ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ
ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ 27᠎ᠤ᠋ ᠤᠷᠤᠢ ᠰᠢ ᠠᠨ᠎ᠳᠤ ᠲᠡᠭᠦᠰᠪᠡ᠃
ᠤᠷᠤᠢ᠎ᠶ᠋ᠢᠨ 8 ᠴᠠᠭ᠎ᠲᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌
ᠤᠯᠤᠰ᠎ᠤᠨ ᠲᠠᠮᠢᠷ᠎ᠤᠨ ᠴᠤᠭ᠍ᠯᠠᠭᠠᠨ᠎ᠤ ᠲᠡᠭᠦᠰᠭᠦ ᠶᠣᠰᠣᠯᠠᠯ ᠰᠢ ᠠᠨ᠎ᠤ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ
ᠲᠥᠪ᠎ᠦᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠶᠠᠪᠤᠭ᠍ᠳᠠᠪᠠ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ
ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ
ᠺᠸ ᠴᠢᠶᠠᠩ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ
ᠠᠷᠪᠠᠨ ᠳᠥᠷᠪᠡᠳᠦᠭᠡᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ ᠲᠡᠭᠦᠰᠦᠭᠰᠡᠨ᠎ᠢ ᠵᠠᠷᠯᠠᠪᠠ᠃ ᠠᠷᠪᠠᠨ ᠳᠥᠷᠪᠡᠳᠦᠭᠡᠷ
ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠰᠦᠯᠳᠡ ᠳᠠᠭᠤᠤ 《 ᠢᠷᠡᠭᠡᠳᠦᠢ᠎ᠶ᠋ᠢ
ᠴᠢᠭᠯᠡᠨ ᠮᠤᠷᠳᠠᠶ᠎ᠠ》 ᠵᠢᠨ ᠠᠶ᠎ᠠ ᠳᠤᠮᠳᠠ᠂
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠤ ᠲᠤᠭ ᠠᠯᠭᠤᠷᠬᠠᠨ ᠪᠠᠭᠤᠵᠤ᠂
13 ᠡᠳᠦᠷ ᠠᠰᠠᠬᠰᠠᠨ ᠭᠣᠣᠯ ᠭᠠᠯ ᠪᠠᠮᠪᠠᠷ ᠠᠭᠠᠵᠢᠮ᠎ᠢᠶᠠᠷ ᠤᠨᠲᠠᠷᠠᠪᠠ᠃
ᠰᠦᠨ ᠴᠦᠨ ᠯᠠᠨ᠂ ᠵᠠᠩ ᠴᠦᠨ ᠱᠢᠶᠠᠨ᠂ ᠱᠢᠶᠤᠤ ᠵᠢᠶᠧ᠂ ᠬᠥ᠋ ᠱᠧᠩ ᠽᠤ᠌
ᠵᠢᠴᠢ ᠮᠢᠶᠣᠣ ᠬᠤᠸᠠ ᠲᠡᠭᠦᠰᠭᠦ ᠶᠣᠰᠣᠯᠠᠯ᠎ᠳᠤ ᠣᠷᠣᠯᠴᠠᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ
ᠴᠤᠭ᠍ᠯᠠᠭᠠᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠣᠶ᠂ ᠮᠠᠨ᠎ᠤ
ᠤᠯᠤᠰ᠎ᠤᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ
ᠠᠶᠠᠨ᠎ᠢᠶᠠᠨ ᠡᠬᠢᠯᠡᠭᠦᠯᠦᠭ᠌ᠰᠡᠨ ᠴᠢᠬᠤᠯᠠ ᠵᠠᠩᠭᠢᠯᠠᠭ᠎ᠠ᠎ᠶ᠋ᠢᠨ ᠦᠶ᠎ᠡ᠎ᠳᠦ ᠡᠷᠭᠢᠯᠡᠭ᠌ᠰᠡᠨ ᠶᠡᠷᠦᠩᠬᠡᠢᠯᠡᠭ᠌ᠰᠡᠨ
ᠴᠢᠨᠠᠷᠲᠠᠶ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠣᠯᠤᠨ᠎ᠠ᠂ ᠪᠠᠰᠠ ᠴᠤ᠌ ᠮᠠᠨ᠎ᠤ ᠤᠯᠤᠰ᠎ᠤᠨ
2035 ᠤᠨ ᠪᠣᠯᠬᠤ᠎ᠳᠤ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠢ ᠪᠠᠢᠭᠤᠯᠬᠤ
ᠪᠡᠷ ᠳᠤᠷᠠᠳᠤᠭ᠍ᠰᠠᠨ᠎ᠤ ᠳᠠᠷᠠᠭ᠎ᠠ ᠡᠷᠭᠢᠯᠡᠭ᠌ᠰᠡᠨ ᠨᠢᠭᠡ ᠤᠳᠠᠭᠠᠨ᠎ᠤ ᠶᠡᠷᠦᠩᠬᠡᠢᠯᠡᠭ᠌ᠰᠡᠨ ᠴᠢᠨᠠᠷᠲᠠᠶ ᠴᠢᠬᠤᠯᠠ
ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠪᠣᠯᠤᠨ᠎ᠠ᠃ ᠲᠤᠰ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ
ᠨᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂《ᠪᠦᠬᠦ᠌ ᠠᠷᠠᠳ᠎ᠤᠨ ᠪᠦᠬᠦ ᠤᠯᠤᠰ᠎ᠤᠨ ᠳᠠᠮᠢᠷ᠎ᠤᠨ ᠴᠤᠬᠯᠠᠭᠠᠨ᠂ ᠰᠡᠳᠭᠢᠯ ᠨᠢᠭᠡᠳᠦᠨ ᠬᠠᠮᠲᠤ᠎ᠪᠠᠷ
ᠤᠷᠤᠭ᠍ᠰᠢᠯᠠᠶ᠎ᠠ》ᠬᠡᠬᠦ ᠭᠣᠣᠯ ᠰᠡᠳᠦᠪ᠎ᠢ ᠳᠤᠪᠤᠢ᠌ᠯᠭᠠᠵᠤ᠂ ᠲᠠᠮᠢᠷᠴᠢᠳ ᠱᠢᠷᠭᠠᠭᠤ ᠬᠠᠲᠠᠭᠤᠵᠢᠯᠲᠠᠢ ᠲᠡᠮᠡᠴᠡᠬᠦ᠌
ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ 《ᠡᠭᠦᠷᠭᠡ ᠬᠠᠷᠢᠭᠤᠴᠠᠯᠭ᠎ᠠ
ᠡᠬᠦᠷᠬᠡᠯᠡᠵᠥ᠂ ᠴᠢᠷᠮᠠᠢᠨ ᠲᠡᠮᠡᠴᠡᠬᠦ᠌᠎ᠳᠦ ᠪᠢ ᠪᠠᠢᠨ᠎ᠠ》ᠭᠡᠬᠦ᠌ ᠬᠠᠷᠢᠭᠤᠴᠠᠯᠭ᠎ᠠ
ᠡᠭᠦᠷᠭᠡᠯᠡᠯ᠎ᠢ ᠲᠠᠢᠯᠪᠤᠷᠢᠯᠠᠵᠤ᠂ ᠳᠡᠭᠡᠷ᠎ᠡ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ
ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠭ᠌ᠰᠡᠨ ᠲᠤᠷᠱᠢᠯᠭ᠎ᠠ᠎ᠪᠠᠷ ᠲᠤᠯᠢ ᠪᠣᠯᠭᠠᠵᠤ᠂ ᠤᠯᠠᠨ ᠲᠦᠮᠡᠨ᠎ᠦ
ᠤᠷᠤᠯᠳᠤᠭᠠᠨ᠎ᠤ ᠠᠵᠢᠯᠯᠠᠭ᠎ᠠ᠎ᠶ᠋ᠢ ᠦᠷᠭᠦᠯᠵᠢᠯᠡᠨ ᠵᠤᠬᠢᠶᠠᠨ ᠪᠠᠢᠭᠤᠯᠪᠠ᠃ ᠡᠷᠬᠢᠯᠡᠭ᠌ᠴᠢ ᠳᠠᠯ᠎ᠠ ᠱᠠᠨᠰᠢ ᠮᠤᠵᠢ
ᠪᠣᠯᠤᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌
ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍ ᠂ ᠲᠠᠮᠢᠷᠴᠢᠳ᠎ᠲᠤ ᠳᠡᠷᠢᠬᠦᠨ ᠪᠤᠯᠬᠤ ᠪᠡᠷ ᠡᠷᠡᠯᠬᠡᠭ᠌ᠯᠡᠨ
ᠲᠡᠮᠡᠴᠡᠬᠦ᠌ ᠲᠠᠪᠴᠠᠩ ᠬᠠᠩᠭᠠᠨ ᠦᠭᠴᠤ᠂ ᠪᠦᠬᠦ᠌ ᠤᠯᠤᠰ᠎ᠤᠨ ᠠᠷᠠᠳ ᠲᠦᠮᠡᠨ᠎ᠳᠦ ᠳᠥᠭᠥᠮ ᠳᠥᠲᠡ᠂ ᠠᠮᠤᠷ ᠲᠦᠪᠱᠢᠨ᠂
ᠭᠣᠢᠳᠠ ᠰᠠᠢᠬᠠᠨ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ᠎ᠢ ᠦᠵᠡᠬᠦᠯᠵᠡᠢ᠃
ᠪᠠᠶᠠᠷ ᠪᠠᠶᠠᠰᠭᠤᠯᠠᠩᠲᠤ ᠠᠭᠤᠷ ᠠᠮᠢᠰᠭᠤᠯ᠎ᠤᠨ ᠳᠤᠮᠳᠠ ᠂ ᠡᠯ᠎ᠡ ᠤᠷᠤᠯᠳᠤᠭᠠᠨ᠎ᠳᠤ
ᠣᠷᠣᠯᠴᠠᠬᠰᠠᠨ ᠲᠥᠯᠥᠭᠡᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢ ᠲᠠᠯᠠᠪᠠᠢ᠎ᠳᠤ ᠣᠷᠣᠪᠠ᠃ ᠪᠦᠭᠦᠳᠡᠭᠡᠷ᠎ᠢᠶᠡᠨ
ᠪᠣᠰᠴᠤ᠌ ᠵᠣᠭ᠍ᠰᠣᠨ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠳᠠᠭᠤᠯᠠᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ
ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠨᠥᠬᠥᠳ ᠪᠡᠶ᠎ᠡ᠎ᠶ᠋ᠢᠨ
ᠲᠠᠮᠢᠷ᠎ᠤᠨ ᠶᠣᠰᠣ ᠮᠣᠷᠠᠯ᠎ᠤᠨ ᠱᠠᠩᠨᠠᠯ ᠪᠠ ᠤᠷᠤᠯᠳᠤᠭᠠᠨ᠎ᠳᠤ ᠣᠷᠣᠯᠴᠠᠭ᠍ᠰᠠᠨ ᠳᠤᠷᠠᠰᠭᠠᠯ᠎ᠤᠨ ᠱᠠᠩᠨᠠᠯ ᠣᠯᠤᠭ᠍ᠰᠠᠨ
ᠲᠥᠯᠥᠭᠡᠯᠡᠭ᠌ᠴᠢᠳ᠎ᠦᠨ ᠪᠦᠯᠬᠦᠮ᠎ᠦᠨ ᠨᠡᠷᠡᠰ᠎ᠢ ᠵᠠᠷᠯᠠᠨ ᠤᠩᠱᠢᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ
ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠭᠦᠢᠴᠡᠳᠭᠡᠭ᠌ᠴᠢ ᠡᠷᠬᠢᠯᠡᠭ᠌ᠴᠢ ᠂ ᠱᠠᠨᠰᠢ ᠮᠤᠵᠢ᠎ᠶ᠋ᠢᠨ
ᠳᠠᠷᠤᠭ᠎ᠠ ᠵᠤᠤ ᠢ ᠳ᠋ᠸ ᠪᠠᠶᠠᠷ᠎ᠤᠨ ᠦᠭᠡ ᠬᠡᠯᠡᠪᠡ᠃ ᠲᠡᠷᠡ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ
ᠬᠣᠷᠢᠶᠠᠨ᠎ᠤ ᠵᠥᠪ ᠤᠨᠤᠪᠴᠢᠳᠠᠢ ᠤᠳᠤᠷᠢᠳᠤᠯᠭ᠎ᠠ ᠪᠠ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ
ᠵᠡᠷᠭᠡ ᠶᠠᠮᠤᠨ ᠵᠥᠪᠯᠡᠯ᠎ᠦᠨ ᠨᠠᠷᠢᠨ ᠨᠢᠮᠪᠠᠶ ᠵᠢᠯᠣᠭᠣᠳᠣᠯᠭ᠎ᠠ ᠳᠤᠤᠷ᠎ᠠ ᠂ ᠣᠯᠠᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ
ᠳᠡᠮᠵᠢᠨ ᠂ ᠲᠣᠰ ᠬᠤᠭᠤᠴᠠᠭᠠᠨ᠎ᠤ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠲᠡᠭᠦᠰ ᠠᠮᠵᠢᠯᠲᠠ᠎ᠲᠠᠶ
ᠶᠠᠪᠤᠬᠳᠠᠪᠠ᠃ ᠪᠦᠬᠦ᠌ ᠠᠷᠠᠳ᠎ᠤᠨ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠳᠦᠷᠡᠯᠵᠡᠭ᠌ᠰᠡᠨ ᠬᠦᠰᠡᠯ᠎ᠦᠨ
ᠤᠴᠢ ᠂ ᠬᠦᠰᠡᠯ᠎ᠦᠨ ᠬᠡᠷᠡᠯ ᠭᠢᠯᠪᠠᠭ᠎ᠠ ᠨᠢ ᠪᠦᠬᠦ᠌ ᠳᠤᠮᠳᠠᠳᠤ᠎ᠶ᠋ᠢᠨ
ᠬᠥᠪᠡᠭᠦᠳ ᠥᠬᠢᠳ᠎ᠦᠨ ᠰᠡᠳᠭᠢᠯ ᠨᠢᠭᠡᠳᠦᠨ ᠡᠷᠡᠯᠬᠡᠭ᠌ᠯᠡᠨ ᠤᠷᠤᠭ᠍ᠰᠢᠯᠠᠬᠤ᠎ᠶ᠋ᠢ ᠵᠣᠷᠢᠭ᠍ᠵᠢᠭᠤᠯᠬᠤ ᠨᠢ ᠯᠠᠪᠲᠠᠢ
ᠶᠤᠮ᠃ ᠱᠠᠨᠰᠢ ᠮᠤᠵᠢ᠎ᠶ᠋ᠢᠨ᠎ᠬᠢᠨ ᠶᠡᠷᠦᠩᠬᠡᠢ ᠱᠦᠵᠢ ᠰᠢ᠎ᠶ᠋ᠢᠨ ᠫᠢᠩ᠎ᠦᠨ ᠱᠠᠨᠰᠢ᠎ᠳᠤ ᠱᠢᠨᠵᠢᠯᠡᠨ ᠪᠠᠢᠴᠠᠭᠠᠬᠤ
ᠦᠶ᠎ᠡ᠎ᠶ᠋ᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ
ᠲᠤᠭᠤᠱᠢᠯᠠᠭᠤᠯᠵᠤ ᠂ ᠦᠵᠡᠯ ᠰᠠᠨᠠᠭ᠎ᠠ᠎ᠪᠠᠨ ᠴᠢᠯᠥᠭᠡᠯᠡᠵᠦ᠍ ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ
᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ ᠂ ᠱᠠᠨᠰᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ
ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠪᠤᠯᠤᠨ᠎ᠠ ᠬᠡᠪᠡ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ
ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠡᠷᠬᠢᠯᠡᠭ᠌ᠴᠢ ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ
ᠲᠣᠪᠴᠢᠶᠠᠨ᠎ᠤ ᠳᠠᠷᠤᠭ᠎ᠠ ᠭᠸᠦ ᠵᠥᠩ ᠸᠸᠨ ᠪᠠᠶᠠᠷ᠎ᠤᠨ ᠦᠭᠡ ᠬᠡᠯᠡᠵᠡᠶ᠃ ᠲᠡᠷᠡ᠂ ᠨᠠᠮ᠎ᠤᠨ ᠲᠥᠪ ᠬᠣᠷᠢᠶ᠎ᠠ ᠂
ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ
ᠳᠣᠣᠷ᠎ᠠ ᠂ ᠲᠤᠰ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠲᠡᠭᠦᠰ ᠠᠮᠵᠢᠯᠲᠠ ᠣᠯᠵᠤ ᠂ ᠬᠥᠳᠡᠯᠭᠡᠭᠡᠨ᠎ᠦ
ᠬᠢᠷᠢ ᠪᠦᠲᠦᠮᠵᠢ ᠪᠣᠯᠤᠨ ᠤᠶᠤᠨ᠎ᠤ ᠪᠣᠯᠪᠠᠰᠤᠨ᠎ᠤ ᠬᠣᠣᠰ ᠠᠮᠵᠢᠯᠲᠠ ᠵᠢ ᠡᠬᠦᠳᠪᠡ᠃ ᠪᠢᠳᠡ ᠰᠢ᠎ᠶ᠋ᠢᠨ ᠫᠢᠩ ᠨᠥᠬᠥᠷ᠎ᠢᠶᠡᠷ
ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠍ ᠂ 《 ᠳᠥᠷᠪᠡᠨ ᠤᠬᠠᠮᠰᠠᠷ
》 ᠵᠢᠡᠨ ᠴᠢᠩᠭᠠᠳᠭᠠᠵᠤ
᠂ 《 ᠳᠥᠷᠪᠡᠨ ᠢᠲᠡᠭᠡᠯ
》 ᠵᠢᠡᠨ ᠪᠠᠲᠤᠳᠭᠠᠵᠤ
᠂ 《 ᠬᠣᠶᠠᠷ᠎ᠢ ᠬᠠᠮᠠᠭᠠᠯᠠᠬᠤ
》 ᠶ᠋ᠢ ᠪᠡᠶᠡᠯᠡᠭᠦᠯᠵᠦ᠍ ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ
ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ
ᠪᠡᠶᠡᠯᠡᠭᠦᠯᠬᠦ᠌᠎ᠳᠦ ᠨᠠᠩ ᠶᠡᠬᠡ ᠬᠦᠴᠦᠨ ᠴᠢᠳᠠᠯ᠎ᠢᠶᠠᠨ ᠡᠷᠭᠦᠶ᠎ᠡ ᠬᠡᠪᠡ᠃
ᠲᠡᠭᠦᠰᠭᠦ ᠶᠣᠰᠣᠯᠠᠯ ᠳᠡᠭᠡᠷ᠎ᠡ ᠂ ᠵᠤᠤ ᠢ ᠳ᠋ᠸ ᠪᠦᠬᠦ᠌ ᠤᠯᠤᠰ᠎ᠤᠨ
ᠲᠠᠮᠢᠷ᠎ᠤᠨ ᠴᠤᠭ᠍ᠯᠠᠭᠠᠨ᠎ᠤ ᠲᠤᠭ᠎ᠢ ᠭᠸᠤ ᠵᠦᠩ ᠸᠸᠨ ᠳ᠋ᠤ ᠪᠤᠴᠠᠭᠠᠨ ᠥᠭ᠌ᠴᠦ᠂ ᠭᠸᠤ ᠵᠦᠩ ᠸᠸᠨ ᠲᠤᠭ᠎ᠢ ᠠᠷᠪᠠᠨ
ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠢ ᠳᠠᠭᠠᠭᠠᠴᠢᠯᠠᠨ ᠡᠷᠬᠢᠯᠡᠬᠦ᠌ ᠨᠢᠭᠡᠴᠢ᠎ᠶ᠋ᠢᠨ
ᠲᠥᠯᠥᠭᠡᠯᠡᠭ᠌ᠴᠢ ᠪᠣᠯᠤᠭ᠍ᠰᠠᠨ ᠭᠤᠸᠠᠩᠳᠦ᠋ᠩ ᠮᠤᠵᠢ᠎ᠶ᠋ᠢᠨ ᠳᠠᠷᠤᠭ᠎ᠠ ᠮᠠ ᠱᠢᠩ ᠷᠦᠢ ᠂ ᠱᠢᠶᠠᠩᠭᠠᠩ ᠣᠨᠴᠠᠭᠠᠢ
ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢᠨ ᠵᠧᠩ ᠶᠤᠸᠠᠢ ᠧ ᠂ ᠣᠣᠮᠧᠨ ᠣᠨᠴᠠᠭᠠᠢ
ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠾᠧ ᠢ ᠴᠧᠩᠳᠦ ᠱᠢᠯᠵᠢᠭᠦᠯᠦᠨ ᠭᠠᠷᠳᠠᠭᠤᠯᠪᠠ᠃
ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ 2025 ᠣᠨ᠎ᠳᠤ ᠭᠤᠸᠠᠩᠳᠦ᠋ᠩ
᠂ ᠱᠢᠶᠠᠩᠭᠠᠩ ᠂ ᠣᠣᠮᠧᠨ᠎ᠳᠦ ᠶᠠᠪᠤᠭ᠍ᠳᠠᠬᠤ ᠪᠤᠯᠤᠨ᠎ᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ
ᠴᠤᠭ᠍ᠯᠠᠭᠠᠨ 9 ᠰᠠᠷ᠎ᠠ᠎ᠶ᠋ᠢᠨ 15 ᠤ᠋ ᠡᠳᠦᠷ ᠰᠢ ᠠᠨ᠎ᠳᠤ ᠡᠬᠢᠯᠡᠵᠦ᠍ ᠂ 35 ᠤᠷᠤᠯᠳᠤᠭᠠᠨ᠎ᠤ ᠲᠥᠷᠥᠯ ᠵᠦᠶ᠋ᠯ
ᠪᠠ 19 ᠣᠯᠠᠨ ᠲᠦᠮᠡᠨᠴᠢ ᠤᠷᠤᠯᠳᠤᠭᠠᠨ᠎ᠤ ᠨᠡᠢᠳᠡ 595 ᠪᠠᠭ᠎ᠠ ᠲᠥᠷᠥᠯ᠎ᠢ ᠲᠣᠬᠢᠷᠠᠭᠤᠯᠵᠤ ᠂ ᠨᠡᠢᠲᠡ 1.2 ᠲᠦᠮᠡ
ᠭᠠᠷᠤᠶ ᠲᠠᠮᠢᠷᠴᠢᠨ ᠪᠠ 1 ᠲᠦᠮᠡ ᠭᠠᠷᠤᠶ ᠣᠯᠠᠨ ᠲᠦᠮᠡᠨ ᠲᠠᠮᠢᠷᠴᠢᠨ ᠣᠷᠣᠯᠴᠠᠵᠠᠶ᠃ 9 ᠬᠥᠮᠦᠨ 1 ᠠᠩᠭᠢ ᠨᠢ
12 ᠤᠳᠠᠭ᠎ᠠ 12 ᠳᠦᠷᠦᠯ᠎ᠤᠨ ᠳᠡᠯᠡᠬᠡᠶ᠎ᠶ᠋ᠢᠨ ᠰᠢᠨ᠎ᠡ
ᠲᠡᠮᠳᠡᠭ᠌ᠯᠡᠯ᠎ᠢ ᠡᠬᠦᠳᠴᠤ ᠂ 1 ᠬᠥᠮᠦᠨ 1 ᠠᠩᠭᠢ ᠨᠢ 2 ᠤᠳᠠᠭ᠎ᠠ 2 ᠳᠦᠷᠦᠯ᠎ᠤᠨ ᠠᠽᠢᠶ᠎ᠠ ᠲᠢᠪ᠎ᠦᠨ ᠲᠡᠮᠳᠡᠭ᠌ᠯᠡᠯ᠎ᠢ
ᠡᠭᠦᠳᠴᠦ᠍ ᠂ 15 ᠬᠥᠮᠦᠨ7 ᠠᠩᠭᠢ ᠨᠢ 24 ᠤᠳᠠᠭ᠎ᠠ 24 ᠳᠦᠷᠦᠯ᠎ᠤᠨ ᠪᠦᠬᠦ᠌ ᠤᠯᠤᠰ᠎ᠤᠨ ᠰᠢᠨ᠎ᠡ ᠲᠡᠮᠳᠡᠭ᠌ᠯᠡᠯ᠎ᠢ
ᠡᠭᠦᠳᠪᠡ᠃
ᠲᠡᠭᠦᠰᠭᠦ ᠶᠣᠰᠣᠯᠠᠯ ᠳᠡᠭᠡᠷ᠎ᠡ ᠪᠠᠰᠠ《 ᠬᠦᠰᠡᠯ ᠵᠡᠭᠦᠳᠦ᠍᠎ᠪᠡᠨ
ᠲᠡᠷᠭᠡᠯᠱᠢᠭᠦᠯᠬᠦ᠌᠎ᠪᠡᠷ ᠡᠷᠡᠮᠡᠬᠡᠢᠯᠡᠨ ᠤᠷᠤᠭ᠍ᠰᠢᠯᠠᠶ᠎ᠠ 》 ᠭᠡᠬᠦ᠌ ᠭᠣᠣᠯ
ᠰᠡᠳᠦᠪᠲᠦ ᠰᠣᠶᠣᠯ ᠪᠡᠶ᠎ᠡ᠎ᠶ᠋ᠢᠨ ᠲᠠᠮᠢᠷ᠎ᠤᠨ ᠦᠵᠡᠭᠦᠯᠭᠡ ᠶᠠᠪᠤᠬᠳᠠᠭᠤᠯᠪᠡ᠃