠠᠵᠢᠯᠳᠠᠨ᠎ᠢᠶᠠᠷ ᠪᠦᠷᠢᠯᠳᠦᠭ᠌ᠰᠡᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠤᠷᠤᠯᠳᠤᠭᠠᠨ᠎ᠳᠤ ᠣᠷᠣᠯᠴᠠᠬᠤ ᠪᠡᠷ ᠱᠠᠨᠰᠢ ᠮᠤᠵᠢ ᠵᠦᠭ ᠮᠤᠷᠳᠠᠵᠠᠢ᠃
ᠪᠥᠬᠥ᠌ ᠤᠯᠤᠰ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠨᠠᠶ᠋ᠮᠠᠳᠤᠭᠠᠷ ᠬᠤᠭᠤᠴᠠᠭᠠᠨ᠎ᠤ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ 10 ᠰᠠᠷ᠎ᠠ᠎ᠶ᠋ᠢᠨ 22 ᠤ᠋ᠨ ᠡᠳᠦᠷ ᠱᠠᠨᠰᠢᠮᠤᠵᠢ ᠶ᠋ᠢᠨ ᠰᠢ ᠠᠨᠬᠤᠳᠠᠳᠤ ᠡᠬᠢᠯᠡᠨ᠎ᠡ᠃ ᠤᠷᠤᠯᠳᠤᠭᠠᠨ᠎ᠤ ᠲᠦᠷᠦᠯᠵᠦᠢᠯᠳᠦ ᠂ ᠵᠡᠮᠳᠡᠭᠴᠦᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠎ᠤ ᠰᠣᠨᠣᠷᠵᠡᠷᠡᠮᠳᠡᠭᠴᠤᠳᠤᠨ ᠵᠣᠨ᠎ᠤ ᠤᠯᠠᠷᠢᠯ᠎ᠤᠨ ᠤᠷᠤᠯᠳᠤᠭᠠᠨ᠎ᠤ ᠲᠦᠷᠦᠯ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠰᠣᠨᠣᠷᠵᠡᠷᠡᠮᠳᠡᠭᠴᠤᠳᠤᠨ ᠡᠪᠦᠯ᠎ᠤᠨ ᠤᠯᠠᠷᠢᠯ᠎ᠤᠨ ᠤᠷᠤᠯᠳᠤᠭᠠᠨ᠎ᠤ ᠲᠦᠷᠦᠯ᠂ ᠣᠯᠠᠨ ᠲᠦᠮᠡᠨᠴᠢ ᠤᠷᠤᠯᠳᠤᠭᠠᠨ᠎ᠤ ᠲᠦᠷᠦᠯ᠂ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠦᠷᠦᠯ ᠵᠡᠷᠭᠡ ᠨᠡᠢᠲᠡ 46 ᠲᠦᠷᠦᠯ ᠪᠠᠭ᠍ᠲᠠᠨ᠎ᠠ᠃
ᠥᠪᠥᠷ ᠮᠣᠩᠭᠣᠯ ᠨᠡᠢᠲᠡ 187 ᠲᠠᠮᠢᠷᠴᠢᠨ ᠲᠣᠮᠢᠯᠠᠵᠤ᠂ 23 ᠲᠦᠷᠦᠯ᠎ᠤᠨ ᠤᠷᠤᠯᠳᠤᠭᠠᠨ ᠳᠤ ᠣᠷᠣᠯᠴᠠᠨ᠎ᠠ᠂ ᠥᠩᠭᠡᠷᠡᠭ᠌ᠰᠡᠨ᠎ᠲᠠᠢ ᠬᠠᠷᠢᠴᠠᠭᠤᠯᠪᠡᠯ ᠤᠷᠤᠯᠳᠤᠭᠠᠨ᠎ᠳᠤ ᠣᠷᠣᠯᠴᠠᠭ᠍ᠰᠠᠨ ᠲᠥᠷᠥᠯ ᠵᠦᠶ᠋ᠯ᠎ᠦᠨ ᠲᠣᠭ᠎ᠠ ᠪᠠ ᠬᠥᠮᠦᠨ᠎ᠦ ᠲᠣᠭ᠎ᠠ᠎ᠨᠢ ᠬᠠᠮᠤᠭ᠎ᠤᠨ ᠣᠯᠠᠨ ᠪᠠᠢᠵᠤ᠂ ᠰᠫᠤᠷᠲ᠎ᠤᠨ ᠤᠷᠤᠯᠳᠤᠭᠠᠨ ᠤ ᠲᠦᠷᠦᠯ ᠂ ᠬᠠᠷᠠᠭ᠎ᠠ ᠠᠯᠳᠠᠭᠰᠠᠳ᠎ᠤᠨ ᠵᠢᠦᠳᠣᠣ ᠪᠦᠭᠡ᠎ᠶᠢᠨ ᠲᠥᠷᠥᠯ ᠳᠦ ᠱᠠᠩᠨᠠᠯ᠎ᠤᠨ ᠮᠧᠳᠠᠯ ᠤᠯᠬᠤ ᠪᠣᠯᠤᠮᠵᠢᠲᠠᠶ ᠪᠠᠢᠨ᠎ᠠ᠃ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠤᠷᠢᠳᠴᠢᠯᠠᠨ ᠤᠷᠤᠯᠳᠤᠬᠰᠠᠨ ᠲᠦᠷᠦᠯ ᠳᠦ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠨᠢᠭᠡᠨᠲᠡ ᠬᠦᠨᠳᠦ ᠡᠷᠭᠦᠯᠲᠡ᠂ ᠨᠡᠷᠡᠭᠦᠢ ᠨᠢᠳᠤᠷᠭ᠎ᠠ ᠂ ᠲᠠᠩ ᠬᠠᠪᠲᠠᠰᠤ᠎ᠪᠠᠷ ᠴᠠᠨᠠᠯᠠᠬᠤ᠂ ᠬᠦᠷᠳᠦᠲᠦ ᠰᠠᠨᠳᠠᠯᠢ᠎ᠶ᠋ᠢᠨ ᠪᠥᠵᠢᠭ ᠵᠡᠷᠭᠡ ᠲᠦᠷᠦᠯ ᠵᠦᠢᠯ᠎ᠳᠦ 2 ᠠᠯᠳᠠᠨ ᠮᠧᠳᠠᠯ᠂ 3 ᠮᠥᠩᠭᠥᠨ ᠮᠧᠳᠠᠯ᠂ 2 ᠬᠦᠷᠡᠯ ᠮᠧᠳᠠᠯ ᠣᠯᠵᠠᠢ᠃
ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠡᠷᠡᠭ ᠡᠷᠬᠢᠯᠡᠭ᠌ᠴᠢᠳ᠎ᠦᠨ ᠳᠠᠷᠤᠭ᠎ᠠ ᠲᠦᠩ ᠭᠦᠸᠧ ᠴᠢᠩ ᠳᠠᠢᠴᠢᠯᠠᠯᠲᠠ᠎ᠶ᠋ᠢᠨ ᠶᠣᠰᠣᠯᠠᠯ ᠳᠡᠭᠡᠷ᠎ᠡ ᠂ ᠣᠢᠷ᠎ᠠ᠎ᠶ᠋ᠢᠨ ᠵᠢᠯ᠎ᠳᠦ ᠮᠠᠨ᠎ᠤ ᠣᠷᠣᠨ᠎ᠤ ᠵᠡᠮᠳᠡᠭ᠌ᠴᠦᠳ᠎ᠦᠨ ᠣᠯᠠᠨ ᠲᠦᠮᠡᠨᠴᠢ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ ᠥᠷᠨᠢᠨ ᠬᠥᠭ᠌ᠵᠢᠵᠦ᠍᠂ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠤᠳᠠᠭ᠎ᠠ ᠳᠠᠷᠠᠭᠠᠯᠠᠨ ᠱᠢᠯᠢᠳᠡᠭ ᠬᠢᠷᠢ ᠪᠦᠲᠦᠮᠵᠢ ᠣᠯᠵᠤ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠰᠤᠨᠤᠷ ᠵᠡᠷᠡᠮᠳᠡᠭᠴᠦᠳᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠣᠨᠴᠠᠭᠠᠶ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠵᠣᠬᠢᠴᠠᠩᠭᠤᠶ ᠬᠥᠭ᠌ᠵᠢᠵᠦ᠍᠂ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠦᠶ᠋ᠯᠡᠰ ᠲᠦᠷᠭᠡᠨ ᠳᠠᠪᠱᠢᠯᠲᠠ᠎ᠲᠠᠶ ᠪᠣᠯᠪᠠ᠃ ᠡᠨᠡ ᠨᠢ ᠮᠠᠨ᠎ᠤ ᠣᠷᠣᠨ᠎ᠤ ᠵᠡᠮᠳᠡᠭ ᠲᠠᠮᠢᠷᠴᠢᠳ᠎ᠤᠨ ᠴᠥᠬᠥᠷᠡᠰᠢ ᠥᠬᠡᠶ ᠴᠢᠷᠮᠠᠢᠯᠭ᠎ᠠ᠎ᠠᠴᠠ ᠰᠠᠯᠵᠤ ᠴᠢᠳᠠᠬᠤ ᠥᠬᠡᠶ᠂ ᠨᠠᠩ ᠴᠤ᠌ ᠲᠠᠰᠬᠠᠯᠵᠢᠭᠤᠯᠤᠭᠴᠢ ᠵᠢᠴᠢ ᠡᠯ᠎ᠡ ᠱᠠᠲᠤᠨ᠎ᠤ ᠵᠡᠮᠳᠡᠭ᠌ᠴᠦᠳ᠎ᠦᠨ ᠬᠢᠨ᠎ᠤ ᠬᠣᠯᠪᠣᠭ᠎ᠠ᠂ ᠪᠡᠶ᠎ᠡ᠎ᠶ᠋ᠢᠨ ᠲᠠᠮᠢᠷ᠎ᠤᠨ ᠰᠠᠯᠠᠭ᠎ᠠ ᠮᠥᠴᠢᠷ᠎ᠦᠨ ᠠᠵᠢᠯᠲᠠᠨ᠎ᠤ ᠬᠠᠳᠠᠭᠤᠵᠢᠯᠳᠠᠢ ᠴᠢᠷᠮᠠᠢᠯᠭ᠎ᠠ ᠡᠴᠡ ᠰᠠᠯᠵᠤ ᠴᠢᠳᠠᠬᠤ ᠥᠬᠡᠶ ᠶᠤᠮ᠃ ᠤᠯᠠᠨ᠎ᠢᠶᠠᠷ᠎ᠢᠶᠠᠨ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ ᠡᠷᠡᠯᠬᠡᠭ᠌ᠯᠡᠨ ᠲᠡᠮᠡᠴᠡᠵᠦ᠍᠂ ᠴᠤᠴᠠᠯᠲᠠ ᠦᠭᠡᠢ ᠤᠷᠤᠭ᠍ᠰᠢᠯᠠᠵᠤ᠂ ᠭᠠᠪᠱᠢᠭᠠᠢᠯᠠᠨ ᠤᠷᠤᠭᠰᠢᠯᠠᠵᠤ ᠂ ᠤᠷᠤᠯᠳᠤᠭᠠᠨ᠎ᠤ ᠲᠠᠯᠠᠪᠤᠷ᠎ᠲᠤ ᠥᠪᠥᠷ ᠮᠣᠩᠭᠣᠯ᠎ᠤᠨ ᠲᠠᠮᠢᠷᠴᠢᠳ᠎ᠤᠨ ᠴᠤᠭ ᠵᠢᠪᠬᠤᠭ᠎ᠠ᠎ᠶ᠋ᠢ ᠢᠯᠡᠷᠡᠭᠦᠯᠵᠦ᠍᠂ ᠥᠨᠳᠥᠷ ᠲᠦᠪᠱᠢᠨ᠂ ᠰᠠᠢ᠌ᠨ ᠲᠦᠷᠢ ᠲᠥᠷᠬᠦ᠌᠎ᠲᠡᠶ ᠤᠷᠤᠯᠳᠤᠬᠤ᠎ᠶ᠋ᠢ ᠬᠦᠰᠡᠵᠦ᠍ ᠪᠠᠢᠨ᠎ᠠ᠃ ᠡᠭᠦᠨ᠎ᠦ ᠬᠠᠮᠲᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠵᠦ᠍᠂ ᠤᠷᠤᠯᠳᠤᠭᠠᠨ᠎ᠳᠤ ᠣᠷᠣᠯᠴᠠᠬᠤ ᠬᠤᠭᠤᠴᠠᠭᠠᠨ᠎ᠳᠠᠬᠢ ᠪᠡᠶ᠎ᠡ᠎ᠶ᠋ᠢᠨ ᠠᠮᠤᠷ ᠲᠦᠪᠱᠢᠨᠵᠢᠡᠨ ᠠᠩᠬᠠᠷᠴᠤ᠂ ᠠᠶᠠᠨ ᠵᠠᠮ ᠳ᠋ᠠᠭᠠᠨ ᠤᠷᠤᠭᠰᠢᠳᠠᠢ ᠪᠠᠢᠵᠤ ᠂ ᠠᠮᠤᠷ ᠲᠦᠪᠱᠢᠨ᠎ᠢᠶᠡᠷ ᠪᠤᠴᠠᠵᠤ ᠢᠷᠡᠬᠦ᠌᠎ᠶ᠋ᠢ ᠬᠦᠰᠡᠵᠦ ᠪᠠᠢᠨ᠎ᠠ ᠭᠡᠪᠡ᠃ ᠥᠲᠥᠨ ᠪᠥᠮᠪᠥᠭᠡ᠎ᠶ᠋ᠢᠨ ᠲᠠᠮᠢᠷᠴᠢᠨ ᠳ᠋ᠦᠩ ᠨᠠᠨ ᠄ 《ᠪᠢᠳᠡ ᠤᠷᠤᠯᠳᠤᠭᠠᠨ᠎ᠤ ᠲᠠᠯᠠᠪᠤᠷ᠎ᠲᠤ ᠡᠷᠡᠯᠭᠡᠭᠯᠡᠨ ᠲᠡᠮᠡᠴᠡᠵᠦ᠍ ᠂ ᠥᠪᠡᠷ᠎ᠦᠨ ᠬᠠᠮᠤᠭ᠎ᠤᠨ ᠰᠠᠢᠨ ᠬᠢᠷᠢ ᠬᠡᠮᠵᠢᠶ᠎ᠡ᠎ᠪᠡᠨ ᠪᠠᠳᠠᠷᠠᠭᠤᠯᠵᠤ ᠂ ᠥᠪᠥᠷ ᠮᠣᠩᠭᠣᠯ᠎ᠳᠤ ᠪᠠᠨ ᠥᠩᠭᠡ ᠭᠡᠷᠡᠯ ᠨᠡᠮᠡᠷᠢᠯᠡᠨ᠎ᠡ! 》 ᠭᠡᠵᠦ ᠶᠠᠷᠢᠪᠠ᠃