ᠡᠨᠡ ᠬᠦ᠌ ᠲᠡᠷᠢᠬᠦᠨ ᠴᠢᠬᠤᠯᠠ ᠶᠠᠪᠤᠳᠠᠯ᠎ᠢ ᠬᠢᠷᠢ ᠵᠡᠷᠭᠡ ᠬᠢᠭᠰᠡᠡ ᠪᠤᠢ
2021-10-21 10:44:05
ᠵᠣᠬᠢᠶᠠᠭ᠍ᠴᠢ᠄
ᠴᠧᠨ ᠱ᠋ᠢ ᠶᠤᠸᠠᠨ ᠸᠠᠩ ᠶᠢᠩ ᠵᠧᠩ ᠲᠢᠶᠠᠨ ᠬᠣᠩ ᠵᠣᠣ ᠸᠠᠨ ᠸᠧᠢ ᠶᠠᠩ ᠳ᠋ᠢᠩ ᠮᠢᠶᠣᠤ ᠬᠤᠸᠠᠩ ᠬᠣᠣ ᠷᠡᠠ ᠾᠧ ᠯᠧᠢ ᠵᠢᠩ ᠯᠢ ᠾᠧᠩ
ᠣᠩᠱᠢᠭ᠍ᠰᠠᠨ ᠣᠳᠠᠭ᠎ᠠ᠄
★★★☆☆

— ᠨᠠᠮᠤᠷ᠎ᠤᠨ ᠤᠯᠠᠷᠢᠯ᠎ᠤᠨ ᠰᠤᠷᠤᠯᠭ᠎ᠠ ᠡᠬᠢᠯᠡᠬᠦ ᠦᠶ᠎ᠠ ᠵᠢᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠵᠥ ᠪᠠᠢᠬᠤ ᠲᠤᠬᠠᠢ ᠮᠡᠳᠡᠭᠡᠯᠡᠯ

                  

8 ᠰᠠᠷ᠎ᠠ᠎ᠶ᠋ᠢᠨ 31᠎ᠦ᠌ ᠡᠳᠤᠷ᠎ᠤᠨ 7 ᠴᠠᠭ᠎ᠤ᠋ᠨ ᠦᠶ᠎ᠡ᠎ᠪᠠᠷ᠂ ᠯᠢᠶᠣᠤᠨᠢᠩ ᠮᠣᠵᠢ᠎ᠶ᠋ᠢᠨ ᠳ᠋ᠠᠨᠳᠦ᠋ᠩ ᠬᠣᠲᠠ᠎ᠶ᠋ᠢᠨ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠲᠤᠯᠤᠳᠤᠭᠠᠷ ᠣᠨ᠎ᠤ᠋ 616 ᠰᠢᠨ᠎ᠡ ᠰᠤᠷᠤᠭᠴᠢ ᠰᠤᠷᠭᠠᠭᠤᠯᠢ ᠳ᠋ᠠᠭᠠᠨ ᠢᠷᠠᠵᠤ ᠨᠡᠷ᠎ᠡ ᠮᠡᠳᠡᠭᠦᠯᠵᠡᠢ᠃ ᠰᠤᠷᠭᠠᠭᠤᠯᠢ ᠶ᠋ᠢᠨ ᠡᠭᠦᠳᠡᠨ᠎ᠦ᠌ ᠬᠣᠶᠠᠷ ᠬᠠᠵᠠᠭᠤ ᠪᠡᠷ 50 ᠮᠧᠲ᠋ᠷ ᠣᠷᠴᠢᠮ᠎ᠤᠨ ᠰᠡᠷᠭᠡᠢᠯᠡᠨ ᠡᠵᠡᠮᠳᠡᠬᠦ ᠪᠦᠰᠡ ᠵᠢ ᠲᠤᠬᠢᠷᠠᠭᠤᠯᠵᠤ᠂ ᠰᠤᠷᠤᠭᠴᠢᠳ ᠬᠣᠭᠣᠷᠣᠨᠳᠤ ᠪᠡᠨ 1 ᠮᠧᠲ᠋ᠷ᠎ᠦ᠋ᠨ ᠵᠠᠢᠲᠠᠢ ᠮᠥᠷᠯᠡᠨ ᠵᠢᠭᠰᠠᠵᠤ᠂ ᠲᠣᠭᠲᠠᠭᠰᠠᠨ ᠵᠠᠮ᠎ᠢ᠋ᠶ᠋ᠠᠷ ᠪᠠᠶ᠎ᠡ ᠵᠢᠨ ᠬᠠᠯᠠᠭᠤᠨ᠎ᠢᠶᠡᠨ ᠎ᠬᠡᠮᠵᠢᠬᠦᠯᠵᠤ ᠡᠮᠬᠢ ᠵᠢᠷᠤᠮ ᠲᠠᠢ᠎ᠪᠠᠷ ᠰᠤᠷᠭᠠᠭᠤᠯᠢ ᠵᠢᠨ ᠬᠦᠷᠢᠶᠡᠨ ᠳ᠋ᠤ ᠣᠷᠣᠵᠠᠭᠠᠪᠠ᠃

ᠣᠢᠷ᠎ᠠ᠎ᠳ᠋ᠤ᠌ ᠰᠤᠷᠭᠠᠨ ᠬᠥᠮᠦᠵᠢᠯ᠎ᠦ᠋ᠨ ᠶᠠᠮᠤᠨ ᠮᠡᠳᠡᠭᠳᠡᠯ ᠪᠠᠭᠤᠯᠭᠠᠵᠤ᠂ 2021 ᠣᠨ᠎ᠤ᠋ ᠨᠠᠮᠤᠷ ᠎ᠤ᠋ᠨ ᠤᠯᠠᠷᠢᠯ ᠎ᠤ᠋ᠨ ᠰᠤᠷᠤᠯᠭ᠎ᠠ ᠡᠬᠢᠯᠡᠬᠦ ᠪᠣᠯᠤᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠢ᠋ ᠰᠠᠢᠲᠤᠷ ᠬᠢᠬᠦ ᠲᠤᠬᠠᠢ ᠪᠠᠢᠷᠢᠯᠠᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠡᠷᠢᠬᠦᠨ ᠴᠢᠬᠤᠯᠠ ᠠᠵᠢᠯ᠎ᠢ  ᠰᠠᠢᠳᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠰᠤᠷᠪᠤᠯᠵᠢᠯᠠᠭᠴᠢ ᠵᠢᠶᠠᠩᠰᠦ᠂ ᠪᠡᠭᠡᠵᠢᠩ᠂ ᠯᠢᠶᠣᠤᠨᠢᠩ ᠵᠡᠷᠭᠡ ᠭᠠᠵᠠᠷ᠎ᠢᠶᠡᠷ ᠬᠦᠷᠴᠦ ᠤᠢᠯᠠᠭᠠᠬᠰᠡᠨ ᠵᠢᠡᠷ᠂ ᠴᠥᠭᠡᠨ ᠪᠤᠰᠤ ᠰᠤᠷᠭᠠᠭᠤᠯᠢ᠎ᠳ᠋ᠤ᠌ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠰᠣᠷᠢᠯᠲᠠ ᠥᠷᠨᠢᠭᠦᠯᠵᠦ᠂ ᠬᠢᠵᠢᠭ᠎ᠢ᠋ ᠰᠡᠷᠭᠡᠢᠯᠡᠬᠦ ᠡᠳ᠋ ᠪᠣᠳᠠᠰ᠎ᠢ᠋ ᠬᠦᠢᠴᠡᠳ ᠪᠡᠯᠡᠳᠬᠡᠭᠰᠡᠨ ᠪᠥᠭᠡᠳ ᠰᠤᠷᠭᠠᠭᠤᠯᠢ ᠡᠬᠢᠯᠡᠭᠰᠡᠨ᠎ᠦ᠌ ᠳᠠᠷᠠᠭ᠎ᠠ ᠬᠢᠵᠢᠭ᠎ᠢ᠋ ᠰᠡᠷᠭᠡᠢᠯᠡᠬᠦ ᠡᠯ᠎ᠡ ᠵᠦᠢᠯ᠎ᠦ᠋ᠨ ᠳᠦᠷᠢᠮ᠎ᠢ᠋ ᠦᠷᠭᠦᠯᠵᠢᠯᠡᠨ ᠴᠢᠩᠭ᠎ᠠ ᠨᠠᠢᠳᠠᠪᠤᠷᠢᠵᠢᠭᠤᠯᠵᠤ᠂ ᠭᠡᠷ᠎ᠦ᠋ᠨ ᠠᠬᠠᠮᠠᠳ ᠪᠠ ᠰᠤᠷᠤᠭᠴᠢᠳ᠎ᠢ ᠰᠠᠨᠠᠭ᠎ᠠ ᠠᠮᠤᠷ ᠪᠠᠢᠯᠭᠠᠬᠤ ᠪᠤᠯᠤᠨ᠎ᠡ᠃

ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠰᠣᠷᠢᠯᠲᠠ ᠡᠮᠬᠢ ᠵᠢᠷᠤᠮ ᠎ᠲᠡᠢ ᠶᠠᠪᠤᠬᠳᠠᠪᠠ

《ᠮᠠᠨ᠎ᠤ᠋ ᠰᠤᠷᠭᠠᠭᠤᠯᠢ ᠰᠤᠷᠭᠠᠭᠤᠯᠢ ᠵᠢᠨ ᠡᠬᠦᠳᠡᠨ᠎ᠳᠤ ᠥᠷᠯᠥᠭᠡ᠎ᠶ᠋ᠢᠨ ᠪᠠᠢᠴᠠᠭᠠᠯᠲᠠ ᠬᠢᠬᠦ ᠦᠶ᠎ᠡ᠎ᠳ᠋ᠦ᠍ ᠨᠢᠭᠡ ᠰᠤᠷᠤᠭᠴᠢ᠎ᠶ᠋ᠢᠨ ᠪᠠᠶ᠎ᠡ ᠨᠢ ᠡᠪ ᠦᠭᠡᠢ ᠪᠠᠢᠳᠠᠯ ᠢᠯᠡᠷᠡᠵᠤ᠂ ᠪᠡᠶ᠎ᠡ᠎ᠶ᠋ᠢᠨ ᠬᠠᠯᠠᠭᠤᠨ ᠨᠢ 38ᠬᠦᠷᠦᠭᠰᠡᠨ᠎ᠢ ᠤᠯᠵᠤ ᠮᠡᠳᠡᠪᠠ ᠁ ᠤᠳᠤ ᠲᠤᠰ ᠰᠤᠷᠤᠭᠴᠢ ᠵᠢ ᠰᠤᠷᠭᠠᠭᠤᠯᠢ᠎ᠶ᠋ᠢᠨ ᠲᠦᠷ ᠴᠠᠭ᠎ᠤ᠋ᠨ ᠲᠤᠰᠠᠭᠠᠷᠯᠠᠬᠤ ᠭᠠᠵᠠᠷ᠎ᠲᠤ᠌ ᠠᠪᠴᠤ ᠢᠷᠡᠭᠡᠳ ᠪᠠᠢᠨ᠎ᠠ᠂  ᠲᠠᠨ᠎ᠤ᠋ ᠪᠠᠢᠭᠤᠯᠭ᠎ᠠ᠎ᠳᠤ  ᠪᠤᠳᠠᠳᠠᠢ ᠪᠠᠢᠳᠠᠯ᠎ᠢ ᠮᠡᠳᠡᠬᠦᠯᠵᠤ ᠪᠠᠢᠨ᠎ᠠ》᠃ 8 ᠰᠠᠷ᠎ᠠ᠎ᠶ᠋ᠢᠨ 30᠎ᠤ᠋  ᠦᠳᠡ᠎ᠶ᠋ᠢᠨ ᠡᠮᠦᠨ᠎ᠡ ᠵᠢᠶᠠᠩᠰᠦ ᠮᠣᠵᠢ᠎ᠶ᠋ᠢᠨ ᠯᠢ ᠱᠦᠢ᠎ᠶ᠋ᠢᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠰᠣᠷᠢᠯᠲᠠ ᠬᠢᠵᠦ᠂ ᠰᠤᠷᠤᠭᠴᠢᠳ᠎ᠤ᠋ᠨ ᠰᠤᠷᠭᠠᠭᠤᠯᠢ᠎ᠳ᠋ᠤ᠌ ᠣᠷᠣᠵᠤ ᠪᠡᠶ᠎ᠠ ᠵᠢᠨ ᠬᠠᠯᠠᠭᠤᠨ᠎ᠢ᠋ ᠬᠡᠮᠵᠢᠬᠦ ᠵᠡᠷᠬᠡ ᠡᠯ᠎ᠡ ᠭᠣᠭᠴᠣᠭ᠎ᠠ ᠡᠴᠡ ᠠᠪᠤᠭᠠᠳ ᠠᠳᠠᠯᠢ ᠪᠤᠰᠤ ᠭᠠᠵᠠᠷ ᠣᠷᠣᠨ᠎ᠢ ᠠᠷᠢᠭᠤᠳᠬᠠᠨ ᠤᠰᠠᠳᠬᠠᠬᠤ ᠬᠦᠷᠳᠡᠯ᠎ᠡ  ᠵᠢᠴᠢ ᠭᠡᠨᠡᠳᠲᠡ᠎ᠶ᠋ᠢᠨ ᠪᠠᠢᠳᠠᠯ᠎ᠢ᠋ ᠰᠢᠢᠳᠪᠦᠷᠢᠯᠡᠬᠦ ᠪᠦᠬᠦ ᠲᠠᠯ᠎ᠠ᠎ᠶ᠋ᠢᠨ ᠰᠣᠷᠢᠯᠲᠠ ᠬᠢᠪᠡ᠃

ᠪᠡᠭᠡᠵᠢᠩ ᠬᠣᠲᠠ᠎ᠶ᠋ᠢᠨ ᠴᠤᠤᠶᠠᠩ ᠲᠣᠭᠣᠷᠢᠭ᠎ᠲᠤ᠌ ᠪᠠᠢᠷᠢᠯᠠᠭ᠎ᠠ ᠴᠢ ᠮᠢᠩ ᠵᠣ᠌ ᠵᠢᠶᠠᠩ ᠬᠡᠦᠬᠡᠳ᠎ᠦ᠋ᠨ ᠴᠡᠴᠡᠷᠯᠢᠭ 8 ᠰᠠᠷ᠎ᠠ᠎ᠶ᠋ᠢᠨ 19 ᠎ᠡᠴᠡ 27 ᠎ᠤ᠋ ᠡᠳᠦᠷ ᠪᠣᠯᠲᠠᠯ᠎ᠠ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠳ᠋ᠤ᠌ ᠴᠢᠭᠯᠡᠭᠦᠯᠦᠨ 2 ᠤᠳᠠᠭ᠎ᠠ ᠵᠢᠨ ᠪᠣᠯᠪᠠᠰᠤᠷᠠᠯ ᠪᠠ  1 ᠤᠳᠠᠭ᠎ᠠ ᠵᠢᠨ  ᠪᠠᠴᠢᠮ ᠪᠠᠢᠳᠠᠯ᠎ᠢ᠋ ᠠᠷᠭᠠᠴᠠᠭᠠᠬᠤ ᠰᠣᠷᠢᠯᠲᠠ ᠬᠢᠭᠰᠡᠨ ᠪᠥᠭᠡᠳ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢ ᠤᠶᠠᠯᠳᠤᠭᠤᠯᠬᠤ  ᠵᠡᠷᠭᠡ ᠬᠡᠯᠪᠡᠷᠢ᠎ᠪᠡᠷ ᠳᠠᠮᠵᠢᠭᠤᠯᠤᠨ ᠪᠦᠬᠦ ᠪᠠᠭᠰᠢ᠂ ᠠᠵᠢᠯᠲᠠᠨ᠂ ᠬᠡᠦᠬᠡᠳ᠎ᠦ᠋ᠨ ᠭᠡᠷ᠎ᠦ᠋ᠨ ᠠᠬᠠᠮᠠᠳ᠎ᠢ᠋ ᠵᠣᠬᠢᠶᠠᠨ ᠪᠠᠢᠭᠤᠯᠤᠨ ᠰᠤᠷᠭᠠᠭᠤᠯᠢ ᠡᠭᠢᠯᠡᠵᠤ ᠰᠤᠷᠭᠠᠭᠤᠯᠢ᠎ᠳ᠋ᠠᠭᠠᠨ ᠪᠤᠴᠠᠬᠤ ᠠᠵᠢᠯ᠎ᠤ᠋ᠨ ᠲᠥᠰᠦᠯ ᠪᠠ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠮᠡᠳᠡᠯᠭᠡ᠎ᠶ᠋ᠢ ᠰᠤᠷᠤᠯᠴᠠᠭᠤᠯᠵᠠᠢ᠃

ᠰᠤᠷᠭᠠᠭᠤᠯᠢ ᠡᠬᠢᠯᠡᠬᠦ᠎ᠡᠴᠡ ᠡᠮᠦᠨᠡᠬᠡᠨ᠂ ᠵᠢᠶᠠᠩᠰᠢ ᠮᠣᠵᠢ᠎ᠶ᠋ᠢᠨ ᠢ ᠴᠦᠨ ᠬᠣᠲᠠ᠎ᠶ᠋ᠢᠨ ᠶᠤᠸᠠᠨ ᠵᠧᠦ ᠲᠣᠭᠣᠷᠢᠭ᠎ᠤ᠋ᠨ ᠸᠧᠨ ᠪᠢ ᠹᠧᠩ ᠪᠠᠭ᠎ᠠ ᠰᠤᠷᠭᠠᠭᠤᠯᠢ᠎ᠶ᠋ᠢᠨ ᠡᠬᠦᠳᠡᠨ᠎ᠤ ᠭᠠᠳᠠᠨ᠎ᠠ᠂ ᠭᠡᠷ᠎ᠦ᠋ᠨ ᠠᠬᠠᠮᠠᠳ ᠬᠤ᠌ ᠹᠧᠨ᠄ 《ᠰᠤᠷᠭᠠᠭᠤᠯᠢ ᠡᠬᠢᠯᠡᠬᠦ᠎ᠡᠴᠡ ᠡᠮᠦᠨ᠎ᠡ ᠰᠤᠷᠭᠠᠭᠤᠯᠢ ᠡᠴᠡ ᠬᠡᠦᠬᠡᠳ᠎ᠤᠳ᠎ᠲᠦ᠍ 〈ᠬᠢᠵᠢᠭ᠎ᠢ ᠰᠡᠷᠭᠡᠢᠯᠡᠬᠦ ᠪᠣᠭᠴᠣ〉 ᠵᠢ ᠪᠡᠯᠡᠳᠭᠡᠨ ᠦᠭᠴᠦ᠂ ᠲᠤᠳᠤᠷ᠎ᠠ ᠨᠢ ᠬᠡᠦᠬᠡᠳ᠎ᠤᠨ ᠠᠮᠠᠪᠴᠢ᠂ ᠰᠫᠢᠷᠲ᠎ᠤᠨ ᠠᠷᠢᠭᠤᠳᠭᠠᠬᠤ ᠰᠢᠩᠭᠡᠨ᠂ ᠭᠠᠷ ᠤᠬᠢᠶᠠᠬᠤ ᠰᠢᠩᠭᠡᠨ ᠵᠡᠷᠭᠡ ᠡᠳ᠋ ᠪᠦᠷᠢᠨ ᠪᠠᠢᠨ᠎ᠠ》 ᠬᠡᠪᠡ᠃

ᠸᠠᠺᠼᠢᠨ᠎ᠤ᠋ ᠲᠠᠷᠢᠯᠭ᠎ᠠ ᠲᠠᠷᠢᠬᠤ ᠠᠵᠢᠯ᠎ᠢ ᠦᠷᠭᠦᠯᠵᠢᠯᠡᠨ ᠠᠬᠢᠭᠤᠯᠪᠠ

ᠮᠠᠨ᠎ᠤ᠋ ᠤᠯᠤᠰ᠎ᠤ᠋ᠨ ᠰᠢᠨ᠎ᠡ ᠲᠢᠳᠢᠮᠯᠢᠭ ᠸᠢᠷᠦ᠋ᠰ᠎ᠤᠨ ᠸᠠᠺᠼᠢᠨ᠎ᠢ᠋ ᠲᠠᠷᠢᠬᠤ ᠶᠡᠷᠦᠩᠬᠡᠢ ᠪᠠᠢᠷᠢᠯᠠᠭᠤᠯᠤᠯᠲᠠ ᠶᠣᠰᠣᠭᠠᠷ᠂ ᠪᠦᠬᠦ ᠤᠯᠤᠰ᠎ᠤ᠋ᠨ ᠡᠯ᠎ᠡ ᠭᠠᠵᠠᠷ᠎ᠤ᠋ᠨ ᠬᠢᠨ 12 ᠨᠠᠰᠤᠨ᠎ᠠ᠋ᠴᠠ 17 ᠨᠠᠰᠤᠨ᠎ᠤ᠋ ᠬᠥᠮᠦᠰ᠎ᠲᠦ᠍ ᠲᠠᠷᠢᠯᠭ᠎ᠠ ᠲᠠᠷᠢᠬᠤ ᠠᠵᠢᠯ᠎ᠢ᠋ ᠦᠷᠨᠢᠭᠦᠯᠵᠦ ᠡᠬᠢᠯᠡᠪᠡ᠃ ᠭᠤᠸᠠᠩᠵᠧᠦ᠎ᠶ᠋ᠢᠨ ᠠᠩᠬ᠎ᠠ ᠨᠢᠭᠡ ᠵᠢᠨ ᠰᠤᠷᠤᠭᠴᠢ ᠵᠢᠨ ᠭᠡᠷ᠎ᠦ᠋ᠨ ᠠᠬᠠᠮᠠᠳ ᠵᠧᠦ ᠠᠪᠠᠬᠠᠢ ᠰᠤᠷᠪᠤᠯᠵᠢᠯᠠᠭᠴᠢ ᠎ᠳᠤ ᠄ 《 ᠬᠡᠤᠬᠡᠳ ᠨᠢ ᠡᠨᠡ ᠵᠢᠯ ᠪᠠᠭ᠎ᠠ ᠰᠤᠷᠭᠠᠭᠤᠯᠢ ᠡᠴᠡ ᠠᠩᠬ᠎ᠠ ᠳᠤᠮᠳᠠᠳᠤ᠎ᠳ᠋ᠤ᠌ ᠲᠡᠪᠰᠢᠵᠤ᠂ ᠶᠠᠭ ᠰᠠᠢᠬᠠᠨ 12 ᠨᠠᠰᠤᠲᠠᠢ ᠪᠠᠢᠵᠤ᠂ ᠸᠠᠺᠼᠢᠨ ᠲᠠᠷᠢᠬᠤ ᠨᠠᠰᠤᠨ᠎ᠳᠤ ᠬᠦᠷᠴᠡᠢ᠂ ᠬᠡᠦᠬᠡᠳ᠎ᠦ᠋ᠨ ᠰᠠᠶᠢᠬᠠᠨ ᠲᠡᠭᠦᠰᠦᠭᠰᠡᠨ ᠪᠠᠭ᠎ᠠ ᠰᠤᠷᠭᠠᠭᠤᠯᠢ ᠪᠣᠯᠤᠨ ᠤᠳᠠᠯ ᠦᠭᠡᠢ ᠰᠤᠷᠤᠯᠴᠠᠬᠤ ᠬᠡᠵᠤ ᠪᠠᠢᠭ᠎ᠠ ᠳᠤᠮᠳᠠᠳᠤ ᠰᠤᠷᠭᠠᠭᠤᠯᠢ᠎ᠡᠴᠡ ᠨᠢ ᠴᠦᠮ ᠸᠠᠺᠼᠢᠨ ᠳᠠᠷᠢᠭᠤᠯᠬᠤ ᠲᠤᠬᠠᠢ ᠮᠡᠳᠡᠭᠳᠡᠯ᠎ᠢᠷᠡᠭᠦᠯᠪᠡ᠃ ᠪᠠᠭ᠎ᠠ ᠰᠤᠷᠭᠠᠭᠤᠯᠢ᠎ᠶ᠋ᠢᠨ ᠵᠢᠷᠭᠢᠶ᠎ᠡ ᠵᠢᠨ ᠴᠤᠭᠯᠠᠷᠠᠯ᠎ᠳᠤ᠂ ᠠᠩᠭᠢ᠎ᠶ᠋ᠢᠨ ᠡᠷᠬᠢᠯᠡᠭᠴᠢ ᠨᠢ ᠪᠠᠰᠠ ᠲᠠᠷᠢᠯᠭ᠎ᠠ ᠬᠢᠭᠰᠡᠨ ᠪᠠᠢᠳᠠᠯ ᠵᠢᠡᠷ ᠲᠥᠷᠥᠯ ᠬᠤᠪᠢᠶᠠᠨ᠂ ᠠᠵᠢᠯ ᠵᠢᠡᠨ ᠨᠠᠷᠢᠨ ᠨᠢᠮᠪᠠᠢ ᠬᠢᠵᠦ᠂ ᠭᠡᠷ᠎ᠦ᠋ᠨ ᠠᠬᠠᠮᠠᠳ ᠴᠤ᠌ ᠲᠤᠷᠠᠳᠠᠢ ᠬᠠᠮᠵᠢᠯᠴᠠᠪᠠ》 ᠭᠡᠯ᠎ᠡ᠃

ᠨᠠᠨᠵᠢᠩ᠎ᠤ᠋ᠨ ᠪᠠᠭᠰᠢ᠎ᠶ᠋ᠢᠨ ᠶᠡᠬᠡ ᠰᠤᠷᠭᠠᠭᠤᠯᠢ᠎ᠶ᠋ᠢᠨ ᠬᠠᠷᠢᠶᠠᠲᠤ ᠳᠤᠮᠳᠠᠳᠤ ᠰᠤᠷᠭᠠᠭᠤᠯᠢ᠎ᠶ᠋ᠢᠨ ᠴᠢᠨ ᠬᠤᠸᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦ᠋ᠨ ᠥᠨᠳᠥᠷ ᠳᠤᠮᠳᠠᠳᠤ᠎ᠶ᠋ᠢᠨ ᠲᠠᠷᠢᠯᠭ᠎ᠠ ᠲᠠᠷᠢᠬᠤ ᠴᠡᠭ ᠣᠢᠷ᠎ᠠ᠎ᠳ᠋ᠤ᠌ 1000 ᠭᠠᠷᠤᠢ ᠰᠤᠷᠤᠭᠴᠢ᠎ᠶ᠋ᠢ ᠵᠣᠬᠢᠶᠠᠨ ᠪᠠᠢᠭᠤᠯᠤᠨ ᠰᠢᠨ᠎ᠡ ᠲᠢᠲᠢᠮᠯᠢᠭ ᠸᠢᠷᠦ᠋ᠰ᠎ᠦ᠋ᠨ ᠸᠠᠺᠼᠢᠨ᠎ᠢ᠋ ᠲᠠᠷᠢᠭᠤᠯᠪᠠ᠃ ᠲᠤᠰ ᠰᠤᠷᠭᠠᠭᠤᠯᠢ᠎ᠶ᠋ᠢᠨ ᠰᠤᠷᠤᠭᠴᠢ᠎ᠶ᠋ᠢᠨ ᠬᠠᠮᠢᠶᠠᠷᠤᠯᠳᠠ ᠵᠢᠨ ᠭᠠᠵᠠᠷ᠎ᠦ᠋ᠨ ᠡᠷᠬᠢᠯᠡᠭᠴᠢ ᠡᠦ ᠵᠢᠶᠧ᠄《ᠥᠨᠳᠥᠷ ᠳᠤᠮᠳᠠᠳᠤ᠎ᠶ᠋ᠢᠨ ᠰᠤᠷᠤᠭᠴᠢ ᠪᠤᠯᠤᠭᠰᠠᠨ᠎ᠤ ᠬᠤᠪᠢ᠎ᠳᠤ᠂ ᠸᠠᠺᠼᠢᠨ ᠲᠠᠷᠢᠬᠤ ᠨᠢ ᠨᠢᠭᠡ ᠵᠦᠢᠯ᠎ᠤᠨ ᠬᠠᠷᠢᠭᠤᠴᠠᠯᠭ᠎ᠠ᠂ ᠨᠡᠩ ᠴᠦ᠍ ᠰᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠳ᠋ᠤ᠌ ᠰᠤᠷᠭᠠᠭᠤᠯᠢ ᠎ᠳ᠋ᠠᠭᠠᠨ ᠪᠤᠴᠠᠬᠤ᠎ᠳ᠋ᠤ᠌ ᠰᠠᠢᠲᠤᠷ ᠪᠡᠯᠡᠳᠬᠡᠯ ᠬᠢᠬᠦ ᠴᠢᠬᠤᠯᠠ ᠶᠠᠪᠤᠳᠠᠯ ᠪᠣᠯᠤᠨ᠎ᠠ 》 ᠭᠡᠪᠠ᠃

《ᠵᠤᠨ᠎ᠤ᠋ ᠠᠮᠠᠷᠠᠯᠲᠠ᠎ᠶ᠋ᠢᠨ ᠬᠤᠭᠤᠴᠠᠭᠠᠨ᠎ᠳ᠋ᠤ᠌᠂ ᠪᠢᠳᠡ ᠪᠡᠭᠡᠵᠢᠩ ᠬᠣᠲᠠ᠎ᠶ᠋ᠢᠨ ᠱᠠᠭᠠᠷᠳᠠᠯᠭ᠎ᠠ᠎ᠪᠠᠷ ᠰᠢᠨ᠎ᠡ ᠰᠤᠷᠤᠭᠴᠢ᠎ᠶ᠋ᠢ ᠪᠠᠭᠲᠠᠭᠠᠭᠰᠠᠨ ᠪᠦᠬᠦ ᠰᠤᠷᠤᠭᠴᠢᠳ᠎ᠲᠠᠭᠠᠨ ᠰᠢᠨ᠎ᠡ ᠲᠢᠲᠢᠮᠯᠢᠭ ᠸᠢᠷᠦ᠋ᠰ᠎ᠦ᠋ᠨ ᠸᠠᠺᠼᠢᠨ᠎ᠤ᠋ ᠲᠠᠷᠢᠯᠭ᠎ᠠ ᠲᠠᠷᠢᠵᠤ᠂ ᠤᠳᠤᠬᠠᠨ᠎ᠳᠤ ᠲᠠᠷᠢᠯᠭ᠎ᠠ ᠲᠠᠷᠢᠭᠰᠠᠨ ᠨᠤᠷᠮ᠎ᠠ  ᠪᠠᠷᠤᠭ 95% ᠳ᠋ᠤ ᠬᠦᠷᠴᠡᠢ》ᠭᠡᠵᠦ ᠪᠡᠭᠡᠵᠢᠩ᠎ᠦ᠋ᠨ ᠾᠦᠢ ᠸᠸᠨ ᠳᠤᠮᠳᠠᠳᠤ ᠰᠤᠷᠭᠠᠭᠤᠯᠢ᠎ᠶ᠋ᠢᠨ ᠳᠡᠳ᠋ ᠵᠠᠬᠢᠷᠤᠯ ᠬᠣᠩ ᠵᠢᠩ ᠲᠠᠨᠢᠯᠴᠠᠭᠤᠯᠤᠨ᠎ᠠ ᠃

ᠬᠢᠵᠢᠭ᠎ᠢ ᠰᠡᠷᠭᠡᠢᠯᠡᠬᠦ ᠳᠦᠷᠢᠮ᠎ᠢ᠋ ᠴᠢᠩᠭ᠎ᠠ ᠨᠠᠢᠳᠠᠪᠤᠷᠢᠵᠢᠭᠤᠯᠪᠠ

ᠰᠤᠷᠪᠤᠯᠵᠢᠯᠠᠭᠴᠢ᠎ᠶ᠋ᠢᠨ ᠣᠢᠯᠠᠭᠠᠭᠰᠠᠨ ᠵᠢᠡᠷ᠂ ᠡᠯ᠎ᠡ ᠰᠤᠷᠭᠠᠭᠤᠯᠢ ᠰᠤᠷᠭᠠᠭᠤᠯᠢ ᠡᠬᠢᠯᠡᠬᠦ᠎ᠡᠴᠡ ᠡᠮᠦᠨ᠎ᠡ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠴᠢᠩᠭ᠎ᠠ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ᠎ᠠ᠋ᠴᠠ ᠭᠠᠳᠠᠨ᠎ᠠ ᠡᠯ᠎ᠡ ᠵᠦᠢᠯ᠎ᠦ᠋ᠨ ᠬᠢᠵᠢᠭ᠎ᠢ᠋ ᠰᠡᠷᠭᠡᠢᠯᠡᠬᠦ ᠠᠷᠭ᠎ᠠ ᠬᠡᠮᠵᠢᠶ᠎ᠡ᠎ᠶ᠋ᠢ ᠳᠦᠷᠢᠮᠵᠢᠭᠦᠯᠬᠦ᠂ ᠪᠠᠢᠩᠭᠤᠵᠢᠭᠤᠯᠬᠤ ᠪᠤᠯᠤᠨ᠎ᠠ᠃

ᠪᠡᠭᠡᠵᠢᠩ᠎ᠦ᠋ᠨ ᠾᠦᠢ ᠸᠸᠨ ᠳᠤᠮᠳᠠᠳᠤ ᠰᠤᠷᠭᠠᠭᠤᠯᠢ᠎ᠶ᠋ᠢᠨ ᠳᠡᠳ᠋ ᠵᠠᠬᠢᠷᠤᠯ ᠬᠣᠩ ᠵᠢᠩ᠄《ᠪᠢᠳᠡ ᠰᠤᠷᠭᠠᠭᠤᠯᠢ ᠡᠬᠢᠯᠡᠬᠦ᠎ᠡᠴᠡ ᠡᠮᠦᠨ᠎ᠡ᠂ ᠪᠣᠢ ᠪᠦᠬᠦᠢ ᠭᠡᠷ ᠳᠣᠲᠣᠷᠠᠬᠢ ᠣᠷᠴᠢᠨ ᠲᠣᠭᠣᠷᠢᠨ᠎ᠢ᠋ ᠰᠠᠢᠲᠤᠷ ᠠᠷᠢᠭᠤᠳᠭᠠᠬᠤ᠎ᠶ᠋ᠢᠨ ᠬᠠᠮᠲᠤ᠂ ᠰᠤᠷᠤᠭᠴᠢᠳ᠎ᠢ ᠰᠤᠷᠭᠠᠭᠤᠯᠢ᠎ᠳ᠋ᠤ᠌ ᠬᠦᠷᠦᠭᠰᠡᠨ᠎ᠦ᠌ ᠳᠠᠷᠠᠭ᠎ᠠ ᠰᠠᠶᠢ ᠡᠭᠦᠳᠡ᠎ᠪᠡᠨ ᠨᠡᠭᠡᠭᠡᠨ᠎ᠡ᠃ ᠰᠤᠷᠭᠠᠭᠤᠯᠢ ᠡᠬᠢᠯᠡᠭᠰᠡᠨ᠎ᠦ᠌ ᠳᠠᠷᠠᠭ᠎ᠠ᠂ ᠡᠳᠦᠷ ᠪᠤᠯᠭᠠᠨ ᠡᠷᠳᠡ ᠤᠷᠤᠢ ᠲᠤᠰ ᠪᠦᠷᠢ ᠨᠢᠭᠡ ᠤᠳᠠᠭ᠎ᠠ ᠠᠰᠠᠷ᠎ᠤᠨ ᠭᠤᠳᠤᠮᠵᠢ ᠵᠢ ᠠᠷᠢᠭᠤᠳᠭᠠᠨ᠎ᠠ᠃ ᠰᠤᠷᠭᠠᠭᠤᠯᠢ ᠡᠬᠢᠯᠡᠭᠰᠡᠨ᠎ᠦ᠌ ᠳᠠᠷᠠᠭ᠎ᠠ᠂ ᠰᠤᠷᠤᠭᠴᠢᠳ ᠰᠤᠷᠭᠠᠭᠤᠯᠢ᠎ᠳ᠋ᠤ᠌ ᠣᠷᠣᠬᠤ ᠦᠶ᠎ᠡ᠎ᠳ᠋ᠤ ᠪᠡᠶ᠎ᠡ᠎ᠶ᠋ᠢᠨ ᠬᠠᠯᠠᠭᠤᠨ ᠎ᠢ᠋ᠶ᠋ᠠᠨ ᠬᠡᠮᠵᠢᠬᠦᠯᠬᠦ ᠪᠡᠷ ᠪᠠᠷᠠᠬᠤ ᠦᠭᠡᠢ᠂ ᠠᠩᠭᠢ᠎ᠳ᠋ᠠᠭᠠᠨ ᠬᠦᠷᠦᠭᠰᠡᠨ᠎ᠤ ᠬᠣᠢᠨ᠎ᠠ᠂ ᠦᠳᠡ᠎ᠳ᠋ᠦ᠍ ᠪᠠᠰᠠ ᠪᠡᠶ᠎ᠡ᠎ᠶ᠋ᠢᠨ ᠬᠠᠯᠠᠭᠤᠨ ᠎ᠵᠢᠡᠨ ᠬᠡᠮᠵᠢᠵᠦ᠂ ᠠᠩᠭᠢ ᠪᠦᠷᠢ᠎ᠳ᠋ᠦ᠍ ᠲᠤᠰᠬᠠᠢ ᠬᠥᠮᠦᠨ ᠲᠣᠬᠢᠷᠠᠭᠤᠯᠵᠤ ᠬᠢᠴᠢᠶᠡᠯ᠎ᠦ᠋ᠨ ᠵᠠᠪᠰᠠᠷᠯᠠᠭ᠎ᠠ᠎ᠳᠤ ᠴᠤᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠠᠵᠢᠯ᠎ᠢ᠋ ᠬᠠᠷᠢᠭᠤᠴᠠᠭᠤᠯᠵᠤ᠂ ᠨᠣᠮ᠎ᠤ᠋ᠨ ᠰᠠᠩ᠂ ᠲᠠᠮᠢᠷ᠎ᠤ᠋ᠨ ᠲᠠᠯᠠᠪᠠᠢ ᠵᠡᠷᠭᠡ ᠭᠣᠣᠯᠳᠠᠯᠭ᠎ᠠ᠎ᠲᠠᠢ ᠲᠠᠯᠠᠪᠤᠷ ᠎ᠲᠤ  ᠴᠢᠩᠭ᠎ᠠ ᠬᠠᠮᠢᠶᠠᠷᠬᠤ ᠠᠷᠭ᠎ᠠ ᠬᠡᠮᠵᠢᠶ᠎ᠡ ᠠᠪᠤᠨ᠎ᠠ》 ᠭᠡᠵᠦ ᠢᠯᠡᠳᠭᠡᠪᠡ᠃

《ᠵᠢᠩᠬᠢᠨᠢ᠎ᠪᠡᠷ ᠰᠤᠷᠭᠠᠭᠤᠯᠢ ᠡᠬᠢᠯᠡᠭᠰᠡᠨ᠎ᠦ᠌ ᠳᠠᠷᠠᠭ᠎ᠠ᠂ ᠮᠢᠨᠦ ᠪᠣᠳᠣᠬᠤ᠎ᠪᠠᠷ ᠶᠠᠭᠤᠨ᠎ᠤ᠋ ᠡᠮᠤᠨ᠎ᠠ ᠦᠵᠡᠯ ᠰᠠᠨᠠᠭᠠᠨ᠎ᠤ᠋ ᠲᠠᠯ᠎ᠠ᠎ᠪᠠᠷ ᠣᠪᠣᠷ ᠵᠢᠡᠨ ᠲᠦᠪ ᠪᠤᠯᠭᠠᠵᠤ᠂ ᠥᠨᠳᠥᠷ ᠶᠠᠰᠤ ᠴᠢᠨᠠᠷ ᠥᠨᠳᠥᠷ ᠪᠠᠷᠢᠮᠵᠢᠶ᠎ᠠ ᠪᠠᠷ ᠰᠡᠷᠭᠡᠢᠯᠡᠬᠦ ᠠᠵᠢᠯ ᠨᠢᠬᠡ ᠪᠦᠷᠢ ᠵᠢ  ᠰᠠᠢᠲᠤᠷ ᠪᠡᠶᠡᠯᠡᠭᠦᠯᠵᠦ᠂ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠨᠤᠭᠦᠳ᠎ᠢ᠋ ᠪᠣᠳᠠᠲᠠᠢ ᠭᠠᠵᠠᠷ ᠲᠤᠨᠢ ᠨᠠᠢᠳᠠᠪᠤᠷᠢᠵᠢᠭᠤᠯᠬᠤ ᠶ᠋ᠢ ᠪᠠᠲᠤᠯᠠᠨ᠎ᠡ᠃ ᠡᠭᠦᠨ᠎ᠡᠴᠡ ᠭᠠᠳᠠᠨ᠎ᠠ᠂ ᠰᠤᠷᠭᠠᠭᠤᠯᠢ᠎ᠶ᠋ᠢᠨ ᠰᠡᠷᠭᠡᠢᠯᠡᠨ  ᠡᠵᠡᠮᠳᠡᠬᠦ ᠠᠵᠢᠯ ᠪᠣᠯ ᠨᠡᠢᠭᠡᠮ᠎ᠦ᠋ᠨ ᠰᠡᠷᠭᠡᠢᠯᠡᠨ ᠡᠵᠡᠮᠳᠡᠬᠦ ᠠᠵᠢᠯ᠎ᠤᠨ ᠨᠢᠭᠡ ᠬᠡᠰᠡᠭ ᠪᠠᠢᠵᠤ᠂  ᠨᠡᠢᠭᠡᠮ᠂ ᠭᠡᠷ ᠪᠦᠯᠢ᠎ᠶ᠋ᠢᠨ ᠡᠯ᠎ᠡ ᠲᠠᠯ᠎ᠠ᠎ᠶ᠋ᠢᠨ ᠬᠢᠨ ᠴᠥᠮ ᠴᠥᠬᠥᠷᠡᠯ ᠦᠭᠡᠢ ᠴᠢᠩᠭ᠎ᠠ ᠠᠳᠬᠤᠵᠤ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠪᠠᠯ ᠰᠠᠶᠢ ᠦᠢᠯᠡᠳᠦᠯ ᠦᠵᠡᠬᠦᠯᠵᠤ ᠴᠢᠳᠠᠨ᠎ᠠ》 ᠭᠡᠵᠦ ᠯᠢᠶᠣᠤᠨᠢᠩ ᠮᠣᠵᠢ᠎ᠶ᠋ᠢᠨ ᠳ᠋ᠠᠨᠳᠦ᠋ᠩ ᠬᠣᠲᠠ᠎ᠶ᠋ᠢᠨ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠳᠡᠳ᠋ ᠵᠠᠬᠢᠷᠤᠯ ᠭᠧᠩ ᠷᠠᠨ ᠶᠡᠷᠢᠵᠤ ᠪᠠᠢᠯ᠎ᠠ᠃  (ᠰᠢᠨᠬᠤᠧᠠ ᠬᠣᠷᠢᠶᠠᠨ᠎ᠤ ᠪᠡᠭᠡᠵᠢᠩ᠎ᠦ᠋ᠨ 8 ᠰᠠᠷ᠎ᠠ᠎ᠶ᠋ᠢᠨ 31᠎ᠦ᠌ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号