ᠬᠥᠭ᠌ᠵᠢᠭ᠌ᠰᠡᠨ ᠤᠯᠤᠰ᠎ᠤᠳ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠪᠡᠯᠡ ᠮᠥᠩᠭᠥ ᠬᠠᠩᠭᠠᠬᠤ ᠠᠮᠠᠯᠠᠯᠲᠠ᠎ᠪᠠᠨ ᠪᠡᠶᠡᠯᠡᠭᠦᠯᠬᠦ᠌᠎ᠶ᠋ᠢ ᠭᠦᠲᠸᠯᠸᠢᠢᠰ ᠳᠠᠬᠢᠨᠲᠠ ᠱᠠᠭᠠᠷᠳᠠᠪᠠ
2021-10-21 10:41:07
ᠵᠣᠬᠢᠶᠠᠭ᠍ᠴᠢ᠄
ᠸᠠᠩ ᠵᠢᠶᠠᠨ ᠭᠠᠩ ᠱᠠᠩ ᠱᠢᠤᠢ ᠴᠢᠶᠠᠨ
ᠣᠩᠱᠢᠭ᠍ᠰᠠᠨ ᠣᠳᠠᠭ᠎ᠠ᠄
★★★☆☆

ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠬᠦᠲ᠋ᠸᠯᠸᠢ᠌ᠰ 20 ᠤ᠋ ᠡᠳᠦᠷ ᠬᠥᠭ᠌ᠵᠢᠭ᠌ᠰᠡᠨ ᠤᠯᠤᠰ᠎ᠤᠳ ᠵᠢᠯ ᠪᠦᠷᠢ ᠨᠠᠭᠠᠳᠤ ᠵᠠᠬ᠎ᠠ᠎ᠳᠠᠭᠠᠨ 1000 ᠳ᠋ᠦᠩᠱᠢᠭᠤᠷ ᠳ᠋ᠣᠯᠯᠠᠷ ᠭᠠᠷᠭᠠᠵᠤ ᠬᠥᠭ᠌ᠵᠢᠵᠦ᠍ ᠪᠠᠢᠭ᠎ᠠ ᠤᠯᠤᠰ ᠎ᠤᠳ ᠠᠭᠤᠷ ᠠᠮᠢᠰᠭᠤᠯ᠎ᠤᠨ ᠬᠤᠪᠢᠷᠠᠯᠲᠠ᠎ᠵᠢ ᠠᠷᠭᠠᠴᠠᠭᠠᠬᠤ ᠵᠢ ᠬᠠᠪᠰᠤᠷᠬᠤ ᠠᠮᠠᠯᠠᠯᠲᠠ᠎ᠪᠠᠨ ᠪᠡᠶᠡᠯᠡᠭᠦᠯᠬᠦ᠌᠎ᠶ᠋ᠢ ᠳᠠᠬᠢᠨᠲᠠ ᠱᠠᠭᠠᠷᠳᠠᠵᠠᠢ᠃

2009 ᠣᠨ᠎ᠤ ᠺᠤᠫᠸᠨ᠋ᠬᠠᠭᠧᠨ᠎ᠤ ᠠᠭᠤᠷ ᠠᠮᠢᠰᠭᠤᠯ ᠎ᠤᠨ ᠶᠡᠬᠡ ᠬᠤᠷᠠᠯ ᠳᠡᠭᠡᠷ᠎ᠡ᠂ ᠬᠥᠭ᠌ᠵᠢᠭ᠌ᠰᠡᠨ ᠤᠯᠤᠰ᠎ᠤᠳ 2020 ᠣᠨ ᠡᠴᠡ ᠡᠮᠦᠨ᠎ᠡ ᠵᠢᠯ ᠪᠦᠷᠢ ᠨᠠᠭᠠᠳᠤ ᠵᠠᠬ᠎ᠠ᠎ᠳᠠᠭᠠᠨ 1000 ᠳ᠋ᠦᠩᠱᠢᠭᠤᠷ ᠳ᠋ᠣᠯᠯᠠᠷ᠎ᠤᠨ ᠪᠡᠯᠡ ᠮᠥᠩᠭᠥ᠌ ᠭᠠᠷᠭᠠᠵᠤ ᠬᠥᠭ᠌ᠵᠢᠵᠦ᠍ ᠪᠠᠢᠭ᠎ᠠ ᠤᠯᠤᠰ᠎ᠤᠳ᠎ᠤᠨ᠎ᠠᠭᠤᠷ ᠠᠮᠢᠰᠭᠤᠯ᠎ᠤᠨ ᠬᠤᠪᠢᠷᠠᠯᠲᠠ᠎ᠵᠢ ᠠᠷᠭᠠᠴᠠᠭᠠᠬᠤ ᠳ᠋ᠤ ᠬᠠᠪᠰᠤᠷᠤᠨ᠎ᠠ ᠭᠡᠵᠦ᠍ ᠠᠮᠠᠯᠠᠵᠠᠢ᠃ ᠭᠡᠪᠡᠴᠦ᠍ 10 ᠭᠠᠷᠤᠢ ᠵᠢᠯ᠎ᠦᠨ ᠲᠠᠷᠠᠭ᠎ᠠ ᠬᠥᠭ᠌ᠵᠢᠭ᠌ᠰᠡᠨ ᠤᠯᠤᠰ᠎ᠤᠳ ᠡᠨᠡ ᠬᠦ᠌ ᠠᠮᠠᠯᠠᠯᠲᠠ᠎ᠪᠠᠨ ᠮᠥᠨ ᠯᠡ ᠭᠦᠢᠴᠡᠳᠭᠡᠭᠡᠳᠦᠢ ᠪᠠᠢᠨ᠎ᠠ᠃ ᠠᠵᠤ ᠠᠬᠤᠶ᠎ᠶ᠋ᠢᠨ ᠬᠠᠮᠲᠤᠷᠠᠯᠴᠠᠭ᠎ᠠ ᠬᠢᠭᠡᠳ ᠬᠥᠭ᠌ᠵᠢᠯᠲᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠪᠤᠳᠤᠭ᠍ᠰᠠᠨ᠎ᠢ ᠦᠨᠳᠦᠰᠦᠯᠡᠪᠡᠯ᠂ ᠣᠳᠣᠬᠠᠨ᠎ᠳᠤ ᠠᠩᠬᠠᠳᠠᠭ᠍ᠴᠢ 1000 ᠳ᠋ᠦᠩᠱᠢᠭᠤᠷ ᠳ᠋ᠣᠯᠯᠠᠷ᠎ᠤᠨ ᠠᠭᠤᠷ ᠠᠮᠢᠰᠭᠤᠯ᠎ᠤᠨ ᠪᠠᠯᠠ ᠮᠥᠩᠭᠥ᠌ ᠮᠦᠨ ᠬᠦ᠌ 200 ᠳ᠋ᠦᠩᠱᠢᠭᠤᠷ ᠳ᠋ᠣᠯᠯᠠᠷ ᠳᠤᠲᠠᠭ᠍ᠳᠠᠵᠤ ᠪᠠᠢᠨ᠎ᠠ᠃

ᠭᠦᠲᠸᠯᠸᠢ᠌ᠰ ᠲᠤᠰ ᠡᠳᠦᠷ ᠠᠨᠭ᠌ᠭ᠌ᠯᠢ᠎ᠶ᠋ᠢᠨ ᠲᠡᠷᠢᠭᠦᠨ ᠰᠠᠢᠳ ᠵᠤᠨᠰᠤᠨ ᠲᠠᠢ ᠬᠠᠮᠲᠤ ᠨᠢᠭᠡᠨ ᠠᠯᠪᠠᠨ ᠤ᠋ ᠪᠤᠰᠤ ᠤᠳᠤᠷᠢᠳᠭᠤ ᠬᠥᠮᠦᠰ᠎ᠦᠨ ᠠᠭᠤᠷ ᠠᠮᠢᠰᠭᠤᠯ᠎ᠤᠨ ᠲᠤᠭᠤᠷᠢᠭ ᠱᠢᠷᠡᠭᠡᠨ᠎ᠦ ᠬᠤᠷᠠᠯ᠎ᠢ ᠬᠤᠷᠠᠯᠳᠤᠭᠤᠯᠪᠠ᠃ ᠲᠡᠷᠡ ᠬᠤᠷᠠᠯ᠎ᠤᠨ ᠳᠠᠷᠠᠭ᠎ᠠ ᠨᠢᠦ᠋ ᠶᠣᠷᠺ᠎ᠲᠠᠬᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠷᠦᠩᠬᠡᠶ ᠭᠠᠵᠠᠷ ᠰᠤᠷᠪᠤᠯᠵᠢᠯᠠᠭ᠍ᠴᠢ᠎ᠳᠤ᠂ ᠳᠡᠯᠡᠬᠡᠶ ᠨᠡᠢᠲᠡ᠎ᠪᠡᠷ᠎ᠢᠶᠡᠨ ᠲᠤᠰ ᠵᠠᠭᠤᠨ᠎ᠤ ᠡᠴᠦᠰ ᠪᠣᠯᠲᠠᠯ᠎ᠠ ᠠᠭᠠᠷ᠎ᠤᠨ ᠳᠤᠯᠠᠭᠠᠨ᠎ᠤ ᠳᠡᠭᠡᠭ᠌ᠰᠢᠯᠡᠬᠦ᠌ ᠬᠡᠮᠵᠢᠶ᠎ᠡ᠎ᠶ᠋ᠢ 1.5 ᠭᠷᠠᠳᠦ᠋ᠰ᠎ᠦᠨ ᠳᠣᠲᠣᠷ᠎ᠠ ᠬᠢᠵᠠᠭᠠᠷᠯᠠᠬᠤ ᠬᠠᠷᠠᠯᠲᠠ᠎ᠶ᠋ᠢ ᠪᠠᠲᠤ ᠴᠡᠭᠡᠵᠢᠯᠡᠵᠦ᠂ ᠬᠥᠭ᠌ᠵᠢᠭ᠌ᠰᠡᠨ ᠤᠯᠤᠰ᠎ᠤᠳ ᠵᠢᠯ ᠪᠦᠷᠢ ᠨᠠᠭᠠᠳᠤ ᠵᠠᠬ᠎ᠠ᠎ᠳᠠᠭᠠᠨ 1000 ᠳ᠋ᠦᠩᠱᠢᠭᠤᠷ ᠳ᠋ᠣᠯᠯᠠᠷ ᠭᠠᠷᠭᠠᠵᠤ ᠬᠥᠭ᠌ᠵᠢᠵᠦ᠍ ᠪᠠᠢᠭ᠎ᠠ ᠤᠯᠤᠰ᠎ᠤᠳ᠎ᠤᠨ ᠠᠭᠤᠷ ᠠᠮᠢᠰᠭᠤᠯ᠎ᠤᠨ ᠬᠤᠪᠢᠷᠠᠯᠳᠠ ᠵᠢ ᠠᠷᠭᠠᠴᠠᠭᠠᠬᠤ ᠳ᠋ᠤ ᠬᠡᠷᠡᠭ᠌ᠯᠡᠬᠦ᠌ ᠠᠮᠠᠯᠠᠯᠲᠠ᠎ᠪᠠᠨ ᠪᠡᠶᠡᠯᠡᠭᠦᠯᠪᠡᠯ ᠵᠣᠬᠢᠨ᠎ᠠ ᠭᠡᠵᠤ ᠬᠡᠯᠡᠵᠠᠢ᠃

《ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠲᠤᠬᠠᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠪᠦᠳᠦᠭᠦᠪᠴᠢ ᠨᠡᠢᠲᠡ᠎ᠶ᠋ᠢᠨ ᠭᠡᠷ᠎ᠡ》 ᠎ᠶ᠋ᠢᠨ 26 ᠎ᠳ᠋ᠤᠭᠠᠷ ᠤᠳᠠᠭᠠᠨ᠎ᠤ ᠭᠡᠷᠡᠲᠦ ᠲᠠᠯ᠎ᠠ᠎ᠶ᠋ᠢᠨ ᠶᠡᠬᠡ ᠬᠤᠷᠠᠯ (COP26)ᠢ᠋ ᠡᠨᠡ ᠵᠢᠯ᠎ᠦᠨ 10 ᠰᠠᠷ᠎ᠠ᠎ᠶ᠋ᠢᠨ 31 ᠤ᠋ ᠡᠳᠦᠷ᠎ᠡᠴᠡ 11 ᠰᠠᠷ᠎ᠠ ᠎ᠶ᠋ᠢᠨ 12 ᠤ᠋ᠨ ᠡᠳᠦᠷ ᠪᠣᠯᠲᠠᠯ᠎ᠠ ᠠᠨᠭ᠌ᠭ᠌ᠯᠢ ᠎ᠶ᠋ᠢᠨ ᠭᠯᠠᠰᠭ᠋ᠣ᠋ ᠎ᠳᠤ ᠬᠤᠷᠠᠯᠳᠤᠭᠤᠯᠬᠤ᠎ᠪᠠᠷ ᠲᠥᠯᠥᠪᠯᠡᠵᠦ᠍ ᠪᠠᠢᠨ᠎ᠠ᠃ ᠬᠦᠲ᠋ᠸᠯᠸᠢ᠌ᠰ᠂ ᠡᠯ᠎ᠡ ᠤᠯᠤᠰ᠎ᠤᠨ ᠤᠳᠤᠷᠢᠳᠭᠤ ᠬᠥᠮᠦᠰ᠎ᠢ ᠴᠢᠬᠤᠯᠠ ᠪᠦᠬᠦᠢ ᠠᠷᠭ᠎ᠠ ᠬᠡᠮᠵᠢᠶ᠎ᠠ ᠠᠪᠴᠤ᠌ ᠪᠠᠢᠭᠠᠳ ᠡᠨᠡ ᠤᠳᠠᠭ᠎ᠠ᠎ᠶ᠋ᠢᠨ ᠶᠡᠬᠡ ᠬᠤᠷᠠᠯ᠎ᠤᠨ ᠠᠮᠵᠢᠯᠲᠠ ᠤᠯᠬᠤ᠎ᠶ᠋ᠢ ᠪᠠᠲᠤᠯᠠᠵᠤ᠂ ᠲᠡᠭᠦᠨ᠎ᠢ 《 ᠵᠢᠩᠬᠢᠨᠢ ᠡᠷᠭᠢᠯᠲᠡ᠎ᠶ᠋ᠢᠨ ᠴᠡᠭ 》 ᠪᠤᠯᠭᠠᠬᠤ ᠬᠡᠷᠡᠭᠳᠡᠢ᠂ ᠬᠥᠭ᠌ᠵᠢᠭ᠌ᠰᠡᠨ ᠤᠯᠤᠰ᠎ᠤᠳ᠎ᠤᠨ ᠵᠢᠯ ᠪᠦᠷᠢ ᠵᠢᠨ 1000 ᠳ᠋ᠦᠩᠱᠢᠭᠤᠷ ᠳ᠋ᠣᠯᠯᠠᠷ᠎ᠤᠨ ᠠᠭᠤᠷ ᠠᠮᠢᠰᠭᠤᠯ᠎ᠤᠨ ᠪᠡᠯᠡ ᠮᠥᠩᠭᠥ᠌ ᠲᠤᠢᠯ᠎ᠤᠨ ᠴᠢᠬᠤᠯᠠ ᠭᠡᠵᠤ ᠬᠡᠯᠡᠵᠠᠢ᠃  ( ᠱᠢᠨᠬᠤᠸᠠ ᠬᠣᠷᠢᠶᠠᠨ᠎ᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 9 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号