9 ᠰᠠᠷ᠎ᠠ᠎ᠶ᠋ᠢᠨ 21 ᠤ᠋ ᠡᠳᠦᠷ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠬᠥᠮᠦᠨ᠎ᠦ ᠡᠷᠬᠡ᠎ᠶ᠋ᠢᠨ ᠬᠡᠷᠡᠭ ᠡᠷᠬᠢᠯᠡᠭ᠌ᠴᠢᠳ᠎ᠦᠨ ᠬᠤᠷᠠᠯ᠎ᠤᠨ 48 ᠳ᠋ᠤᠭᠠᠷ ᠬᠤᠭᠤᠴᠠᠭᠠᠨ᠎ᠤ ᠬᠤᠷᠠᠯ᠎ᠤᠨ ᠬᠢᠨ ᠬᠥᠯᠥᠰᠥᠨ ᠴᠡᠷᠢᠭ᠎ᠦᠨ ᠠᠰᠠᠭᠤᠳᠠᠯ᠎ᠤᠨ ᠠᠵᠢᠯ᠎ᠤᠨ ᠳᠤᠭᠤᠢᠯᠠᠩ᠎ᠲᠠᠶ ᠶᠠᠷᠢᠯᠴᠠᠭ᠎ᠠ ᠬᠢᠪᠠ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠵᠧᠨᠧᠸᠠ᠎ᠳᠤ ᠪᠠᠢᠩᠭᠤ ᠰᠠᠭᠤᠭ᠎ᠠ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠡᠯᠴᠢᠨ ᠠᠮᠧᠷᠢᠺᠠ᠂ ᠠᠦ᠋ᠰᠲ᠋ᠷᠠᠯᠢᠶ᠎ᠠ ᠵᠢ ᠦᠨᠡᠨ ᠬᠦ᠌ ᠠᠷᠭ᠎ᠠ ᠬᠡᠮᠵᠢᠶ᠎ᠠ ᠠᠪᠴᠤ᠌ ᠪᠠᠢᠭᠠᠳ ᠬᠤᠪᠢ᠎ᠶ᠋ᠢᠨ ᠡᠵᠡᠩᠨᠡᠯᠲᠡ᠎ᠶ᠋ᠢᠨ ᠠᠮᠤᠷ᠎ᠢ ᠬᠠᠮᠠᠭᠠᠯᠠᠬᠤ ᠺᠣᠮᠫᠠᠨᠢ ᠪᠠᠨ ᠪᠦᠲᠦᠮᠵᠢᠲᠡᠢ ᠬᠢᠨᠠᠨ ᠬᠠᠮᠢᠶᠠᠷᠬᠤ ᠬᠡᠷᠡᠭ᠌ᠲᠡᠢ ᠭᠡᠵᠦ᠍ ᠱᠠᠭᠠᠷᠳᠠᠪᠠ᠃
ᠵᠢᠶᠠᠩ ᠳ᠋ᠤᠸᠠᠨ᠂ ᠳᠤᠮᠳᠠᠳᠤ ᠤᠯᠤᠰ ᠠᠮᠧᠷᠢᠺᠠ᠂ ᠠᠦ᠋ᠰᠲ᠋ᠷᠠᠯᠢᠶ᠎ᠠ ᠵᠡᠷᠭᠡ ᠤᠯᠤᠰ᠎ᠤᠨ ᠬᠤᠪᠢ ᠶ᠋ᠢᠨ ᠡᠵᠡᠩᠨᠡᠯᠳᠡ ᠵᠢᠨ ᠴᠡᠷᠢᠭ ᠦᠨ ᠶᠠᠪᠤᠳᠠᠯ ᠪᠠ ᠠᠮᠤᠷ᠎ᠢ ᠬᠠᠮᠠᠭᠠᠯᠠᠬᠤ ᠦᠶ᠋ᠯᠡᠴᠢᠯᠡᠭᠡ᠎ᠳᠦ ᠢᠯᠡ ᠲᠣᠳᠣ᠎ᠶ᠋ᠢᠨ ᠬᠡᠮᠵᠢᠶ᠎ᠡ᠂ ᠬᠢᠨᠠᠯᠲᠠ ᠬᠠᠮᠢᠶᠠᠷᠤᠯᠲᠠ ᠪᠠ ᠬᠠᠷᠢᠭᠤᠴᠠᠯᠭ᠎ᠠ ᠨᠡᠬᠡᠮᠵᠢᠯᠡᠬᠦ᠌ ᠲᠠᠯ᠎ᠠ ᠪᠡᠷ ᠳᠤᠳᠠᠮᠠᠭ ᠪᠠᠢᠬᠤ᠎ᠶ᠋ᠢ ᠠᠩᠬᠠᠷᠴᠤ᠌ ᠪᠠᠢᠨ᠎ᠠ᠃ ᠠᠮᠧᠷᠢᠺᠠ᠎ᠶ᠋ᠢᠨ ᠨᠢᠭᠡᠨ ᠬᠤᠪᠢ᠎ᠶ᠋ᠢᠨ ᠡᠵᠡᠩᠨᠡᠯᠲᠡ᠎ᠶ᠋ᠢᠨ ᠠᠮᠤᠷ᠎ᠢ ᠬᠠᠮᠠᠭᠠᠯᠠᠬᠤ ᠺᠣᠮᠫᠠᠨᠢ᠎ᠶ᠋ᠢᠨ ᠠᠵᠢᠯᠲᠠᠨ ᠭᠠᠳᠠᠭᠠᠳᠤ᠎ᠳᠤ ᠡᠭᠡᠯ ᠠᠷᠠᠳ᠎ᠢ ᠳᠤᠷ᠎ᠠ᠎ᠪᠠᠷ᠎ᠢᠶᠠᠨ ᠬᠢᠳᠤᠨ ᠠᠯᠠᠵᠤ᠂ ᠬᠦᠨᠳᠦ ᠨᠣᠴᠢᠲᠠᠶ ᠶᠠᠯᠠᠲᠤ ᠠᠵᠢᠯᠯᠠᠭ᠎ᠠ ᠬᠢᠭᠰᠡᠨ ᠪᠠᠢᠳᠠᠯ᠎ᠠ ᠠᠮᠧᠷᠢᠺᠠ᠎ᠶ᠋ᠢᠨ ᠵᠠᠰᠠᠭ᠎ᠤᠨ ᠣᠷᠳᠣᠨ ᠶᠠᠯ᠎ᠠ ᠡᠴᠡ ᠬᠡᠯᠳᠦᠷᠢᠭᠦᠯᠪᠡ᠃ ᠠᠦ᠋ᠰᠲ᠋ᠷᠠᠯᠢᠶ᠎ᠠ᠎ᠶ᠋ᠢᠨ ᠲᠦᠷ ᠬᠣᠷᠢᠬᠤ ᠭᠠᠵᠠᠷ ᠨᠢ ᠭᠠᠴᠢᠭᠳᠠᠯ᠎ᠳᠤ ᠨᠡᠭᠦᠳᠡᠯ ᠠᠷᠠᠳ᠎ᠢ ᠣᠷᠳᠣ ᠬᠤᠭᠤᠴᠠᠭ᠎ᠠ᠎ᠪᠠᠷ ᠶᠡᠬᠡ ᠬᠡᠮᠵᠢᠶ᠎ᠡ᠎ᠪᠡᠷ ᠬᠣᠷᠢᠵᠤ᠂ ᠬᠥᠮᠦᠨ᠎ᠦ ᠡᠷᠬᠡ᠎ᠳᠦ ᠬᠠᠯᠳᠠᠭ᠍ᠰᠠᠨ ᠦᠵᠡᠭ᠌ᠳᠡᠯ ᠬᠥᠮᠦᠨ᠎ᠢ ᠰᠣᠴᠢᠭᠠᠮ᠎ᠠ ᠬᠡᠮᠵᠢᠶᠡᠨ᠎ᠳᠦ ᠬᠦᠷᠴᠡᠶ᠃ ᠬᠤᠪᠢ᠎ᠶ᠋ᠢᠨ ᠡᠵᠡᠩᠨᠡᠯᠳᠡ ᠵᠢᠨ ᠠᠮᠤᠷ᠎ᠢ ᠬᠠᠮᠠᠭᠠᠯᠠᠬᠤ ᠺᠣᠮᠫᠠᠨᠢ᠎ᠳᠤ ᠳᠠᠭᠠᠭᠠᠴᠢᠯᠠᠭᠤᠯᠤᠭᠰᠠᠨ ᠲᠦᠷ ᠬᠣᠷᠢᠬᠤ ᠭᠠᠵᠠᠷ᠎ᠤᠨ ᠣᠷᠣᠱᠢᠨ ᠠᠮᠢᠳᠤᠷᠠᠬᠤ ᠨᠥᠬᠥᠴᠡᠯ ᠨᠢ ᠮᠠᠭᠤ ᠪᠠᠢᠵᠤ᠂ ᠬᠣᠷᠢᠭ᠍ᠳᠠᠭ᠍ᠰᠠᠳᠤᠨ ᠪᠡᠶ᠎ᠡ ᠰᠡᠳᠭᠢᠯ ᠨᠢ ᠤᠷᠲᠤ ᠬᠤᠭᠤᠴᠠᠭ᠎ᠠ᠎ᠪᠠᠷ ᠲᠠᠯᠬᠢᠭ᠍ᠳᠠᠵᠤ᠂ ᠬᠡᠪ᠎ᠦᠨ ᠪᠤᠰᠤ᠎ᠪᠠᠷ ᠦᠬᠦᠬᠦ᠌ ᠦᠵᠡᠭ᠌ᠳᠡᠯ ᠪᠠᠢᠨ ᠳᠠᠬᠢᠨ ᠭᠠᠷᠴᠤ᠌ ᠪᠠᠢᠨ᠎ᠠ᠃ ᠠᠮᠧᠷᠢᠺᠠ᠂ ᠠᠦ᠋ᠰᠲ᠋ᠷᠠᠯᠢᠶ᠎ᠠ᠎ᠶ᠋ᠢᠨ ᠵᠠᠰᠠᠭ᠎ᠤᠨ ᠣᠷᠳᠣᠨ ᠬᠣᠯᠪᠣᠭ᠍ᠳᠠᠯ ᠪᠦᠬᠦᠢ ᠬᠤᠪᠢ᠎ᠶ᠋ᠢᠨ ᠡᠵᠡᠩᠨᠡᠯᠲᠡ᠎ᠶ᠋ᠢᠨ ᠠᠮᠤᠷ᠎ᠢ ᠬᠠᠮᠠᠭᠠᠯᠠᠬᠤ ᠺᠣᠮᠫᠠᠨᠢ᠎ᠳᠤ ᠪᠦᠲᠦᠮᠵᠢᠲᠡᠢ ᠬᠢᠨᠠᠨ ᠬᠠᠮᠢᠶᠠᠷᠬᠤ ᠠᠷᠭ᠎ᠠ ᠬᠡᠮᠵᠢᠶ᠎ᠠ ᠠᠪᠤᠭ᠍ᠰᠠᠨ ᠦᠭᠡᠢ᠂ ᠪᠤᠰᠤᠳ ᠤᠯᠤᠰ᠎ᠤᠨ ᠡᠭᠡᠯ ᠠᠷᠠᠳ ᠪᠣᠯᠤᠨ ᠭᠠᠴᠢᠭ᠍ᠳᠠᠯᠳᠤ ᠨᠡᠭᠦᠳᠡᠯ ᠠᠷᠠᠳ᠎ᠤᠨ ᠬᠥᠮᠦᠨ᠎ᠦ ᠡᠷᠬᠡ᠎ᠳᠦ ᠬᠦᠨᠳᠦ ᠨᠣᠴᠢᠲᠠᠢ ᠬᠠᠯᠳᠠᠵᠤ᠂ ᠨᠡᠩ ᠴᠤ᠌ ᠶᠠᠯ᠎ᠠ ᠬᠢᠭ᠌ᠰᠡᠨ ᠴᠦ᠍ ᠱᠢᠢᠳᠭᠡᠬᠦ᠌ ᠦᠭᠡᠢ ᠪᠤᠯᠵᠤ ᠪᠠᠢᠨ᠎ᠠ᠃ ᠠᠮᠧᠷᠢᠺᠠ᠂ ᠠᠦ᠋ᠰᠲ᠋ᠷᠠᠯᠢᠶ᠎ᠠ ᠵᠡᠷᠭᠡ ᠤᠯᠤᠰ ᠬᠥᠮᠦᠨ᠎ᠦ ᠡᠷᠬᠡ᠎ᠶ᠋ᠢ ᠦᠨᠡᠨ ᠬᠦ᠌ ᠬᠦᠨᠳᠦᠳᠭᠡᠨ ᠬᠠᠮᠠᠭᠠᠯᠠᠵᠤ᠂ ᠦᠨᠡᠨ ᠬᠦ᠌ ᠠᠷᠭ᠎ᠠ ᠬᠡᠮᠵᠢᠶ᠎ᠡ ᠠᠪᠴᠤ᠌ ᠪᠠᠢᠭᠠᠳ ᠬᠤᠪᠢ᠎ᠶ᠋ᠢᠨ ᠡᠵᠡᠩᠨᠡᠯᠲᠡ᠎ᠶ᠋ᠢᠨ ᠠᠮᠤᠷ᠎ᠢ ᠬᠠᠮᠠᠭᠠᠯᠠᠬᠤ ᠺᠣᠮᠫᠠᠨᠢ᠎ᠶ᠋ᠢᠨ ᠠᠵᠢᠯᠯᠠᠭ᠎ᠠ᠎ᠶ᠋ᠢ ᠪᠦᠲᠦᠮᠵᠢᠲᠡᠶ ᠬᠢᠨᠠᠨ ᠬᠠᠮᠢᠶᠠᠷᠴᠤ᠌᠂ ᠬᠥᠮᠦᠨ᠎ᠦ ᠡᠷᠬᠡ᠎ᠳᠦ ᠬᠠᠯᠳᠠᠬᠤ ᠦᠶ᠋ᠯᠡ ᠠᠵᠢᠯᠯᠠᠭ᠎ᠠ᠎ᠶ᠋ᠢ ᠰᠡᠷᠭᠡᠢᠯᠡᠵᠦ᠍᠂ ᠬᠥᠮᠦᠨ᠎ᠦ ᠡᠷᠬᠡ᠎ᠳᠦ ᠬᠠᠯᠳᠠᠭ᠍ᠰᠠᠳ ᠡᠴᠡ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠳᠤᠮᠳᠠᠳᠤ ᠤᠯᠤᠰ ᠤᠷᠢᠶᠠᠯᠠᠵᠤ ᠪᠠᠢᠨ᠎ᠠ ᠭᠡᠵᠤ ᠢᠯᠡᠳᠭᠡᠵᠠᠢ᠃ (ᠱᠢᠨᠬᠤᠸᠠ ᠬᠣᠷᠢᠶᠠᠨ᠎ᠤ ᠵᠧᠨᠧᠸᠠᠶ᠋ᠢᠨ 9 ᠰᠠᠷ᠎ᠠ᠎ᠶ᠋ᠢᠨ 21 ᠤ᠋ ᠴᠠᠬᠢᠯᠭᠠᠨ ᠮᠡᠳᠡᠭᠡ)
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号