ᠡᠩ᠎ᠤᠨ ᠬᠥᠮᠦᠨ᠎ᠤ ᠬᠠᠷᠠᠭᠠᠨ᠎ᠳᠤ ᠮᠣᠳᠣ ᠪᠤᠯ ᠵᠦᠪᠬᠡᠨ ᠲᠦᠯᠡᠭᠡ ᠲᠡᠳᠦᠢ᠂ ᠬᠠᠷᠢᠨ
ᠤᠷᠠᠨ ᠳᠠᠷᠬᠠᠨ᠎ᠤ ᠬᠠᠷᠠᠭᠠᠨ᠎ᠳᠤ ᠤᠷᠠᠯᠢᠭ᠎ᠤᠨ ᠪᠦᠲᠦᠭᠡᠭ᠌ᠳᠡᠬᠦᠨ ᠵᠤᠬᠢᠶᠠᠬᠤ ᠮᠠᠲ᠋ᠧᠷᠢᠶᠠᠯ ᠪᠤᠯᠳᠠᠭ᠃ ᠤᠯᠠᠮᠵᠢᠯᠠᠯᠲᠤ
ᠰᠡᠢᠯᠦᠮᠠᠯ᠎ᠤᠨ ᠤᠷ᠎ᠠ ᠮᠡᠷᠭᠡᠵᠢᠯ ᠶᠡᠷᠦᠮᠳᠡᠭᠢ ᠭᠠᠢᠬᠠᠮᠱᠢᠭ ᠪᠣᠯᠭᠠᠵᠤ᠂ ᠳᠡᠯᠡᠬᠡᠶ ᠶᠢᠷᠲᠢᠨᠴᠦ᠎ᠳᠤ ᠦᠩᠭᠡ
ᠨᠡᠮᠡᠷᠢᠯᠡᠵᠦ ᠴᠢᠳᠠᠨ᠎ᠠ᠃ ᠪᠠᠷᠢᠯᠭ᠎ᠠ᠎ᠶ᠋ᠢᠨ 《ᠦᠨᠭᠭᠡ ᠨᠢᠭᠤᠷ》 ᠪᠤᠯᠤᠭᠰᠠᠨ ᠤᠯᠠᠮᠵᠢᠯᠠᠯᠲᠤ
ᠮᠣᠳᠣᠨ ᠰᠡᠢᠯᠦᠮᠡᠯ ᠪᠠᠷᠢᠯᠭ᠎ᠠ᠎ᠶ᠋ᠢᠨ ᠬᠡᠷᠡᠭ᠌ᠯᠡᠭᠡᠨ᠎ᠤ
ᠴᠢᠳᠠᠮᠵᠢ᠎ᠶ᠋ᠢ ᠬᠠᠩᠭᠠᠬᠤ᠎ᠶ᠋ᠢᠨ ᠬᠠᠮᠲᠤ᠌ ᠤᠷᠠᠨ ᠨᠠᠷᠢᠯᠢᠭ ᠪᠠᠷᠢᠯᠭ᠎ᠠ᠎ᠶ᠋ᠢᠨ ᠵᠢᠷᠤᠭ ᠳᠦᠷᠰᠦ ᠪᠠ ᠭᠠᠷ ᠤᠷᠠᠯᠠᠯ᠎ᠢ
ᠬᠥᠮᠦᠰ᠎ᠲᠤ ᠳᠡᠯᠭᠡᠨ ᠦᠵᠡᠭᠦᠯᠵᠤ ᠪᠠᠢᠳᠠᠭ᠃ ᠡᠨᠡ ᠬᠦ᠌ ᠳᠤᠮᠳᠠᠳᠤ᠎ᠶ᠋ᠢᠨ ᠦᠨᠳᠦᠰᠦᠲᠡᠨ᠎ᠤ ᠱᠢᠯᠢᠳᠡᠭ ᠲᠡᠦᠬᠡ
ᠰᠣᠶᠣᠯ᠎ᠢ ᠠᠴᠢᠶᠠᠯᠠᠭ᠍ᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠢ ᠰᠠᠢᠲᠤᠷ ᠤᠯᠠᠮᠵᠢᠯᠠᠨ
ᠵᠠᠯᠭᠠᠮᠵᠢᠯᠠᠬᠤ ᠴᠢᠬᠤᠯᠠᠲᠠᠢ᠃ ᠡᠨᠡ ᠬᠦ᠌ ᠤᠯᠠᠮᠵᠢᠯᠠᠯᠲᠤ ᠮᠣᠳᠣᠨ ᠱᠤᠭᠤᠮᠠᠯ᠎ᠤᠨ ᠤᠷ᠎ᠠ ᠮᠡᠷᠭᠡᠵᠢᠯ᠎ᠢ ᠤᠯᠠᠮᠵᠢᠯᠠᠨ
ᠪᠠᠳᠠᠷᠠᠭᠤᠯᠬᠤ᠎ᠳᠤ ᠭᠠᠷ ᠬᠥᠳᠡᠯᠪᠡᠯ ᠪᠤᠯᠴᠢᠬᠠᠬᠤ ᠪᠢᠱᠢ ᠂ ᠤᠶᠤᠨ ᠲᠠᠷᠢᠬᠢ᠎ᠪᠠᠨ ᠬᠥᠳᠡᠯᠭᠡᠬᠦ᠌ ᠴᠢᠬᠤᠯᠠᠲᠠᠶ᠂ ᠨᠠᠩ ᠴᠤ᠌ ᠣᠷᠳᠣ ᠬᠤᠭᠤᠴᠠᠭ᠎ᠠ ᠪᠠᠷᠢᠮᠲᠠᠯᠠᠬᠤ ᠴᠢᠬᠤᠯᠠᠲᠠᠶ᠃ ᠦᠨᠡᠨ᠎ᠢᠶᠠᠷ᠎ᠢᠶᠠᠨ ᠶᠠᠪᠤᠪᠠᠯ ᠦᠬᠡᠷ ᠲᠡᠷᠭᠡ᠎ᠪᠠᠷ
ᠲᠠᠤᠯᠠᠶ ᠵᠢ ᠭᠦᠢᠴᠡᠨ᠎ᠡ᠃ ᠬᠥᠬᠡᠬᠤᠲᠠ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ ᠪᠤᠯᠬᠤ ᠯᠢ ᠣᠪᠣᠭ᠍ᠲᠤ᠎ᠶ᠋ᠢᠨ
ᠮᠣᠳᠣᠨ ᠰᠡᠢᠯᠦᠮᠡᠯ᠎ᠤᠨ ᠭᠠᠷ ᠤᠷᠠᠯᠠᠯ᠎ᠤᠨ ᠤᠯᠠᠮᠵᠢᠯᠠᠭ᠍ᠴᠢ 30 ᠭᠠᠷᠤᠶ
ᠵᠢᠯ᠎ᠤᠨ ᠱᠢᠷᠭᠠᠭᠤ ᠬᠠᠲᠠᠭᠤᠵᠢᠯᠲᠠᠶ ᠦᠢᠯᠡᠳᠦᠯᠭᠡ ᠪᠠ ᠲᠠᠰᠤᠷᠠᠯᠲᠠ ᠥᠬᠡᠶ ᠱᠢᠨ᠎ᠡ᠎ᠶ᠋ᠢ ᠡᠭᠦᠳᠬᠦ᠌᠎ᠪᠠᠷ ᠳᠡᠮᠵᠢᠨ᠂
ᠡᠨᠡ ᠬᠦ᠌ ᠤᠯᠠᠮᠵᠢᠯᠠᠯᠲᠤ ᠤᠷ᠎ᠠ ᠮᠡᠷᠭᠡᠵᠢᠯ᠎ᠢ ᠪᠠᠳᠠᠷᠠᠭᠤᠯᠤᠨ ᠳᠡᠯᠭᠡᠷᠡᠭᠦᠯᠵᠦ᠍᠂ ᠳᠤᠮᠳᠠᠳᠤ᠎ᠶ᠋ᠢᠨ ᠰᠣᠶᠣᠯ᠎ᠢ
ᠤᠯᠠᠮᠵᠢᠯᠠᠨ ᠪᠠᠳᠠᠷᠠᠭᠤᠯᠬᠤ᠎ᠳᠤ ᠢᠳᠡᠪᠬᠢᠲᠡᠶ ᠦᠢᠯᠡᠳᠦᠯ ᠦᠵᠡᠭᠦᠯᠪᠡ᠃

ᠰᠣᠶᠣᠯ ᠪᠣᠯ ᠦᠨᠳᠦᠰᠦᠲᠡᠨ᠎ᠤ ᠠᠮᠢᠨ ᠰᠤᠳᠠᠰᠤ ᠮᠥᠨ᠂ ᠠᠷᠠᠳ ᠲᠦᠮᠡᠨ᠎ᠤ ᠤᠶᠤᠨ
ᠰᠠᠨᠠᠭᠠᠨ᠎ᠤ ᠭᠡᠷ ᠣᠷᠣᠨ ᠮᠥᠨ᠃ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ
ᠪᠣᠯ ᠮᠠᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢᠶᠠᠨ ᠬᠠᠮᠠᠭᠠᠯᠠᠵᠤ ᠪᠠᠢᠭ᠎ᠠ ᠶᠠᠪᠤᠳᠠᠯ ᠪᠤᠯᠬᠤ
ᠶᠤᠮ᠃ ᠤᠯᠠᠮᠵᠢᠯᠠᠨ ᠵᠠᠯᠭᠠᠮᠵᠢᠯᠠᠬᠤ ᠪᠣᠯ ᠬᠠᠮᠤᠭ᠎ᠤᠨ ᠰᠠᠢᠨ ᠬᠠᠮᠠᠭᠠᠯᠠᠯᠲᠠ ᠪᠤᠯᠬᠤ ᠶᠤᠮ᠂ ᠭᠡᠪᠡᠴᠦ᠍ ᠤᠯᠠᠮᠵᠢᠯᠠᠨ
ᠵᠠᠯᠭᠠᠮᠵᠢᠯᠠᠬᠤ᠎ᠨᠢ ᠬᠡᠵᠢᠶᠡᠳᠡ ᠬᠤᠪᠢᠷᠠᠰᠢ ᠦᠭᠡᠢ ᠪᠢᠰᠢ᠂ ᠬᠠᠷᠢᠨ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠵᠤ
᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍ ᠂ ᠪᠤᠰᠤᠳ᠎ᠤᠨ ᠰᠠᠢᠨ᠎ᠢ ᠥᠷᠭᠡᠨ᠎ᠢᠶᠠᠷ ᠱᠢᠩᠭᠡᠭᠡᠨ ᠠᠪᠴᠤ᠌᠂ ᠦᠪᠡᠷ᠎ᠢ
ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠬᠦ᠌ ᠬᠡᠷᠡᠭ᠌ᠲᠡᠢ᠃
ᠪᠣᠳᠠᠰ᠎ᠤᠨ ᠪᠤᠰᠤ ᠰᠣᠶᠣᠯ᠎ᠤᠨ ᠥᠪ ᠪᠣᠯ ᠬᠥᠮᠦᠨ ᠲᠥᠷᠥᠯᠬᠢᠲᠡᠨ᠎ᠤ ᠬᠠᠮᠲᠤ᠎ᠶ᠋ᠢᠨ
ᠦᠨᠡᠲᠦ ᠡᠷᠳᠡᠨᠢ ᠪᠤᠯᠬᠤ ᠶᠤᠮ᠃ ᠪᠣᠳᠠᠰ᠎ᠤᠨ ᠪᠤᠰᠤ ᠰᠣᠶᠣᠯ᠎ᠢ ᠤᠯᠠᠮᠵᠢᠯᠠᠬᠤ᠎ᠳᠤ ᠭᠠᠭ᠍ᠴᠠ ᠬᠦ᠌ ᠤᠯᠠᠮᠵᠢᠯᠠᠭᠴᠢ᠎ᠶ᠋ᠢᠨ
ᠴᠢᠷᠮᠠᠢᠯᠭ᠎ᠠ᠎ᠳᠤ ᠯᠡ ᠲᠦᠱᠢᠭ᠌ᠯᠡᠭᠡᠳ ᠪᠣᠯᠬᠤ ᠪᠢᠰᠢ ᠂ ᠨᠡᠩ ᠴᠤ᠌ ᠤᠯᠤᠰ᠎ᠤᠨ ᠳᠡᠮᠵᠢᠯᠭᠡ ᠪᠠ ᠨᠡᠢᠭᠡᠮ᠎ᠤᠨ
ᠡᠯ᠎ᠡ ᠡᠲᠡᠭᠡᠳ᠎ᠤᠨ ᠬᠠᠪᠰᠤᠷᠤᠯᠭ᠎ᠠ᠎ᠶ᠋ᠢ ᠬᠡᠷᠡᠭ᠌ᠰᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ ᠤᠯᠠᠮᠵᠢᠯᠠᠭᠴᠢ ᠴᠤ᠌ ᠰᠤᠷᠤᠯᠴᠠᠯᠭ᠎ᠠ᠎ᠪᠠᠨ ᠴᠢᠩᠭᠠᠳᠭᠠᠵᠤ᠂ ᠦᠵᠡᠯᠲᠡ ᠲᠠᠨᠢᠯᠲᠠ᠎ᠪᠠᠨ ᠱᠢᠨᠡᠳᠭᠡᠬᠦ ᠴᠢᠬᠤᠯᠠ ᠲᠠᠢ᠂ ᠢᠯᠠᠩᠭᠤᠶ᠎ᠠ
ᠢᠨᠲ᠋ᠸᠷ ᠰᠦᠯᠵᠢᠶᠡᠨ᠎ᠤ ᠮᠡᠷᠭᠡᠵᠢᠯ ᠵᠡᠷᠭᠡ ᠣᠲᠣ ᠦᠶ᠎ᠡ᠎ᠶ᠋ᠢᠨ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ
ᠠᠰᠢᠬᠯᠠᠨ ᠤᠷ᠎ᠠ ᠮᠡᠷᠭᠡᠵᠢᠯ᠎ᠢᠶᠠᠨ ᠳᠡᠭᠡᠭ᠌ᠰᠢᠯᠡᠭᠦᠯᠵᠦ᠍᠂ ᠤᠷᠠᠯᠢᠭ᠎ᠤᠨ ᠲᠦᠪᠰᠢᠨ᠎ᠢᠶᠠᠨ ᠳᠡᠭᠡᠭ᠌ᠰᠢᠯᠡᠭᠦᠯᠬᠦ᠌
ᠬᠡᠷᠡᠭ᠌ᠲᠡᠶ᠃ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ ᠪᠠᠢᠭᠤᠯᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ
ᠤᠯᠠᠮᠵᠢᠯᠠᠨ ᠰᠤᠷᠭᠠᠬᠤ ᠰᠠᠭᠤᠷᠢᠨ ᠪᠠᠢᠭᠤᠯᠬᠤ ᠵᠡᠷᠭᠡ ᠠᠷᠭ᠎ᠠ ᠪᠠᠷ ᠳᠠᠮᠵᠢᠭᠤᠯᠤᠨ᠂ ᠨᠡᠩ ᠤᠯᠠᠨ ᠬᠥᠮᠦᠨ᠎ᠢ
ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠬᠤ ᠡᠩᠨᠡᠭᠡᠨ᠎ᠳᠤ ᠣᠷᠣᠭᠤᠯᠵᠤ᠂ ᠰᠣᠶᠣᠯ᠎ᠤᠨ ᠲᠤᠮᠤ
ᠣᠷᠣᠨ᠎ᠤ ᠪᠦᠳᠦᠭᠡᠨ ᠪᠠᠢᠭᠤᠯᠤᠯᠲᠠ ᠳᠤᠮᠳᠠ ᠤᠯᠠᠮᠵᠢᠯᠠᠯᠲᠤ ᠤᠷ᠎ᠠ ᠮᠡᠷᠭᠡᠵᠢᠯ᠎ᠢ ᠱᠢᠨ᠎ᠡ ᠲᠦᠷᠢ ᠲᠥᠷᠬᠦ᠌᠎ᠲᠠᠢ
ᠪᠣᠯᠭᠠᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ᠃