ᠳᠤᠮᠳᠠᠳᠤ ᠤᠯᠤᠰ᠎ᠤᠨ ᠲᠤᠰᠠᠯᠠᠭ᠍ᠰᠠᠨ ᠳᠥᠷᠪᠡᠳᠦᠭᠡᠷ ᠪᠦᠯᠦᠭ᠎ᠱᠢᠨ᠎ᠡ ᠲᠢᠲᠢᠮᠯᠢᠭ ᠸᠠᠺᠼᠢᠨ᠎ᠢ ᠽᠢᠮᠪᠠᠪᠦ᠋ᠸᠧᠢ᠎ᠳᠦ ᠬᠦᠷᠭᠡᠪᠡ
2021-10-21 15:39:15
ᠵᠣᠬᠢᠶᠠᠭ᠍ᠴᠢ᠄
ᠵᠠᠩ ᠢᠦᠢ ᠯᠢᠶᠠᠩ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠽᠢᠮᠪᠠᠪᠦ᠋ᠸᠧᠢ᠎ᠶ᠋ᠢ ᠲᠤᠰᠠᠯᠠᠭ᠍ᠰᠠᠨ ᠳᠥᠷᠪᠡᠳᠦᠭᠡᠷ ᠪᠦᠯᠦᠭ ᠱᠢᠨ᠎ᠡ ᠲᠢᠲᠢᠮᠯᠢᠭ ᠸᠠᠺᠼᠢᠨ᠎ᠢ 26 ᠎ᠤ᠋ ᠦᠳᠡ᠎ᠶ᠋ᠢᠨ ᠬᠣᠢᠨ᠎ᠠ ᠨᠡᠢᠰᠯᠡᠯ ᠬᠠᠷᠠᠯᠸᠢ ᠳ᠋ᠤ ᠬᠦᠷᠭᠡᠪᠡ᠃ ᠽᠢᠮᠪᠠᠪᠦ᠋ᠸᠧᠢ᠎ᠶ᠋ᠢᠨ ᠳᠡᠳ᠋ ᠶᠡᠷᠦᠩᠬᠡᠢᠯᠡᠭ᠌ᠴᠢ ᠪᠥᠭᠡᠳ ᠡᠷᠡᠭᠦᠯ ᠬᠠᠮᠠᠭᠠᠯᠠᠯ᠎ᠤᠨ ᠶᠠᠮᠤᠨ᠎ᠤ ᠰᠠᠢᠳ ᠪᠤᠯᠬᠤ ᠴᠢᠸᠧᠩᠭ᠎ᠠ ᠽᠢᠮᠪᠠᠪᠦ᠋ᠸᠧᠢ᠎ᠶ᠋ᠢᠨ ᠲᠠᠯ᠎ᠠ᠎ᠶ᠋ᠢ ᠲᠥᠯᠥᠭᠡᠯᠡᠨ ᠸᠠᠺᠼᠢᠨ᠎ᠢ ᠬᠦᠯᠢᠶᠡᠨ ᠠᠪᠤᠪᠠ᠃

ᠽᠢᠮᠪᠠᠪᠦ᠋ᠸᠧᠢ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ ᠭᠦᠸᠧ ᠱᠤᠤ ᠴᠦᠨ᠂ ᠳᠤᠮᠳᠠᠳᠤ ᠽᠢᠮᠪᠠᠪᠦ᠋ᠸᠧᠢ ᠬᠣᠶᠠᠷ ᠤᠯᠤᠰ ᠮᠥᠷᠥ᠍ ᠵᠡᠷᠭᠡᠴᠡᠨ ᠬᠢᠵᠢᠭ᠎ᠲᠡᠶ ᠲᠡᠮᠡᠴᠡᠭᠡᠳ ᠦᠯᠡᠮᠵᠢ ᠦᠷ᠎ᠡ ᠪᠦᠲᠦᠭᠡᠯ ᠤᠯᠪᠠ᠃ ᠬᠣᠢᠱᠢᠳᠠ ᠬᠣᠶᠠᠷ ᠤᠯᠤᠰ ᠦᠷᠭᠦᠯᠵᠢᠯᠡᠨ ᠭᠠᠷ ᠬᠣᠯᠪᠣᠯᠴᠠᠨ᠂ ᠡᠮ ᠡᠮᠨᠡᠯᠭᠡ ᠡᠷᠡᠭᠦᠯ ᠬᠠᠮᠠᠭᠠᠯᠠᠯ᠎ᠢ ᠪᠠᠭ᠍ᠲᠠᠭᠠᠭ᠍ᠰᠠᠨ ᠡᠯ᠎ᠡ ᠬᠦᠷᠢᠶ᠎ᠠ ᠴᠠᠷᠠᠭᠠᠨ ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠣᠶᠠᠷ ᠤᠯᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠱᠢᠨ᠎ᠡ ᠦᠨᠳᠦᠷᠴᠡ᠎ᠳᠤ ᠬᠦᠷᠭᠡᠨ᠎ᠡ ᠭᠡᠵᠦ ᠢᠯᠡᠳᠭᠡᠪᠡ᠃

ᠽᠢᠮᠪᠠᠪᠦ᠋ᠸᠧᠶ 2 ᠰᠠᠷ᠎ᠠ᠎ᠶ᠋ᠢᠨ 15 ᠎ᠤ᠋ ᠡᠳᠦᠷ ᠳᠤᠮᠳᠠᠳᠤ ᠤᠯᠤᠰ᠎ᠤᠨ ᠲᠤᠰᠠᠯᠠᠭ᠍ᠰᠠᠨ ᠠᠩᠬᠠᠨ᠎ᠤ ᠪᠦᠯᠦᠭ ᠱᠢᠨ᠎ᠡ ᠲᠢᠲᠢᠮᠯᠢᠭ ᠸᠠᠺᠼᠢᠨ᠎ᠢ ᠭᠥᠯᠢᠶᠡᠨ ᠠᠪᠤᠭ᠍ᠰᠠᠨ ᠪᠥᠭᠡᠳ ᠲᠠᠷᠢᠯᠭ᠎ᠠ ᠬᠢᠬᠦ᠌ ᠠᠵᠢᠯ ᠎ᠢ ᠦᠳᠲᠡᠷ ᠲᠦᠷᠭᠡᠨ ᠪᠠᠢᠷᠢᠯᠠᠭᠤᠯᠪᠠ᠃ ᠡᠭᠦᠨ᠎ᠡᠴᠡ ᠰᠡᠭᠦᠯᠡᠷ ᠽᠢᠮᠪᠠᠪᠦ᠋ᠸᠧᠢ ᠎ᠶ᠋ᠢᠨ ᠬᠢᠨ ᠪᠠᠰᠠ ᠬᠣᠶᠠᠷ ᠪᠦᠯᠦᠭ ᠳᠤᠮᠳᠠᠳᠤ ᠤᠯᠤᠰ᠎ᠤᠨ ᠲᠤᠰᠠᠯᠠᠭ᠍ᠰᠠᠨ ᠱᠢᠨ᠎ᠡ ᠲᠢᠲᠢᠮᠯᠢᠭ ᠸᠠᠺᠼᠢᠨ᠎ᠢ ᠬᠦᠯᠢᠶᠡᠨ ᠠᠪᠤᠪᠠ᠃ ᠡᠭᠦᠨ᠎ᠡᠴᠡ ᠭᠠᠳᠠᠨ᠎ᠠ᠂ ᠽᠢᠮᠪᠠᠪᠦ᠋ᠸᠧᠢ᠎ᠶ᠋ᠢᠨ ᠵᠠᠰᠠᠭ᠎ᠤᠨ ᠣᠷᠳᠣᠨ ᠪᠠᠰᠠ ᠳᠤᠮᠳᠠᠳᠤ ᠤᠯᠤᠰ᠎ᠡᠴᠡ ᠶᠡᠬᠡ ᠬᠡᠮᠵᠢᠶᠡᠨ᠎ᠤ ᠱᠢᠨ᠎ᠡ ᠲᠢᠲᠢᠮᠯᠢᠭ ᠸᠠᠺᠼᠢᠨ ᠎ᠢ ᠬᠤᠳᠠᠯᠳᠤᠨ ᠠᠪᠴᠠᠢ᠃ (ᠱᠢᠨᠬᠤᠸᠠ ᠬᠣᠷᠢᠶᠠᠨ᠎ᠤ ᠬᠠᠷᠠᠯᠸᠢ ᠵᠢᠨ 9 ᠰᠠᠷ᠎ᠠ᠎ᠶ᠋ᠢᠨ 26 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号