ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠣᠣᠷᠠᠬᠢ 3 ᠨᠡᠷᠡᠰ᠎ᠢ ᠤᠯᠠᠮ ᠴᠢᠨᠠᠬᠰᠢᠳᠠ ᠬᠡᠷᠡᠭ᠌ᠯᠡᠬᠦ᠌ ᠪᠠ ᠱᠢᠯᠢᠨ ᠳᠡᠪᠱᠢᠭᠦᠯᠬᠦ᠌᠎ᠪᠡᠷ ᠪᠠᠢᠭ᠎ᠠ ᠺᠠᠳ᠋ᠷ᠎ᠢ ᠢᠯᠡ ᠨᠡᠢᠳᠡᠯᠡᠬᠦ ᠪᠡᠷ ᠲᠣᠭ᠍ᠲᠠᠪᠠ᠃
ᠨᠢᠭᠡ᠂ ᠵᠠᠷᠯᠠᠨ ᠨᠡᠢᠲᠡᠯᠡᠬᠦ᠌ ᠨᠡᠷᠡᠰ
ᠴᠢᠶᠣᠤ ᠵᠢᠶᠦ᠋ᠨ ᠹᠸᠩ᠂ ᠡᠷᠡᠭ᠌ᠲᠡᠶ᠂ 1963 ᠣᠨ᠎ᠤ 3 ᠰᠠᠷ᠎ᠠ᠎ᠳᠤ ᠳᠦᠷᠦᠵᠡᠶ᠂ ᠮᠣᠩᠭᠣᠯ ᠦᠨᠳᠦᠰᠦᠲᠡᠨ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠳᠡᠭᠡᠳᠦ ᠵᠡᠷᠭᠡ ᠵᠢᠨ ᠢᠨᠵᠧᠨᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠮᠸᠩ ᠱᠠᠩ ᠪᠠᠩᠬᠢ᠎ᠶ᠋ᠢᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠡᠷᠡᠭ ᠮᠡᠳᠡᠭ᠌ᠴᠢᠳ᠎ᠦᠨ ᠳᠡᠳ᠋ ᠳᠠᠷᠤᠭ᠎ᠠ᠂ ᠪᠠᠩᠬᠢ᠎ᠶ᠋ᠢᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠤᠳᠤᠷᠢᠳᠭᠤ ᠪᠠᠭ᠎ᠢ ᠱᠢᠭᠤᠳ ᠬᠠᠮᠢᠶᠠᠷᠬᠤ ᠠᠵᠤ ᠠᠬᠤᠢᠯᠠᠯ᠎ᠤᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ᠎ᠶ᠋ᠢᠨ ᠲᠤᠱᠢᠶᠠᠯ᠎ᠳᠤ ᠲᠣᠮᠢᠯᠠᠬᠤ᠎ᠪᠠᠷ ᠪᠣᠶ;
ᠯᠢᠦ ᠶᠦᠩ ᡁᠢ᠂ ᠡᠷᠡᠭ᠌ᠲᠡᠶ᠂ 1964 ᠣᠨ᠎ᠤ 1 ᠰᠠᠷ᠎ᠠ᠎ᠳᠤ ᠳᠦᠷᠦᠵᠡᠶ᠂ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ ᠲᠠᠢ᠂ ᠲᠠᠷᠢᠶᠠᠯᠠᠩ᠎ᠤᠨ ᠤᠬᠠᠭᠠᠨ᠎ᠤ ᠳ᠋ᠣᠺᠲ᠋ᠣᠷ᠂ ᠰᠤᠳᠤᠯᠤᠭ᠍ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠦᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠪᠠᠢᠭᠤᠯᠭ᠎ᠠ᠎ᠶ᠋ᠢᠨ ᠳᠣᠲᠣᠭᠠᠳᠤ᠎ᠶ᠋ᠢᠨ ᠪᠠᠢᠭᠤᠯᠤᠮᠵᠢ᠎ᠶ᠋ᠢᠨ ᠵᠢᠩᠬᠢᠨᠢ ᠲᠤᠱᠢᠶᠠᠯ᠎ᠤᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠢ;
ᠸᠠᠩ ᠶᠠ ᠳ᠋ᠦᠩ᠂ ᠡᠷᠡᠭ᠌ᠲᠡᠶ᠂ 1973 ᠣᠨ᠎ᠤ 3 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠥᠷ ᠮᠣᠩᠭᠣᠯ᠎ᠤᠨ ᠱᠢᠨᠬᠤᠸᠠ ᠲᠠᠷᠬᠠᠭᠠᠯᠲᠠ᠎ᠶ᠋ᠢᠨ ᠪᠦᠯᠦᠭ᠌ᠯᠡᠯ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠶᠡᠷᠦᠩᠬᠡᠶ ᠳᠠᠭᠠᠭᠠᠮᠠᠯ᠎ᠤᠨ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠤᠳᠤᠷᠢᠳᠭᠤ ᠪᠠᠭ᠎ᠢ ᠱᠢᠭᠤᠳ ᠬᠠᠮᠢᠶᠠᠷᠬᠤ ᠠᠵᠤ ᠠᠬᠤᠢᠯᠠᠯ᠎ᠤᠨ ᠵᠢᠩᠬᠢᠨᠢ ᠲᠤᠱᠢᠶᠠᠯ᠎ᠳᠤ ᠨᠡᠷ᠎ᠡ ᠳᠤᠷᠠᠳᠭᠤ᠎ᠪᠠᠷ ᠪᠣᠶ᠃
ᠬᠣᠶᠠᠷ᠂ ᠢᠯᠡ ᠨᠡᠢᠲᠡᠯᠡᠬᠦ᠌ ᠴᠠᠭ
2021 ᠣᠨ᠎ᠤ 10 ᠰᠠᠷ᠎ᠠ᠎ᠶ᠋ᠢᠨ 22 ᠤᠨ ᠡᠳᠦᠷ᠎ᠡᠴᠡ 2021 ᠣᠨ᠎ᠤ 10 ᠰᠠᠷ᠎ᠠ᠎ᠶ᠋ᠢᠨ 28 ᠤ ᠡᠳᠦᠷ ᠪᠣᠯᠲᠠᠯ᠎ᠠ᠃
ᠭᠤᠷᠪᠠ᠂ ᠬᠦᠯᠢᠶᠡᠨ ᠠᠪᠴᠤ᠌ ᠱᠢᠢᠳᠪᠦᠷᠢᠯᠡᠬᠦ᠌ ᠠᠷᠭ᠎ᠠ
ᠨᠢᠭᠡᠴᠢ ᠪᠠ ᠬᠤᠪᠢ ᠬᠥᠮᠦᠨ ᠰᠤᠷᠪᠤᠯᠵᠢᠯᠠᠬᠤ᠎ᠪᠠᠷ ᠢᠷᠡᠬᠦ᠌᠂ ᠵᠠᠬᠢᠳᠠᠯ ᠢᠷᠡᠭᠦᠯᠬᠦ᠌᠂ ᠤᠲᠠᠰᠤᠳᠠᠬᠤ ᠵᠡᠷᠭᠡ ᠬᠡᠯᠪᠡᠷᠢ᠎ᠪᠡᠷ ᠳᠡᠭᠡᠷᠡᠬᠢ ᠢᠯᠡ᠎ᠪᠡᠷ ᠨᠡᠢᠲᠡᠯᠡᠭ᠌ᠰᠡᠨ ᠬᠥᠮᠦᠰ᠎ᠦᠨ ᠬᠣᠯᠪᠣᠭ᠍ᠳᠠᠯ ᠪᠥᠬᠥᠶ ᠪᠠᠢᠳᠠᠯ ᠪᠠ ᠠᠰᠠᠭᠤᠳᠠᠯ᠎ᠢ ᠲᠤᠰᠭᠠᠵᠤ ᠪᠣᠯᠤᠨ᠎ᠠ᠃ ᠲᠤᠰᠭᠠᠭ᠍ᠰᠠᠨ ᠠᠰᠠᠭᠤᠳᠠᠯ᠎ᠢ ᠪᠠᠢᠴᠠᠭᠠᠨ ᠬᠠᠷᠭᠤᠭᠤᠯᠬᠤ᠎ᠳᠤ ᠲᠥᠬᠥᠮ᠎ᠦᠨ ᠲᠤᠰᠠᠳᠠ᠂ ᠠᠰᠠᠭᠤᠳᠠᠯ᠎ᠢ ᠲᠤᠰᠭᠠᠬᠤ ᠦᠶ᠎ᠡ᠎ᠳᠦ ᠬᠣᠯᠪᠣᠭ᠍ᠳᠠᠯ ᠪᠥᠬᠥᠶ ᠰᠦᠪᠡᠭ᠌ᠴᠢ ᠵᠢᠴᠢ ᠲᠣᠰ ᠬᠥᠮᠦᠨ᠎ᠦ ᠵᠢᠡᠭᠭᠢᠨᠢ ᠣᠪᠣᠭ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠨᠢᠭᠤᠴᠠ᠎ᠶ᠋ᠢ ᠬᠠᠮᠠᠭᠠᠯᠠᠬᠤ ᠡᠭᠦᠷᠭᠡ᠎ᠪᠡᠨ ᠭᠦᠶ᠋ᠴᠡᠳᠭᠡᠵᠦ᠍᠂ ᠬᠢᠨᠠᠨ ᠬᠠᠷᠭᠤᠭᠤᠯᠤᠭ᠍ᠰᠠᠨ ᠪᠠᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠭᠠᠨ᠎ᠠ᠃
ᠢᠯᠡ ᠨᠡᠢᠲᠡᠯᠡᠬᠦ᠌ ᠠᠯᠪᠠᠨ ᠬᠡᠷ᠎ᠢ ᠥᠪᠥᠷ ᠮᠣᠩᠭᠣᠯ᠎ᠤᠨ ᠨᠠᠮ ᠵᠠᠰᠠᠭ᠎ᠤᠨ ᠪᠠᠢᠭᠤᠯᠭ᠎ᠠ᠎ᠶ᠋ᠢᠨ ᠠᠯᠪᠠᠨ ᠠᠰᠠᠷ᠎ᠤᠨ 401 ᠲᠠᠰᠤᠭ᠎ᠲᠤ ᠳᠣᠭᠢᠷᠠᠭᠤᠯᠪᠠ᠃
ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ᠎ᠶ᠋ᠢᠨ ᠡᠮᠦᠨᠡᠬᠢ 9᠄ 00 —12᠄ 00
ᠦᠳᠡ᠎ᠶ᠋ᠢᠨ ᠬᠣᠢᠨᠠᠬᠢ 13 ᠄ 30 —17᠄ 00
ᠬᠦᠯᠢᠶᠡᠨ ᠠᠪᠬᠤ ᠤᠲᠠᠰᠤ ᠄ (0471)12380
ᠣᠨᠴᠠᠭᠠᠢᠯᠠᠨ ᠵᠠᠷᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ
2021 ᠣᠨ᠎ᠤ 10 ᠰᠠᠷ᠎ᠠ᠎ᠶ᠋ᠢᠨ 21 ᠤ᠋ ᠡᠳᠤᠷ