ᠤᠢᠷ᠎ᠡ ᠳᠦ ᠂ ᠲᠦᠩᠯᠢᠶᠣᠤ ᠬᠤᠲᠠ᠎ᠶᠢᠨ ᠮᠣᠩᠭᠤᠯ ᠡᠮᠨᠡᠯᠭᠡ᠎ᠶᠢᠨ ᠶᠠᠰᠤ ᠪᠠᠷᠢᠬᠤ
ᠴᠢᠳᠠᠪᠤᠷᠢᠲᠠᠨ᠎ᠢ ᠳᠠᠪᠲᠠᠨ ᠪᠣᠯᠪᠠᠰᠤᠷᠠᠭᠤᠯᠬᠤ ᠰᠠᠭᠤᠷᠢᠨ᠎ᠤ ᠫᠠᠢᠰᠠ ᠡᠯᠭᠦᠬᠦ᠌ ᠵᠢᠴᠢ ᠮᠣᠩᠭᠤᠯ ᠡᠮᠨᠡᠯᠭᠡ᠎ᠶᠢᠨ
ᠶᠠᠰᠤ ᠪᠠᠷᠢᠬᠤ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠳᠡᠭᠡᠭᠱᠢᠯᠡᠭᠦᠯᠬᠦ᠌ ᠪᠣᠯᠪᠠᠰᠤᠷᠠᠯ᠎ᠤᠨ ᠠᠩᠭᠢ᠎ᠶᠢᠨ
ᠰᠤᠷᠤᠯᠭ᠎ᠠ ᠡᠬᠢᠯᠡᠬᠦ᠌ ᠶᠣᠰᠣᠯᠠᠯ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶᠢᠨ ᠬᠠᠷᠢᠶᠠᠲᠤ
ᠡᠮᠨᠡᠯᠭᠡ᠎ᠶᠢᠨ ᠬᠤᠷᠢᠶ᠎ᠠ᠎ᠳᠤ ᠶᠠᠪᠤᠭᠳᠠᠪᠠ ᠃

ᠣᠢᠯᠠᠭᠠᠭᠰᠠᠨᠵᠢᠡᠷ ᠂ ᠮᠣᠩᠭᠤᠯ ᠡᠮᠨᠡᠯᠭᠡ᠎ᠶᠢᠨ ᠶᠠᠰᠤ ᠪᠠᠷᠢᠬᠤ ᠮᠡᠷᠭᠡᠵᠢᠯ᠎ᠨᠢ
ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠎ᠤᠨ ᠨᠢᠭᠡ ᠪᠣᠯᠤᠭᠰᠠᠨ᠎ᠤ ᠬᠤᠪᠢ᠎ᠳᠤ᠂
ᠭᠠᠷ ᠠᠪᠤᠯᠭ᠎ᠠ᠎ᠪᠠᠷ ᠪᠡᠷᠳᠡᠭᠰᠡᠨ ᠶᠠᠰᠤ᠎ᠶᠢ ᠣᠷᠣᠨ ᠪᠠᠢᠷᠢ᠎ᠳᠤᠨᠢ ᠣᠷᠣᠭᠤᠯᠬᠤ ᠂ ᠬᠠᠪᠲᠠᠰᠤ᠎ᠪᠠᠷ ᠪᠠᠬᠢᠯᠡᠨ
ᠲᠣᠭᠲᠠᠭᠠᠬᠤ᠎ᠪᠠᠷ ᠭᠤᠤᠯ ᠪᠣᠯᠭᠠᠨ᠂ ᠢᠯᠢᠵᠦ᠍ ᠨᠤᠬᠤᠯᠠᠬᠤ᠂ ᠡᠮ ᠲᠠᠩ ᠤᠤᠭᠤᠯᠭᠠᠬᠤ ᠂ ᠴᠢᠳᠠᠮᠵᠢ᠎ᠶᠢᠨ ᠪᠣᠯᠪᠠᠰᠤᠷᠠᠯ
ᠬᠢᠯᠭᠡᠬᠦ᠌ ᠵᠡᠷᠭᠡ ᠵᠠᠰᠠᠯᠭ᠎ᠠ᠎ᠪᠠᠷ ᠬᠠᠪᠰᠤᠷᠤᠮᠵᠢ ᠪᠣᠯᠭᠠᠵᠤ᠂ ᠮᠡᠰᠡ ᠵᠠᠰᠠᠯ ᠬᠢᠬᠦ᠌ ᠥᠬᠡᠶ ᠂ ᠱᠢᠷᠬ᠎ᠠ ᠰᠤᠷᠪᠢ
ᠦᠯᠡᠳᠡᠭᠡᠬᠦ᠌ ᠥᠬᠡᠶ ᠂ ᠭᠡᠮᠲᠦᠯ ᠪᠠᠭ᠎ᠠ ᠂ ᠡᠳᠡᠭᠡᠷᠡᠬᠦ᠌ᠨᠢ ᠲᠦᠷᠭᠡᠨ ᠵᠡᠷᠭᠡ ᠳᠠᠪᠠᠭᠤᠯᠢᠭ᠎ᠲᠠᠢ ᠪᠠᠢᠵᠤ
᠂ ᠣᠷᠳᠣ ᠬᠤᠭᠤᠴᠠᠭᠠᠨ᠎ᠤ ᠲᠤᠷᠰᠢ ᠥᠪᠡᠷᠮᠢᠴᠡ ᠣᠨᠴᠠᠭᠠᠶ ᠵᠠᠰᠠᠯᠭ᠎ᠠ᠎ᠶᠢᠨ ᠦᠷ᠎ᠡ ᠪᠦᠲᠥᠮᠵᠢᠪᠠᠷᠵᠢᠡᠨ ᠥᠷᠭᠡᠨ
ᠣᠯᠠᠨ ᠡᠪᠡᠳᠴᠢᠲᠡᠨ᠎ᠳᠤ ᠪᠤᠶᠠᠨ ᠦᠢᠯᠡᠳᠦᠭᠰᠡᠭᠡᠷ ᠢᠷᠡᠪᠠ
᠃
ᠲᠣᠰ ᠤᠳᠠᠭᠠᠨ᠎ᠤ ᠠᠵᠢᠯᠯᠠᠭ᠎ᠠ᠎ᠶᠢ ᠲᠦᠩᠯᠢᠶᠣᠤ ᠬᠤᠲᠠ᠎ᠶᠢᠨ ᠡᠷᠡᠭᠦᠯ ᠬᠠᠮᠠᠭᠠᠯᠠᠯ
ᠡᠷᠡᠭᠦᠯ ᠮᠡᠨᠳᠦ᠍᠎ᠶᠢᠨ ᠵᠥᠪᠯᠡᠯ ᠡᠴᠡ ᠭᠤᠤᠯᠯᠠᠨ ᠡᠷᠭᠢᠯᠡᠵᠠᠢ ᠂ ᠲᠤᠰ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ
ᠪᠦᠷᠢᠯᠳᠦᠬᠦᠨ᠂ ᠳᠡᠳ᠋ ᠡᠷᠬᠢᠯᠡᠭᠴᠢ ᠵᠧᠩ ᠭᠦᠸᠧ ᠴᠢᠩ ᠄《ᠮᠣᠩᠭᠤᠯ ᠡᠮᠨᠡᠯᠭᠡ᠎ᠶᠢᠨ ᠶᠠᠰᠤ
ᠪᠠᠷᠢᠬᠤ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢᠨ ᠪᠠᠢᠭᠤᠯᠤᠯᠲᠠ᠎ᠶᠢ ᠠᠬᠢᠭᠤᠯᠬᠤ᠎ᠨᠢ ᠮᠤᠩᠭᠤᠯ ᠬᠢᠲᠠᠳ ᠡᠮ
ᠡᠮᠨᠡᠯᠭᠡ᠎ᠶᠢᠨ ᠤᠯᠠᠮᠵᠢᠯᠠᠨ ᠵᠠᠯᠭᠠᠮᠵᠢᠯᠠᠵᠤ ᠱᠢᠨ᠎ᠡ᠎ᠶᠢ ᠡᠭᠦᠳᠦᠨ ᠬᠥᠭᠵᠢᠬᠦ᠌ ᠠᠮᠢᠵᠢᠷᠠᠯ᠎ᠤᠨ ᠬᠦᠴᠦᠨ᠎ᠢ ᠴᠢᠨᠠᠭᠱᠢᠳᠠ ᠴᠢᠡᠭᠭᠠᠷᠠᠭᠤᠯᠵᠤ ᠂ ᠠᠷᠠᠳ ᠲᠦᠮᠡᠨ᠎ᠤ ᠡᠷᠡᠭᠦᠯ
ᠮᠡᠨᠳᠦ᠍᠎ᠶᠢ ᠪᠠᠲᠤᠯᠠᠬᠤ ᠂ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭᠵᠢᠯᠲᠡ᠎ᠶᠢ ᠠᠬᠢᠭᠤᠯᠬᠤ ᠂ ᠦᠨᠳᠦᠰᠦᠲᠡᠨ᠎ᠤ
ᠰᠣᠶᠣᠯ᠎ᠤᠨ ᠢᠲᠡᠭᠡᠯ᠎ᠢ ᠨᠡᠮᠡᠭᠳᠡᠭᠦᠯᠬᠦ᠌᠎ᠳᠤ ᠴᠥᠮ ᠢᠳᠡᠪᠬᠢᠲᠡᠶ ᠠᠴᠢ ᠬᠤᠯᠪᠣᠭᠳᠠᠯ᠎ᠲᠠᠢ ᠶᠤᠮ 》
ᠭᠡᠪᠡ ᠃
ᠡᠨᠡ ᠵᠢᠯ ᠪᠣᠯ 《 ᠲᠦᠩᠯᠢᠶᠣᠤ ᠬᠤᠲᠠ᠎ᠶᠢᠨ ᠮᠣᠩᠭᠤᠯ ᠡᠮᠨᠡᠯᠭᠡ᠎ᠶᠢᠨ ᠶᠠᠰᠤ ᠪᠠᠷᠢᠬᠤ ᠮᠡᠷᠭᠡᠵᠢᠯ᠎ᠤᠨ ᠬᠠᠮᠠᠭᠠᠯᠠᠯᠲᠠ᠎ᠶᠢᠨ
ᠲᠦᠷᠢᠮ 》 ᠢ ᠬᠡᠷᠡᠭᠵᠢᠭᠦᠯᠦᠭᠰᠡᠨ ᠠᠩᠬᠠᠳᠠᠬ᠍ᠴᠢ ᠵᠢᠯ ᠪᠣᠯᠤᠨ᠎ᠠ ᠂ ᠮᠣᠩᠭᠤᠯ
ᠡᠮᠨᠡᠯᠭᠡ᠎ᠶᠢᠨ ᠶᠠᠰᠤ ᠪᠠᠷᠢᠬᠤ ᠴᠢᠳᠠᠪᠤᠷᠢᠲᠠᠨ᠎ᠢ ᠳᠠᠪᠲᠠᠨ ᠪᠣᠯᠪᠠᠰᠤᠷᠠᠭᠤᠯᠬᠤ ᠰᠠᠭᠤᠷᠢᠨ ᠫᠠᠢᠰᠠ ᠡᠯᠭᠦᠨ
ᠪᠠᠢᠭᠤᠯᠤᠭᠳᠠᠬ᠍ᠰᠠᠨ ᠶᠠᠪᠤᠳᠠᠯ᠎ᠨᠢ ᠲᠦᠩᠯᠢᠶᠣᠤ ᠬᠤᠲᠠ᠎ᠶᠢᠨ ᠮᠣᠩᠭᠤᠯ ᠡᠮᠨᠡᠯᠭᠡ᠎ᠶᠢᠨ ᠶᠠᠰᠤ ᠪᠠᠷᠢᠬᠤ ᠮᠡᠷᠭᠡᠵᠢᠯ᠎ᠤᠨ
ᠤᠯᠠᠮᠵᠢᠯᠠᠯ ᠪᠠ ᠱᠢᠨ᠎ᠡ᠎ᠶᠢ ᠡᠭᠦᠳᠬᠦ᠌ ᠠᠵᠢᠯ᠎ᠢ ᠠᠬᠢᠭᠤᠯᠵᠤ ᠂ ᠣᠨᠣᠯ᠎ᠤᠨ ᠱᠢᠰᠲ᠋ᠧᠮ᠎ᠢ ᠲᠠᠰᠤᠷᠠᠯᠲᠠ ᠥᠬᠡᠶ
ᠲᠡᠭᠦᠯᠳᠡᠷᠵᠢᠭᠦᠯᠦᠨ᠂ ᠡᠮᠴᠢᠯᠡᠭᠡᠨ᠎ᠤ ᠳᠠᠪᠠᠭᠤᠯᠢᠭ ᠲᠤᠷᠱᠢᠯᠭ᠎ᠠ᠎ᠶᠢ ᠳᠡᠯᠭᠡᠷᠡᠭᠦᠯᠦᠨ ᠳ᠋ᠦᠩᠨᠡᠬᠦ᠌᠎ᠶᠢᠨ ᠬᠠᠮᠲᠤ
ᠮᠣᠩᠭᠤᠯ ᠡᠮᠨᠡᠯᠭᠡ᠎ᠶᠢᠨ ᠶᠠᠰᠤ ᠪᠠᠷᠢᠬᠤ ᠴᠢᠳᠠᠪᠤᠷᠢᠲᠠᠨ᠎ᠤ ᠡᠩᠨᠡᠭᠡ᠎ᠶᠢ ᠪᠤᠵᠠᠭᠠᠢ᠍ᠢᠷᠠᠭᠤᠯᠵᠤ ᠂ ᠲᠦᠩᠯᠢᠶᠣᠤ
ᠬᠤᠲᠠ᠎ᠶᠢᠨ ᠮᠣᠩᠭᠤᠯ ᠡᠮᠨᠡᠯᠭᠡ᠎ᠶᠢᠨ ᠣᠨᠴᠠᠯᠢᠭᠲᠤ ᠦᠢᠯᠡᠴᠢᠯᠡᠭᠡᠨ᠎ᠤ ᠱᠢᠨ᠎ᠡ ᠱᠠᠲᠤ ᠦᠶ᠎ᠡ᠎ᠶᠢ ᠨᠡᠭᠡᠭᠡᠭᠰᠡᠨ
ᠶᠠᠪᠤᠳᠠᠯ ᠪᠤᠯᠤᠨ᠎ᠠ᠃