ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ 94 ᠴᠠᠭᠳᠠᠭ᠎ᠠ ᠦᠨᠳᠦᠰᠦᠨ ᠱᠠᠲᠤᠨ᠎ᠳᠤ ᠭᠦᠨᠵᠡᠭᠡᠢᠷᠡᠪᠡ
2021-10-21 09:20:03
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠳᠣᠲᠣᠭᠠᠳᠤ᠎ᠶᠢ ᠬᠠᠮᠠᠭᠠᠯᠠᠬᠤ ᠥᠭᠡᠷᠡᠴᠢᠯᠡᠯᠲᠡ᠎ᠶᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠍᠂ ᠦᠨᠳᠦᠰᠦᠨ ᠱᠠᠲᠤᠨ᠎ᠤ ᠰᠠᠭᠤᠷᠢ ᠠᠵᠢᠯ᠎ᠢ ᠤᠯᠠᠮ ᠨᠢᠭᠡ ᠠᠯᠬᠤᠮ ᠪᠡᠬᠢᠵᠢᠭᠦᠯᠵᠦ᠍ ᠂ ᠦᠨᠳᠦᠰᠦᠨ ᠱᠠᠲᠤᠨ᠎ᠤ ᠴᠠᠭᠳᠠᠭᠠᠨ᠎ᠤ ᠬᠦᠴᠦᠨ ᠬᠦᠷᠦᠯᠴᠡᠬᠦ᠌ ᠥᠬᠡᠶ ᠪᠠᠢᠬᠤ ᠬᠦᠴᠢᠷ ᠠᠰᠠᠭᠤᠳᠠᠯ᠎ᠢ ᠬᠦᠴᠦᠯᠡᠨ ᠱᠢᠢᠳᠪᠦᠷᠢᠯᠡᠬᠦ᠌᠎ᠶᠢᠨ ᠲᠥᠯᠥᠭᠡ᠂   ᠤᠢᠷ᠎ᠡ ᠵᠢᠨ ᠡᠳᠦᠷ᠂ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠪᠠᠢᠭᠤᠯᠭ᠎ᠠ᠎ᠶᠢᠨ ᠴᠠᠭᠳᠠᠭᠠᠨ᠎ᠤ ᠬᠦᠴᠦᠨ᠎ᠢ ᠦᠨᠳᠦᠰᠦᠨ ᠱᠠᠲᠤᠨ᠎ᠳᠤ ᠪᠠᠭᠤᠯᠭᠠᠬᠤ ᠳᠠᠢᠴᠢᠯᠠᠯᠲᠠ ᠪᠠᠢᠷᠢᠯᠠᠭᠤᠯᠤᠯᠲᠠ᠎ᠶᠢᠨ ᠬᠤᠷᠠᠯ ᠬᠤᠷᠠᠯᠳᠤᠭᠤᠯᠵᠦ᠍᠂ 94 ᠴᠠᠭᠳᠠᠭ᠎ᠠ᠎ᠶᠢ ᠦᠨᠳᠦᠰᠦᠨ ᠱᠠᠲᠤᠨ᠎ᠳᠤ ᠭᠦᠨᠵᠡᠭᠡᠢᠷᠡᠬᠦᠯᠪᠡ᠃

ᠤᠢᠯᠠᠭᠠᠬᠰᠠᠨ ᠵᠢᠡᠷ᠂ ᠳᠤᠰ ᠤᠳᠠᠭ᠎ᠠ᠎ᠶᠢᠨ ᠪᠠᠢᠭᠤᠯᠭ᠎ᠠ᠎ᠶᠢᠨ ᠴᠠᠭᠳᠠᠭᠠᠨ᠎ᠤ ᠬᠦᠴᠦᠨ᠎ᠢ ᠳᠣᠷᠣᠭᠰᠢ ᠪᠠᠭᠤᠯᠭᠠᠬᠤ ᠪᠣᠯ 《ᠬᠣᠶᠠᠷ ᠠᠩᠭᠢ ᠨᠢᠭᠡ ᠲᠠᠰᠤᠭ》  ᠴᠠᠭᠳᠠᠭᠠᠨ᠎ᠤ ᠶᠠᠪᠤᠳᠠᠯ᠎ᠤᠨ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠠᠵᠢᠯ᠎ᠢ ᠭᠦᠨᠵᠡᠭᠡᠶ ᠦᠷᠨᠢᠬᠦᠯᠬᠦ᠌ ᠵᠢᠨ ᠲᠤᠯᠠᠳᠠ ᠬᠤᠷᠠᠯᠳᠤᠭᠤᠯᠤᠭᠰᠠᠨ ᠨᠢᠭᠡ ᠤᠳᠠᠭ᠎ᠠ᠎ᠶᠢᠨ ᠴᠢᠬᠤᠯᠠ ᠬᠤᠷᠠᠯ ᠪᠣᠯᠤᠨ᠎ᠠ᠃ ᠵᠣᠷᠢᠯᠭ᠎ᠠ ᠨᠢ ᠳᠠᠷᠤᠶ ᠭᠤᠤᠯᠳᠠᠯᠭ᠎ᠠ᠎ᠪᠠᠨ ᠳᠣᠷᠣᠭᠰᠢ ᠱᠢᠯᠵᠢᠭᠦᠯᠬᠦ᠌᠂ ᠴᠠᠭᠳᠠᠭᠠᠨ᠎ᠤ ᠬᠦᠴᠦᠨ ᠵᠢᠡᠨ ᠳᠣᠷᠣᠭᠰᠢ ᠪᠠᠭᠤᠯᠭᠠᠬᠤ᠎ᠪᠠᠷ ᠳᠠᠮᠵᠢᠭᠤᠯᠤᠨ᠂ ᠴᠠᠭᠳᠠᠭᠠᠨ᠎ᠤ ᠶᠠᠪᠤᠳᠠᠯ᠎ᠤᠨ ᠡᠬᠢ ᠪᠠᠶᠠᠯᠢᠭ ᠎ᠢ ᠵᠦᠶ ᠵᠣᠬᠢᠰᠲᠠᠶ ᠲᠣᠬᠢᠷᠠᠭᠤᠯᠵᠤ᠂ ᠦᠨᠳᠦᠰᠦᠨ ᠱᠠᠲᠤᠨ᠎ᠤ ᠴᠠᠭᠳᠠᠭᠠᠨ᠎ᠤ ᠬᠦᠴᠦᠨ ᠬᠦᠷᠦᠯᠴᠡᠬᠦ᠌ ᠥᠬᠡᠶ ᠪᠠᠢᠬᠤ᠎ᠶᠢ ᠨᠠᠮᠳᠠᠭᠤᠯᠤᠨ᠂ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ᠎ᠶᠢᠨ 《ᠬᠣᠶᠠᠷ ᠠᠩᠭᠢ ᠨᠢᠭᠡ ᠲᠠᠰᠤᠭ》᠎ᠤᠨ ᠡᠭᠦᠷᠭᠡ ᠴᠢᠳᠠᠪᠬᠢ᠎ᠶᠢᠨ ᠦᠢᠯᠡᠳᠦᠯ᠎ᠢ ᠴᠢᠨᠠᠬ᠍ᠱᠢᠳᠠ ᠴᠢᠩᠭᠠᠳᠭᠠᠵᠤ᠂ ᠨᠡᠢᠭᠡᠮ ᠲᠣᠭᠣᠷᠢᠭ᠎ᠤᠨ ᠴᠠᠭᠳᠠᠭᠠᠨ᠎ᠤ ᠶᠠᠪᠤᠳᠠᠯ᠎ᠤᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠳᠡᠭᠡᠭᠱᠢᠯᠡᠭᠦᠯᠦᠨ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠡᠶ᠎ᠡ ᠵᠣᠬᠢᠴᠠᠯ᠎ᠲᠠᠶ ᠨᠡᠢᠭᠡᠮ᠎ᠢ ᠪᠠᠢᠭᠤᠯᠬᠤ ᠪᠠ ᠠᠮᠤᠷ᠎ᠢ ᠬᠠᠮᠠᠭᠠᠯᠠᠬᠤ ᠪᠠᠢᠳᠠᠯ᠎ᠢ ᠡᠵᠡᠮᠳᠡᠬᠦ᠌ ᠴᠢᠳᠠᠪᠤᠷᠢ᠎ᠶᠢ ᠳᠡᠭᠡᠭᠱᠢᠯᠡᠭᠦᠯᠵᠦ᠍᠂ ᠨᠡᠢᠭᠡᠮ᠎ᠦᠨ ᠲᠣᠭᠲᠠᠭᠤᠨ ᠪᠠᠢᠳᠠᠯ᠎ᠢ ᠪᠥᠬᠥ᠌ ᠲᠠᠯ᠎ᠠ᠎ᠪᠠᠷ ᠬᠠᠮᠠᠭᠠᠯᠠᠬᠤ ᠶᠠᠪᠤᠳᠠᠯ ᠪᠣᠯᠤᠨ᠎ᠠ᠃

ᠬᠤᠷᠠᠯ ᠡᠴᠨ᠂ ᠦᠨᠳᠦᠰᠦᠨ ᠱᠠᠲᠤᠨ᠎ᠤ ᠲᠣᠮᠢᠯᠠᠭᠰᠠᠨ ᠰᠠᠯᠪᠤᠷᠢ ᠪᠣᠯ ᠺᠠᠳ᠋ᠷ᠎ᠤᠨ ᠤᠯᠤᠰ ᠲᠦᠷᠦ᠍᠎ᠶᠢᠨ ᠪᠣᠯᠪᠠᠰᠤᠷᠠᠯ᠂ ᠦᠢᠯᠡᠳᠦᠯᠭᠡ᠎ᠶᠢᠨ ᠪᠣᠯᠪᠠᠰᠤᠷᠠᠯ᠎ᠢ ᠴᠢᠩᠭᠠᠳᠭᠠᠬᠤ ᠬᠠᠮᠤᠭ᠎ᠤᠨ ᠰᠠᠢᠨ ᠲᠠᠪᠴᠠᠩ ᠮᠥᠨ᠂ ᠦᠨᠳᠦᠰᠦᠨ ᠱᠠᠲᠤᠨ᠎ᠳᠤ ᠭᠦᠨᠵᠡᠭᠡᠢᠷᠡᠭᠰᠡᠨ ᠴᠠᠭᠳᠠᠭ᠎ᠠ ᠠᠵᠠ ᠲᠣᠬᠢᠶᠠᠯ᠎ᠢ ᠨᠠᠨᠳᠢᠩᠨᠠᠵᠤ᠂ ᠱᠢᠨ᠎ᠡ ᠠᠵᠢᠯ᠎ᠤᠨ ᠪᠠᠢᠷᠢ ᠱᠢᠨ᠎ᠡ ᠱᠠᠭᠠᠷᠳᠠᠯᠭ᠎ᠠ᠎ᠳᠤ ᠳᠠᠷᠤᠢ ᠲᠦᠷᠭᠡᠨ ᠵᠣᠬᠢᠴᠠᠵᠤ ᠂ ᠠᠵᠢᠯᠯᠠᠬᠤ ᠵᠢᠨ ᠲᠤᠮᠳᠠ ᠰᠤᠷᠤᠯᠴᠠᠵᠤ᠂ ᠰᠤᠷᠤᠯᠴᠠᠬᠤ ᠵᠢᠨ ᠲᠤᠮᠳᠠ ᠠᠵᠢᠯᠯᠠᠬᠤ ᠵᠢ ᠪᠠᠷᠢᠮᠳᠠᠯᠠᠵᠤ᠂ ᠪᠤᠳᠤᠯᠢᠶᠠᠨᠲᠠᠢ ᠪᠠᠢᠳᠠᠯ᠎ᠢ ᠡᠵᠡᠮᠳᠡᠬᠦ᠌ ᠂ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠱᠢᠯᠡᠭᠦᠯᠬᠦ᠌ ᠬᠡᠷᠡᠭᠲᠡᠢ;  ᠪᠡᠶ᠎ᠡ᠎ᠪᠡᠨ ᠵᠠᠰᠠᠵᠤ᠂ ᠵᠣᠷᠢᠭᠲᠠᠢ ᠪᠡᠷ ᠠᠵᠢᠯᠯᠠᠵᠤ᠂ ᠦᠨᠳᠦᠰᠦᠨ ᠱᠠᠲᠤ᠎ᠶᠢ ᠦᠨᠡᠨ ᠪᠣᠳᠠᠲᠠᠢ᠎ᠪᠠᠷ ᠣᠢᠯᠠᠭᠠᠵᠤ ᠂ ᠦᠨᠡᠨ ᠰᠡᠳᠭᠢᠯ᠎ᠡᠴᠡ᠎ᠪᠡᠨ ᠦᠨᠳᠦᠰᠦᠨ ᠱᠠᠲᠤᠨ᠎ᠳᠤ ᠦᠢᠯᠡᠴᠢᠯᠡᠵᠦ᠍ ᠂ ᠦᠢᠯᠡᠳᠦᠯᠭᠡ᠎ᠶᠢᠨ ᠳᠤᠮᠳᠠ ᠥᠪᠡᠷ᠎ᠦᠨ ᠲᠡᠮᠦᠷ ᠮᠡᠲᠦ ᠪᠠᠲᠤ ᠪᠡᠬᠢ ᠬᠦᠰᠡᠯᠡᠩ ᠢᠲᠡᠭᠡᠯ ᠪᠢᠱᠢᠷᠡᠯ᠂ ᠲᠡᠮᠦᠷ ᠮᠡᠲᠦ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠲᠡᠮᠦᠷ ᠮᠡᠲᠦ ᠪᠠᠲᠤ ᠴᠢᠩᠭ᠎ᠠ ᠡᠷᠳᠡᠮ ᠴᠢᠳᠠᠪᠤᠷᠢ᠂ ᠲᠡᠮᠦᠷ ᠮᠡᠲᠦ ᠪᠠᠲᠤ ᠴᠢᠩᠭ᠎ᠠ ᠰᠠᠬᠢᠯᠭ᠎ᠠ ᠪᠠᠲᠤ ᠣᠪᠣᠷ ᠰᠤᠷᠲᠠᠯ ᠵᠢᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠬᠡᠵᠦ᠍ ᠱᠠᠭᠠᠷᠳᠠᠬ᠍ᠰᠠᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号