ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠵᠤ ᠲᠡᠮᠡᠴᠡᠯ᠎ᠦ᠋ᠨ ᠬᠦᠴᠦᠨ᠎ᠢ᠋ ᠨᠢᠬᠳᠠᠷᠠᠭᠤᠯᠰᠤᠭᠠᠢ
2021-10-21 10:02:04
ᠵᠣᠬᠢᠶᠠᠭ᠍ᠴᠢ᠄
ᠸᠠᠩ ᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠬᠤᠷᠠᠯᠳᠤᠭᠰᠠᠨ ᠲᠥᠪ᠎ᠦ᠋ᠨ ᠦᠨᠳᠦᠰᠦᠲᠡᠨ᠎ᠦ᠌ ᠠᠵᠢᠯ᠎ᠤ᠋ᠨ ᠬᠤᠷᠠᠯ ᠳᠡᠭᠡᠷ᠎ᠡ᠂ ᠶᠡᠷᠦᠩᠬᠡᠢ ᠱᠦᠵᠢ ᠱ᠋ᠢ ᠵᠢᠨ ᠫᠢᠩ᠂ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠵᠤ᠂ ᠦᠨᠳᠦᠰᠦᠲᠡᠨ᠎ᠨᠦ᠍ᠭᠦᠳ᠎ᠦ᠋ᠨ ᠬᠦᠮᠦᠨ᠎ᠤ ᠰᠡᠳᠬᠢᠯ ᠨᠢᠭᠡᠳᠴᠤ᠂ ᠤᠶᠤᠨ ᠰᠠᠨᠠᠭ᠎ᠠ ᠬᠠᠷᠢᠯᠴᠠᠨ ᠳᠦᠰᠢᠯᠴᠡᠵᠥ᠂ ᠰᠡᠳᠬᠢᠯ ᠨᠢᠬᠡᠳᠦᠨ ᠪᠦᠯᠬᠦᠮᠳᠡᠨ ᠤᠷᠤᠭᠰᠢᠯᠠᠬᠰᠠᠨ ᠬᠦᠴᠦᠷᠬᠡᠭ ᠶᠡᠬᠡ ᠣᠶᠤᠨ ᠰᠠᠨᠠᠭᠠᠨ᠎ᠤ᠋ ᠬᠣᠯᠪᠣᠭᠠᠰᠤ᠎ᠶ᠋ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠬᠤ᠎ᠳ᠋ᠤ᠌ ᠦᠨᠳᠦᠰᠦᠲᠡᠨ᠎ᠦ᠌ ᠵᠣᠷᠢᠭ ᠰᠠᠨᠠᠭ᠎ᠠ ᠎ᠶ᠋ᠢ ᠰᠠᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠳᠡᠢ᠃ ᠲᠡᠦᠬᠡᠨ ᠠᠶᠠᠨ ᠳ᠋ᠤ᠂ ᠳᠤᠮᠳᠠᠳᠤ᠎ᠶ᠋ᠢᠨ ᠦᠨᠳᠦᠰᠦᠲᠡᠨ᠎ᠦ᠌ ᠣᠷᠣᠰᠢᠨ ᠲᠣᠭᠲᠠᠨᠢᠵᠤ ᠲᠠᠰᠤᠷᠠᠯᠲᠠ ᠦᠭᠡᠢ ᠬᠥᠭᠵᠢᠨ ᠮᠠᠨᠳᠤᠵᠥ ᠴᠢᠳᠠᠭᠰᠠᠨ᠎ᠤ᠋ ᠮᠠᠰᠢ ᠴᠢᠬᠤᠯᠠ ᠰᠢᠯᠲᠠᠭᠠᠨ ᠪᠣᠯ ᠪᠢᠳᠡ ᠣᠯᠤᠰ᠎ᠢᠶᠡᠨ ᠬᠠᠢᠷᠠᠯᠠᠬᠤ ᠦᠵᠡᠯ᠎ᠢ᠋ᠶ᠋ᠡᠷ ᠭᠣᠣᠯ ᠪᠣᠯᠭᠠᠭᠰᠠᠨ ᠦᠨᠳᠦᠰᠦᠲᠡᠨ᠎ᠦ᠌ ᠵᠣᠷᠢᠭ ᠰᠠᠨᠠᠭ᠎ᠠ᠎ᠲᠠᠢ ᠪᠠᠢᠵᠥ᠂ ᠤᠳᠤᠮ ᠤᠯᠠᠮᠵᠢᠯᠠᠯ ᠨᠢᠭᠡᠲᠡᠢ ᠥᠷᠲᠡᠭ᠎ᠦ᠋ᠨ ᠬᠥᠭᠡᠭᠡᠴᠡᠯᠳᠦᠯ ᠪᠠᠢᠭᠰᠠᠨ᠎ᠳ᠋ᠤ᠌ ᠣᠷᠣᠰᠢᠨ᠎ᠠ᠃ ᠲᠠᠷᠢᠶᠠᠯᠠᠬᠤ ᠪᠣᠯᠪᠠᠰᠤᠨ᠎ᠤ᠋ ᠠᠵᠢᠯᠴᠢ ᠬᠥᠳᠡᠯᠮᠦᠷᠢᠴᠢ ᠪᠣᠷᠣᠭᠵᠢᠭᠤᠨ ᠵᠠᠩ᠂ ᠶᠤᠰᠤᠯᠠᠯ᠎ᠢ ᠡᠷᠬᠢᠮᠯᠡᠬᠦ ᠳᠤᠳᠤᠨᠤ ᠦᠷᠦᠰᠢᠶᠠᠯᠳᠤ᠂ ᠲᠠᠯ᠎ᠠ ᠨᠤᠲᠤᠭ᠎ᠤ᠋ᠨ ᠪᠣᠯᠪᠠᠰᠤᠨ᠎ᠤ᠋ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠡᠷᠴᠢ ᠵᠣᠷᠢᠭ᠂ ᠳᠠᠯᠠᠢ ᠲᠠᠩᠭᠢᠰ᠎ᠤ᠋ᠨ ᠪᠣᠯᠪᠠᠰᠤᠨ᠎ᠤ ᠠᠨᠠᠪᠠᠳ ᠳᠠᠯᠠᠢ ᠵᠠᠭᠤᠨ ᠮᠦᠷᠡᠨ᠎ᠢ ᠬᠤᠷᠢᠶᠠᠵᠤ᠂ ᠡᠷᠡᠮᠡᠬᠡᠢᠯᠡᠨ ᠲᠡᠮᠡᠴᠡᠵᠥ ᠢᠯᠠᠯᠳᠠ ᠤᠯᠬᠤ ᠵᠣᠷᠢᠭ ᠰᠠᠨᠠᠭ᠎ᠠ᠎ᠨᠢ ᠳᠤᠮᠳᠠᠳᠤ᠎ᠶ᠋ᠢᠨ ᠦᠨᠳᠦᠰᠦᠲᠡᠨ᠎ᠦ᠌ ᠥᠪᠡᠷᠮᠢᠴᠡ ᠴᠢᠨᠠᠷ ᠪᠣᠯᠤᠨ ᠣᠣᠷ ᠴᠢᠨᠠᠷ᠎ᠢ᠋ ᠳᠠᠰᠤᠷᠠᠯᠳᠠ ᠦᠬᠡᠢ ᠪᠤᠢ ᠪᠤᠯᠭᠠᠨ ᠪᠦᠷᠢᠯᠳᠦᠭᠦᠯᠪᠠ᠃ ᠦᠢᠷ᠎ᠠ ᠦᠶ᠎ᠡ᠎ᠳ᠋ᠦ᠍ ᠣᠷᠣᠭᠰᠠᠨ᠎ᠠ᠋ᠴᠠ ᠬᠣᠢᠰᠢ᠂ ᠵᠠᠭᠤᠨ ᠵᠢᠯ᠎ᠦ᠋ᠨ ᠳᠡᠮᠡᠴᠡᠯ᠎ᠤᠨ ᠶᠠᠪᠤᠴᠠ ᠳ᠋ᠤ ᠦᠨᠳᠦᠰᠦᠲᠡᠨ᠎ᠨᠦ᠍ᠭᠦᠳ᠎ᠦ᠋ᠨ ᠠᠷᠠᠳ ᠲᠦᠮᠡᠨ ᠴᠢᠰᠤ ᠮᠢᠬᠠᠨ᠎ᠤ᠋ ᠪᠠᠷᠢᠯᠳᠤᠯᠭ᠎ᠠ᠎ᠲᠠᠢ ᠪᠣᠯᠵᠤ᠂ ᠰᠡᠳᠬᠢᠯ᠎ᠢ᠋ᠶ᠋ᠡᠨ ᠨᠢᠭᠡᠳᠬᠡᠨ᠂ ᠳᠤᠮᠳᠠᠳᠤ ᠵᠢᠨ ᠦᠨᠳᠦᠰᠦᠲᠡᠨ᠎ᠤ ᠡᠪ ᠨᠢᠭᠡᠳᠦᠯ ᠎ᠦ᠋ᠨ ᠤᠬᠠᠮᠰᠠᠷ ᠠᠶᠠᠨᠳᠠᠭᠠᠨ᠎ᠤ ᠪᠠᠢᠬᠰᠠᠨ ᠡᠴᠡ ᠠᠭᠠᠵᠢᠮ ᠎ᠢ᠋ᠶ᠋ᠠᠷ ᠤᠬᠠᠮᠰᠠᠷᠳᠤ ᠠᠵᠢᠯᠯᠠᠭ᠎ᠠ ᠪᠤᠯᠤᠬᠰᠠᠨ ᠠᠭᠤᠤ ᠶᠡᠬᠡ ᠰᠢᠯᠵᠢᠯᠲᠡ᠎ᠶ᠋ᠢ ᠪᠡᠶᠡᠯᠡᠭᠦᠯᠦᠭᠰᠡᠨ ᠪᠠᠢᠨ᠎ᠠ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠠ᠋ᠴᠠ ᠨᠠᠭᠠᠰᠢ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠦᠮᠦᠨ ᠮᠡᠳᠤ ᠳᠤᠳᠤᠨᠤ》 ᠪᠠᠢᠬᠤ ᠨᠢ ᠬᠥᠮᠦᠰ᠎ᠦ᠋ᠨ ᠰᠡᠳᠬᠢᠯ᠎ᠳ᠋ᠦ᠍ ᠤᠯᠠᠮ ᠵᠢᠡᠷ ᠬᠠᠳᠠᠩᠰᠢᠵᠤ ᠂ ᠦᠨᠳᠦᠰᠦᠲᠡᠨ᠎ᠨᠦ᠍ᠭᠦᠳ᠎ᠦ᠋ᠨ ᠴᠢᠰᠤ ᠮᠢᠬᠠᠨ᠎ᠳ᠋ᠤ ᠠᠭᠤᠰᠴᠤ ᠴᠢᠳᠠᠪᠠ᠃ ᠣᠳᠣᠬᠠᠨ᠎ᠳ᠋ᠤ᠌ ᠂ ᠦᠨᠳᠦᠰᠦᠲᠡᠨ᠎ᠨᠦ᠍ᠭᠦᠳ᠎ᠦ᠋ᠨ ᠠᠷᠠᠳ ᠲᠦᠮᠡᠨ᠎ᠦ᠌ ᠬᠠᠮᠲᠤ᠎ᠪᠠᠷ ᠪᠣᠢᠵᠢᠭᠤᠯᠵᠤ᠂ ᠵᠠᠯᠭᠠᠮᠵᠢᠯᠠᠵᠤ ᠂ ᠬᠥᠭᠵᠢᠭᠦᠯᠵᠥ ᠢᠷᠡᠭᠰᠡᠨ ᠠᠭᠤᠤ ᠶᠡᠬᠡ ᠦᠨᠳᠦᠰᠦᠲᠡᠨ᠎ᠦ᠌ ᠵᠣᠷᠢᠭ ᠰᠠᠨᠠᠭ᠎ᠠ ᠨᠢ ᠨᠢᠭᠡᠨᠲᠡ ᠮᠠᠨ᠎ᠤ᠋ ᠤᠯᠤᠰ᠎ᠤ᠋ᠨ ᠬᠥᠭᠵᠢᠯᠲᠡ ᠲᠠᠪᠰᠢᠯᠲᠠ᠎ᠶ᠋ᠢ ᠠᠬᠢᠭᠤᠯᠬᠤ ᠬᠦᠴᠦᠷᠬᠡᠭ ᠶᠡᠬᠡ ᠣᠶᠤᠨ ᠰᠠᠨᠠᠭᠠᠨ᠎ᠤ᠋ ᠬᠥᠳᠡᠯᠭᠡᠬᠦ ᠬᠦᠴᠦᠨ ᠪᠣᠯᠤᠭᠰᠠᠨ ᠪᠠᠢᠨ᠎ᠠ᠃ ᠡᠳᠡᠭᠡᠷ ᠪᠣᠯ ᠴᠥᠮ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠬᠤ ᠬᠤᠪᠤᠷ  ᠨᠠᠨᠳᠢᠨ ᠦᠪ ᠬᠦᠷᠦᠩᠬᠡ ᠮᠥᠨ᠃

ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠬᠤ᠎ᠳ᠋ᠤ᠌ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ ᠰᠣᠶᠣᠯ ᠎ᠢ᠋ ᠶᠡᠬᠡ ᠪᠡᠷ  ᠪᠠᠳᠠᠷᠠᠭᠤᠯᠬᠤ ᠬᠡᠷᠡᠭᠳᠡᠢ ᠃ ᠰᠣᠶᠣᠯ ᠪᠣᠯ ᠨᠢᠭᠡ ᠦᠨᠳᠦᠰᠦᠲᠡᠨ᠎ᠦ᠌ ᠰᠦᠭ ᠰᠦᠨᠡᠰᠦ ᠮᠦᠨ᠂ ᠰᠣᠶᠣᠯ᠎ᠤ᠋ᠨ ᠬᠠᠮᠳᠤ ᠵᠢᠨ ᠲᠠᠨᠢᠯᠲᠠ ᠪᠣᠯ ᠦᠨᠳᠦᠰᠦᠲᠡᠨ᠎ᠦ᠌ ᠪᠦᠯᠬᠦᠮᠳᠡᠯ᠎ᠦ᠋ᠨ ᠦᠨᠳᠦᠰᠦ ᠰᠤᠳᠠᠰᠤ ᠮᠥᠨ᠂ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠤᠭ᠎ᠤ᠋ᠨ ᠲᠣᠭᠲᠠᠪᠤᠷᠢᠲᠠᠢ ᠣᠶᠤᠨ ᠰᠠᠨᠠᠭᠠᠨ᠎ᠤ᠋ ᠦᠨᠳᠦᠰᠦ ᠰᠠᠭᠤᠷᠢ ᠮᠥᠨ᠃ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠬᠤ ᠶᠠᠪᠤᠴᠠ᠎ᠳ᠋ᠤ᠌ ᠳᠤᠮᠳᠠᠳᠤ᠎ᠶ᠋ᠢᠨ ᠰᠣᠶᠣᠯ ᠪᠣᠯᠤᠨ ᠡᠯ᠎ᠡ ᠦᠨᠳᠦᠰᠦᠲᠡᠨ᠎ᠦ᠌ ᠰᠣᠶᠣᠯ᠎ᠤ᠋ᠨ ᠬᠠᠷᠢᠴᠠᠭ᠎ᠠ᠎ᠶ᠋ᠢ ᠵᠥᠪ ᠡᠵᠡᠮᠰᠢᠵᠦ᠂ ᠳᠤᠮᠳᠠᠳᠤ᠎ᠶ᠋ᠢᠨ ᠰᠣᠶᠣᠯ ᠎ᠤ᠋ᠨ 《ᠣᠯᠠᠨ ᠡᠰᠢᠲᠦ ᠨᠢᠭᠡ ᠴᠣᠭᠴᠠ》 ᠎ᠶ᠋ᠢᠨ ᠣᠬᠢ ᠰᠣᠳᠣ᠎ᠶ᠋ᠢ ᠡᠵᠡᠮᠰᠢᠵᠦ᠂ ᠮᠠᠨ᠎ᠤ᠋ ᠭᠡᠷᠡᠯ ᠰᠠᠴᠤᠷᠠᠩᠭᠤᠢ ᠳᠤᠮᠳᠠᠳᠤ᠎ᠶ᠋ᠢᠨ ᠰᠣᠶᠣᠯ ᠪᠤᠯ ᠦᠨᠳᠦᠰᠦᠳᠡᠨ ᠨᠤᠬᠦᠳ ᠬᠠᠮᠳᠤ ᠪᠡᠷ ᠡᠬᠦᠳᠦᠨ ᠪᠦᠳᠦᠬᠡᠭᠰᠡᠨ ᠶᠤᠮ ᠬᠡᠳᠡᠭ᠎ᠢ᠋ ᠭᠦᠢᠴᠡᠳ ᠲᠠᠨᠢᠬᠤ ᠬᠡᠷᠡᠭᠲᠡᠢ᠃ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ ᠰᠣᠶᠣᠯ᠎ᠤ᠋ᠨ ᠲᠤᠬᠠᠢ ᠡᠯ᠎ᠡ ᠦᠨᠳᠦᠰᠦᠲᠡᠨ᠎ᠦ᠌ ᠲᠠᠨᠢᠯᠲᠠ ᠨᠢ ᠤᠯᠠᠮ ᠨᠢᠭᠡ ᠠᠯᠬᠤᠮ ᠨᠢᠭᠡ ᠵᠦᠢᠯ᠎ᠦ᠋ᠨ ᠦᠵᠡᠯ ᠰᠠᠨᠠᠭᠠᠨ᠎ᠤ᠋ ᠤᠬᠠᠮᠰᠠᠷ ᠪᠣᠯᠬᠤ ᠵᠢᠨ ᠬᠠᠮᠳᠤ ᠪᠦᠲᠦᠭᠡᠯᠴᠢ ᠴᠢᠨᠠᠷᠲᠠᠢ ᠤᠨᠳᠤᠤᠰᠢᠭᠤᠯᠤᠯᠳᠠ ᠪᠠ ᠰᠢᠨ᠎ᠡ᠎ᠶ᠋ᠢ ᠡᠭᠦᠳᠬᠦ ᠴᠢᠨᠠᠷᠲᠠᠢ ᠬᠥᠭᠵᠢᠯᠲᠡ᠎ᠶ᠋ᠢ ᠪᠡᠶᠡᠯᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ ᠴᠣᠭᠴᠠ᠎ᠶ᠋ᠢᠨ ᠤᠬᠠᠮᠰᠠᠷ᠎ᠢ᠋ ᠪᠠᠲᠤ ᠴᠤᠬᠴᠠᠯᠠᠬᠤ ᠦᠵᠡᠯ ᠰᠠᠨᠠᠭᠠᠨ᠎ᠤ᠋ ᠰᠠᠭᠤᠷᠢ ᠵᠢ ᠳᠠᠰᠤᠷᠠᠯᠳᠠ ᠦᠬᠡᠢ ᠪᠡᠬᠢᠵᠢᠬᠦᠯᠬᠦ ᠬᠡᠷᠡᠭᠲᠡᠢ᠃

ᠡᠨᠡ ᠵᠢᠯ ᠪᠣᠯ ᠳᠤᠮᠳᠠᠳᠤ ᠤᠯᠤᠰ᠎ᠤ᠋ᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦ᠋ᠨ ᠣᠢ ᠮᠥᠨ᠂ ᠪᠦᠬᠦ ᠨᠠᠮ᠎ᠢ᠋ᠶ᠋ᠠᠷ᠎ᠢ᠋ᠶ᠋ᠠᠨ ᠨᠠᠮ᠎ᠤ᠋ᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ᠋ ᠢᠳᠡ ᠬᠦᠭ ᠲᠠᠢ  ᠥᠷᠨᠢᠭᠦᠯᠵᠦ ᠪᠠᠢᠨ᠎ᠠ᠃ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠬᠤ ᠶᠠᠪᠤᠴᠠ᠎ᠳ᠋ᠤ᠌ ᠨᠠᠮ᠎ᠤ᠋ᠨ ᠲᠡᠦᠬᠡ᠂ ᠰᠢᠨ᠎ᠡ ᠳᠤᠮᠳᠠᠳᠤ ᠤᠯᠤᠰ᠎ᠤ᠋ᠨ ᠲᠡᠦᠬᠡ᠂ ᠥᠭᠡᠷᠡᠴᠢᠯᠡᠯᠳᠠ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤ᠋ᠨ ᠬᠥᠭᠵᠢᠯᠲᠡ᠎ᠶ᠋ᠢᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠦ᠋ᠨ ᠳᠤᠮᠳᠠ ᠮᠠᠨ᠎ᠤ᠋ ᠨᠠᠮ᠎ᠤ᠋ᠨ ᠵᠠᠭᠤᠨ ᠵᠢᠯ᠎ᠦ᠋ᠨ ᠦᠨᠳᠦᠰᠦᠲᠡᠨ᠎ᠦ᠌ ᠠᠵᠢᠯ᠎ᠤ᠋ᠨ ᠲᠤᠬᠠᠢ ᠠᠮᠵᠢᠯᠲᠠ᠎ᠲᠠᠢ ᠲᠤᠷᠰᠢᠯᠭ᠎ᠠ᠎ᠶ᠋ᠢ ᠭᠦᠨᠵᠡᠭᠡᠢ ᠳ᠋ᠦᠩᠨᠡᠵᠦ᠂ ᠶᠡᠷᠦᠩᠬᠡᠢ ᠱᠦᠵᠢ ᠱ᠋ᠢ ᠵᠢᠨ ᠫᠢᠩ᠎ᠦ᠋ᠨ ᠦᠨᠳᠦᠰᠦᠲᠡᠨ᠎ᠦ᠌ ᠠᠵᠢᠯ᠎ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ᠎ᠤ᠋ ᠲᠤᠬᠠᠢ ᠰᠤᠳᠤᠯᠭᠠᠨ᠎ᠢ ᠬᠦᠨᠵᠡᠬᠡᠢᠷᠡᠬᠦᠯᠵᠥ᠂ ᠳᠤᠮᠳᠠᠳᠤ ᠵᠢᠨ ᠦᠨᠳᠦᠰᠦᠳᠡᠨ᠎ᠤ ᠬᠠᠮᠳᠤ ᠴᠤᠬᠴᠠ ᠵᠢᠨ ᠴᠢᠬᠤᠯᠠ ᠶᠠᠬᠡ ᠰᠠᠭᠤᠷᠢ ᠴᠢᠨᠠᠷᠳᠠᠢ ᠠᠰᠠᠭᠤᠳᠠᠯ᠎ᠤᠨ ᠳᠤᠬᠠᠢ ᠰᠤᠳᠤᠯᠭᠠᠨ ᠵᠢᠡᠨ ᠴᠢᠩᠭᠠᠳᠬᠠᠵᠥ᠂ ᠰᠢᠨ᠎ᠡ ᠴᠠᠬ ᠦᠶ᠎ᠡ ᠵᠢᠨ ᠨᠠᠮ᠎ᠤᠨ ᠦᠨᠳᠦᠰᠦᠳᠡᠨ᠎ᠤ ᠤᠨᠤᠯ᠎ᠢ ᠪᠡᠶᠡᠯᠢᠬᠵᠢᠭᠤᠯᠤᠨ  ᠬᠦᠭᠵᠢᠬᠦᠯᠬᠦ ᠪᠡᠷ ᠴᠢᠷᠮᠠᠢᠬᠤ ᠬᠡᠷᠡᠭᠳᠡᠢ᠃

ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠬᠤ ᠪᠣᠯ ᠨᠢᠭᠡᠨ ᠤᠷᠲᠤ ᠬᠤᠭᠤᠴᠠᠭᠠᠨ᠎ᠤ᠋ ᠢᠨᠵᠧᠨᠧᠷᠢᠩ ᠮᠥᠨ ᠃ ᠪᠢᠳᠡ ᠶᠡᠷᠦᠩᠬᠡᠢ ᠱᠦᠵᠢ ᠱ᠋ᠢ ᠵᠢᠨ ᠫᠢᠩ᠎ᠦ᠋ᠨ ᠦᠨᠳᠦᠰᠦᠲᠡᠨ᠎ᠦ᠌ ᠠᠵᠢᠯ᠎ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠡᠵᠡᠮᠳᠡᠵᠥ᠂ ᠳᠤᠮᠳᠠᠳᠤ᠎ᠶ᠋ᠢᠨ ᠦᠨᠳᠦᠰᠦᠲᠡᠨ᠎ᠦ᠌ ᠬᠠᠮᠲᠤ᠎ᠶ᠋ᠢᠨ ᠣᠶᠤᠨ ᠰᠠᠨᠠᠭᠠᠨ᠎ᠤ᠋ ᠭᠡᠷ ᠣᠷᠣᠨ᠎ᠢ᠋ ᠪᠠᠢᠭᠤᠯᠬᠤ ᠣᠨᠴᠠᠭᠠᠢ ᠴᠢᠬᠤᠯᠠ ᠴᠢᠨᠠᠷ᠎ᠢ ᠳᠠᠨᠢᠵᠥ᠂ ᠯᠠᠪᠳᠠᠭᠤᠨ ᠪᠠᠳᠤᠳᠠᠢ ᠬᠦᠴᠦᠯᠡᠵᠥ᠂ ᠥᠨᠢ ᠤᠳᠠᠭᠠᠨ ᠭᠠᠪᠢᠶ᠎ᠠ ᠵᠢᠳᠬᠦᠯ ᠭᠠᠷᠭᠠᠬᠤ ᠯᠡ ᠶᠤᠮ ᠪᠤᠯ᠂ ᠬᠦᠴᠦᠷᠬᠡᠭ ᠶᠡᠬᠡ ᠣᠶᠤᠨ ᠰᠠᠨᠠᠭᠠᠨ ᠎ᠤ᠋ ᠬᠣᠯᠪᠣᠭᠠᠰᠤ ᠨᠢ ᠦᠨᠳᠦᠰᠦᠲᠡᠨ᠎ᠨᠦ᠍ᠭᠦᠳ᠎ᠦ᠋ᠨ ᠬᠥᠪᠡᠭᠦᠳ ᠦᠬᠢᠳ᠎ᠢ ᠨᠢᠭᠲᠠ ᠪᠦᠯᠬᠦᠮᠳᠡᠬᠦᠯᠦᠨ ᠨᠢᠭᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ ᠨᠢᠬᠡ ᠬᠡᠷ᠎ᠤᠨ ᠬᠦᠮᠦᠨ ᠮᠡᠳᠤ ᠳᠤᠳᠤᠨᠤ᠂᠎ᠰᠡᠳᠬᠢᠯ ᠨᠢᠬᠡᠳᠤᠨ ᠳᠤᠮᠳᠠᠳᠤ ᠵᠢᠨ ᠵᠡᠬᠦᠳᠤ ᠪᠠᠨ ᠬᠠᠮᠳᠤ ᠪᠡᠷ ᠲᠡᠷᠬᠡᠯᠰᠢᠬᠦᠯᠬᠦ ᠳᠡᠮᠡᠴᠡᠯ ᠎ᠤᠨ ᠬᠦᠴᠦᠨ ᠢ᠋ ᠨᠢᠭᠲᠠᠷᠠᠭᠤᠯᠵᠥ ᠴᠢᠳᠠᠬᠤ ᠨᠢ ᠯᠠᠪᠳᠠᠢ᠃  (ᠰᠢᠨᠬᠤᠧᠠ ᠬᠣᠷᠢᠶᠠᠨ᠎ᠤ ᠪᠡᠭᠡᠵᠢᠩ ᠎ᠦ᠋ᠨ 8 ᠰᠠᠷ᠎ᠠ᠎ᠶ᠋ᠢᠨ 31᠎ᠦ᠌   ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号