ᠳᠤᠮᠳᠠᠳᠤ ᠵᠢᠨ ᠦᠨᠳᠦᠰᠦᠲᠡᠨ ᠎ᠦ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠨᠳᠦᠰᠦ ᠰᠠᠭᠤᠷᠢ᠎ᠶᠢ ᠨᠢ ᠪᠡᠬᠢᠵᠢᠭᠦᠯᠦᠨ ᠪᠠᠳᠤᠳᠬᠠᠶ᠎ᠠ
2021-10-22 09:23:10
ᠵᠣᠬᠢᠶᠠᠭ᠍ᠴᠢ᠄
ᠼᠤᠤ ᠴᠢᠩ ᠪᠦᠸᠸ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ  ᠰᠣᠶᠣᠯ᠎ᠦᠨ ᠬᠠᠮᠲᠤ ᠵᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠵᠢᠨ ᠬᠠᠮᠲᠤ ᠵᠢᠨ ᠲᠠᠨᠢᠯᠲᠠ ᠮᠥᠨ᠂ ᠲᠠᠷᠠ ᠨᠢ ᠦᠨᠳᠦᠰᠦᠲᠡᠨ᠎ᠤ ᠪᠦᠯᠬᠦᠮᠳᠡᠯ᠎ᠦᠨ ᠦᠨᠳᠦᠰᠦ ᠂ ᠦᠨᠳᠦᠰᠦᠲᠡᠨ᠎ᠦ ᠡᠶ᠎ᠡ ᠵᠣᠬᠢᠴᠠᠩᠭᠤᠢ ᠵᠢᠨ ᠰᠦᠭ ᠰᠦᠨᠡᠰᠦ ᠮᠥᠨ ᠭᠡᠵᠦ ᠴᠢᠬᠤᠯᠠᠴᠢᠯᠠᠪᠠ᠃ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ  ᠨᠠᠷᠢᠨ ᠬᠢᠨᠠᠮᠠᠭᠠᠢ ᠰᠠᠢᠲᠤᠷ ᠬᠢᠵᠦ᠂ ᠤᠯᠤᠰ᠎ᠦᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠦᠨᠳᠦᠰᠦᠲᠡᠨ ᠨᠤᠭᠦᠳ᠎ᠦᠨ ᠺᠠᠳ᠋ᠷ ᠤᠯᠠᠨ ᠲᠦᠮᠡᠨ᠎ᠦ ᠳᠤᠮᠳᠠ ᠳᠤᠮᠳᠠᠳᠤ ᠵᠢᠨ ᠦᠨᠳᠦᠰᠦᠲᠡᠨ᠎ᠦ ᠬᠠᠮᠲᠤ  ᠴᠣᠭᠴᠠ᠎ᠵᠢᠨ  ᠤᠬᠠᠮᠰᠠᠷ᠎ᠦᠨ ᠬᠥᠮᠦᠵᠢᠯ᠎ᠢ ᠭᠦᠨᠵᠡᠭᠡᠢ ᠥᠷᠨᠢᠭᠦᠯᠵᠦ ᠂ ᠢᠯᠠᠩᠭᠤᠶ᠎ᠠ ᠵᠠᠯᠠᠭᠤᠴᠤᠳ ᠪᠠᠭᠠᠴᠤᠳ᠎ᠦᠨ ᠬᠥᠮᠦᠵᠢᠯ ᠡᠴᠡ ᠡᠬᠢᠯᠡᠨ ᠠᠳᠬᠤᠵᠤ ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠣᠳᠴᠤ ᠪᠠᠢᠭᠠᠳ ᠨᠠᠮ᠎ᠤᠨ ᠦᠨᠳᠦᠰᠦᠲᠡᠨ᠎ᠦ ᠲᠦᠷᠦ᠎ᠶᠢᠨ ᠪᠤᠳᠤᠯᠭ᠎ᠠ᠎ᠶᠢ ᠪᠦᠬᠦ ᠲᠠᠯ᠎ᠠ ᠪᠠᠷ ᠤᠢᠯᠠᠭᠠᠭᠤᠯᠵᠤ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ ᠂ ᠰᠣᠶᠣᠯ᠎ᠤᠨ ᠦᠵᠡᠯᠲᠡ᠂ ᠱᠠᠰᠢᠨ᠎ᠤ ᠦᠵᠡᠯᠲᠡ᠎ᠶᠢ ᠪᠤᠢ ᠪᠣᠯᠭᠠᠵᠤ ᠂ ᠲᠤᠭ ᠳᠡᠮᠳᠡᠭ ᠲᠣᠳᠣᠷᠬᠠᠢ ᠪᠠᠷ ᠡᠯ᠎ᠡ ᠵᠦᠢᠯ᠎ᠦᠨ ᠪᠤᠷᠤᠭᠤ ᠦᠵᠡᠯ ᠰᠠᠨᠠᠭ᠎ᠠ ᠦᠵᠡᠯᠲᠡ ᠵᠢ ᠡᠰᠡᠷᠭᠦᠴᠡᠵᠦ ᠂ 《 ᠦᠵᠡᠰᠬᠦᠯᠡᠩᠲᠦ ᠰᠠᠢᠬᠠᠨ ᠥᠪᠥᠷ ᠮᠣᠩᠭᠣᠯ ᠵᠢᠡᠨ ᠪᠦᠳᠦᠭᠡᠨ ᠪᠠᠢᠭᠤᠯᠵᠤ ᠂ ᠠᠭᠤᠤ ᠶᠡᠬᠡ ᠳᠤᠮᠳᠠᠳᠤ ᠵᠢᠨ ᠵᠡᠭᠦᠳᠦ ᠪᠡᠨ ᠬᠠᠮᠲᠤ ᠪᠠᠷ ᠲᠡᠷᠭᠡᠯᠰᠢᠭᠦᠯᠬᠦ 》 ᠬᠠᠮᠲᠤᠷᠠᠯ ᠬᠦᠴᠦᠨ᠎ᠢ ᠨᠢᠭᠲᠠᠷᠠᠭᠤᠯᠬᠤ ᠬᠡᠷᠡᠭᠲᠡᠢ᠃

ᠦᠭᠡ ᠬᠡᠯᠡ ᠪᠣᠯ ᠬᠥᠮᠦᠨ ᠲᠥᠷᠥᠯᠬᠢᠲᠡᠨ᠎ᠦ ᠰᠣᠯᠢᠯᠴᠠᠭᠠᠨ᠎ᠤ ᠪᠠᠭᠠᠵᠢ᠂ ᠪᠣᠯᠪᠠᠰᠤᠨ᠎ᠤ ᠤᠯᠠᠮᠵᠢᠯᠠᠯ᠎ᠤᠨ ᠴᠢᠬᠤᠯᠠ ᠠᠴᠢᠶᠠᠯᠠᠪᠤᠷᠢ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠬᠠᠬᠤ᠂ ᠤᠯᠤᠰ᠎ᠤᠨ ᠨᠢᠭᠡᠳᠦᠯ᠎ᠢ ᠬᠠᠮᠠᠭᠠᠯᠠᠬᠤ ᠴᠢᠬᠤᠯᠠ ᠵᠡᠪᠰᠡᠭ ᠮᠥᠨ᠃ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢᠭᠤᠯᠬᠤ ᠰᠢᠨ᠎ᠡ ᠠᠶᠠᠨ᠎ᠳᠤ ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠂ ᠪᠢᠳᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠡᠷᠴᠢᠮ᠎ᠢᠶᠡᠨ ᠭᠤᠢᠪᠢᠰᠢ ᠦᠭᠡᠢ ᠴᠢᠩᠭᠠᠷᠠᠭᠤᠯᠵᠤ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ ᠬᠣᠯᠪᠣᠭᠠᠰᠤ ᠪᠣᠯᠭᠠᠵᠤ ᠂ ᠦᠨᠳᠦᠰᠦᠲᠡᠨ ᠎ᠨᠦᠭᠦᠳ᠎ᠦᠨ ᠬᠣᠭᠣᠷᠣᠨᠳᠣᠬᠢ ᠠᠵᠤ ᠠᠬᠤᠢ ᠰᠣᠶᠣᠯ ᠨᠡᠢᠭᠡᠮ᠎ᠦᠨ ᠰᠣᠯᠢᠯᠴᠠᠭ᠎ᠠ᠎ᠵᠢ ᠴᠢᠩᠭᠠᠳᠬᠠᠵᠤ᠂ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠬᠠᠢᠷ᠎ᠠ ᠰᠡᠳᠬᠢᠯᠭᠡ ᠵᠢ ᠭᠦᠨᠵᠡᠭᠡᠢᠷᠡᠭᠦᠯᠵᠦ᠂ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠠᠭᠤᠰᠤᠯᠴᠠᠯ᠎ᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ  ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠰᠠᠭᠤᠷᠢ᠎ᠶᠢ ᠪᠠᠳᠤᠳᠬᠠᠨ ᠦᠨᠳᠦᠰᠦ᠎ᠶᠢ ᠪᠡᠬᠢᠵᠢᠭᠦᠯᠬᠦ ᠬᠡᠷᠡᠭᠲᠡᠢ᠃


ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠳᠤᠮᠳᠠᠳᠤ ᠵᠢᠨ ᠦᠨᠳᠦᠰᠦᠲᠡᠨ᠎ᠦ ᠲᠤᠮᠤ ᠭᠡᠷ ᠪᠦᠯᠢ᠎ᠶᠢᠨ ᠬᠠᠮᠲᠤ᠎ᠶᠢᠨ ᠦᠭᠡ ᠬᠡᠯᠡ ᠮᠦᠨ


ᠮᠠᠷᠺᠰ᠎ᠤᠨ ᠦᠵᠡᠯ᠎ᠦᠨ ᠦᠵᠡᠬᠦ᠎ᠪᠡᠷ ᠂ ᠬᠠᠮᠲᠤ᠎ᠶᠢᠨ ᠦᠭᠡ ᠬᠡᠯᠡ ᠪᠣᠯ ᠦᠨᠳᠦᠰᠦᠲᠡᠨ᠎ᠦ ᠳᠣᠲᠣᠭᠠᠳᠤ᠎ᠶᠢᠨ ᠶᠠᠪᠤᠯᠴᠠᠭ᠎ᠠ ᠪᠠ ᠦᠵᠡᠯ ᠰᠠᠨᠠᠭ᠎ᠠ ᠬᠠᠢᠷ᠎ᠠ ᠰᠡᠳᠬᠢᠯᠭᠡ᠎ᠪᠡᠨ ᠢᠯᠡᠳᠬᠡᠬᠦ ᠪᠠᠭᠠᠵᠢ ᠮᠥᠨ ᠂ ᠪᠠᠰᠠ ᠴᠸ᠋ ᠦᠨᠳᠦᠰᠦᠲᠡᠨ᠎ᠦ ᠰᠣᠶᠣᠯ᠎ᠤᠨ ᠴᠢᠬᠤᠯᠠ ᠢᠯᠡᠷᠡᠬᠦ ᠬᠡᠯᠪᠡᠷᠢ ᠮᠥᠨ᠂ ᠲᠡᠷᠡ ᠨᠢ ᠦᠨᠳᠦᠰᠦᠲᠡᠨ᠎ᠦ ᠣᠨᠴᠠᠯᠢᠭ ᠪᠠ ᠦᠨᠳᠦᠰᠦᠲᠡᠨ᠎ᠦ ᠤᠬᠠᠮᠰᠠᠷ᠎ᠢ ᠭᠦᠨᠵᠡᠭᠡᠢ ᠲᠤᠰᠬᠠᠵᠤ᠂ ᠦᠨᠳᠦᠰᠦᠲᠡᠨ᠎ᠦ ᠳᠣᠲᠣᠭᠠᠳᠤ᠎ᠶᠢᠨ ᠬᠠᠷᠢᠴᠠᠭ᠎ᠠ᠎ᠶᠢ ᠬᠠᠮᠠᠭᠠᠯᠠᠬᠤ ᠴᠢᠬᠤᠯᠠ ᠬᠣᠯᠪᠣᠭᠠᠰᠤ ᠮᠥᠨ᠂ ᠦᠨᠳᠦᠰᠦᠲᠡᠨ᠎ᠦ ᠨᠢᠬᠳᠠᠷᠠᠯ ᠪᠦᠯᠬᠦᠮᠳᠡᠯ᠎ᠦᠨ ᠳᠤᠲᠠᠭᠳᠠᠵᠤ ᠪᠣᠯᠤᠰᠢ ᠦᠭᠡᠢ ᠨᠥᠬᠥᠴᠡᠯ ᠮᠥᠨ᠂ ᠦᠨᠳᠦᠰᠦᠲᠡᠨ᠎ᠦ ᠪᠦᠷᠢᠯᠳᠦᠯ ᠬᠥᠭᠵᠢᠯᠲᠡ᠎ᠳᠦ ᠴᠢᠬᠤᠯᠠ ᠦᠢᠯᠡᠳᠦᠯ ᠪᠠ ᠠᠴᠢ ᠬᠣᠯᠪᠣᠭᠳᠠᠯ᠎ᠲᠠᠶ ᠶᠤᠮ᠃ ᠳᠤᠮᠳᠠᠳᠤ᠎ᠶᠢᠨ ᠦᠨᠳᠦᠰᠦᠲᠡᠨ᠎ᠳᠦ ᠠᠪᠴᠤ ᠬᠡᠯᠡᠪᠡᠯ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠳᠠᠷᠤᠢ ᠬᠠᠮᠲᠤ᠎ᠶᠢᠨ ᠦᠭᠡ ᠬᠡᠯᠡ ᠮᠥᠨ ᠂ ᠲᠡᠷᠡ ᠨᠢ ᠤᠯᠠᠨ ᠡᠰᠢᠲᠦ ᠨᠢᠭᠡ ᠴᠣᠭᠴᠠ᠎ᠶᠢᠨ ᠳᠤᠮᠳᠠᠳᠤ᠎ᠶᠢᠨ ᠦᠨᠳᠦᠰᠦᠲᠡᠨ᠎ᠦ ᠣᠨᠴᠠᠯᠢᠭ᠎ᠢ ᠢᠯᠡᠷᠡᠭᠦᠯᠵᠦ ᠪᠠᠢᠳᠠᠭ᠃

ᠳᠤᠮᠳᠠᠳᠤ᠎ᠶᠢᠨ ᠦᠨᠳᠦᠰᠦᠲᠡᠨ ᠪᠣᠯ 56 ᠦᠨᠳᠦᠰᠦᠲᠡᠨ᠎ᠢᠶᠡᠷ ᠪᠦᠷᠢᠯᠳᠦᠭᠰᠡᠨ ᠲᠤᠮᠤ ᠭᠡᠷ ᠪᠦᠯᠢ ᠮᠥᠨ ᠂ 56 ᠦᠨᠳᠦᠰᠦᠲᠡᠨ ᠪᠣᠯ ᠴᠥᠮ ᠡᠨᠡ᠎ᠬᠦ ᠶᠡᠬᠡ ᠭᠡᠷ ᠪᠦᠯᠢ᠎ᠶᠢᠨ ᠪᠦᠷᠢᠯᠳᠦᠬᠦᠨ ᠮᠥᠨ᠂ ᠳᠤᠮᠳᠠᠳᠤ᠎ᠶᠢᠨ ᠦᠨᠳᠦᠰᠦᠲᠡᠨ ᠪᠣᠯᠤᠨ ᠦᠨᠳᠦᠰᠦᠲᠡᠨ᠎ᠨᠦᠭᠦᠳ᠎ᠦᠨ ᠬᠠᠷᠢᠴᠠᠭ᠎ᠠ ᠪᠣᠯ ᠨᠢᠭᠡᠨ ᠲᠤᠮᠤ ᠭᠡᠷ ᠪᠦᠯᠢ ᠪᠣᠯᠤᠨ ᠭᠡᠷ ᠪᠦᠯᠢ᠎ᠶᠢᠨ ᠪᠦᠷᠢᠯᠳᠦᠬᠦᠨ᠎ᠦ ᠬᠠᠷᠢᠴᠠᠭ᠎ᠠ ᠮᠥᠨ᠃ ᠣᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ᠎ᠶᠢᠨ ᠦᠨᠳᠦᠰᠦᠲᠡᠨ᠎ᠦ ᠲᠤᠮᠤ ᠬᠡᠷ ᠪᠦᠯᠢ᠎ᠳᠦ ᠂ ᠨᠢᠭᠡ ᠴᠣᠭᠴᠠ ᠪᠣᠯ ᠭᠤᠤᠯ ᠱᠤᠭᠤᠮ ᠪᠠ ᠴᠢᠭᠯᠡᠯ ᠮᠥᠨ᠂ ᠣᠯᠠᠨ ᠡᠰᠢᠲᠦ ᠪᠣᠯ ᠡᠯᠧᠮᠧᠨ᠋ᠲ ᠪᠠ ᠬᠥᠳᠡᠯᠭᠡᠬᠦ ᠬᠦᠴᠦᠨ ᠮᠥᠨ᠂ ᠡᠨᠡ ᠬᠣᠶᠠᠷ ᠨᠢ ᠬᠤᠪᠢᠰᠤᠩᠭᠤᠶ᠎ᠨᠢᠭᠡᠳᠦᠯ ᠲᠠᠢ ᠪᠠᠢᠳᠠᠭ᠂ ᠬᠠᠷᠢᠨ ᠬᠠᠷᠢᠯᠴᠠᠨ ᠵᠥᠷᠢᠴᠡᠯᠳᠦᠳᠡᠭ ᠦᠬᠡᠢ᠃ 《 ᠨᠢᠭᠡ ᠴᠣᠭᠴᠠ 》 ᠵᠢᠨ 《ᠭᠤᠤᠯ ᠱᠤᠭᠤᠮ ᠪᠠ ᠴᠢᠭᠯᠡᠯ》 ᠨᠢ ᠲᠤᠮᠤ ᠬᠡᠷ ᠪᠦᠯᠢ᠎ᠶᠢᠨ ᠨᠡᠢᠲᠡᠯᠢᠭ ᠴᠢᠨᠠᠷ᠎ᠢ ᠬᠥᠲᠥᠯᠥᠨ ᠲᠠᠭᠠᠭᠤᠯᠤᠨ᠎ᠠ᠂ ᠡᠭᠦᠨ᠎ᠳᠦ ᠳᠤᠮᠳᠠᠳᠤ᠎ᠶᠢᠨ ᠦᠨᠳᠦᠰᠦᠲᠡᠨ᠎ᠦ ᠲᠤᠮᠤ ᠬᠡᠷ ᠪᠦᠯᠢ᠎ᠶᠢᠨ ᠬᠠᠮᠲᠤ᠎ᠶᠢᠨ ᠦᠭᠡ ᠬᠡᠯᠡ ᠪᠠᠭᠲᠠᠨ᠎ᠠ᠃ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠳᠤᠮᠳᠠᠳᠤ ᠵᠢᠨ ᠦᠨᠳᠦᠰᠦᠲᠡᠨ᠎ᠦ ᠲᠤᠮᠤ ᠭᠡᠷ ᠪᠦᠯᠢ᠎ᠶᠢᠨ ᠬᠠᠮᠲᠤ᠎ᠶᠢᠨ ᠦᠭᠡ ᠬᠡᠯᠡ ᠮᠥᠨ᠂ ᠡᠯ᠎ᠡ ᠦᠨᠳᠦᠰᠦᠲᠡᠨ᠎ᠦ ᠦᠭᠡ ᠬᠡᠯᠡ ᠦᠰᠦᠭ ᠪᠢᠴᠢᠭ ᠨᠢ ᠡᠯᠧᠮᠧᠨ᠋ᠲ ᠪᠠ ᠬᠥᠳᠡᠯᠭᠡᠬᠦ ᠬᠦᠴᠦᠨ ᠪᠣᠯᠤᠭᠰᠠᠨ᠎ᠤ ᠬᠤᠪᠢ᠎ᠳᠤ ᠳᠤᠮᠳᠠᠳᠤ᠎ᠶᠢᠨ ᠦᠨᠳᠦᠰᠦᠲᠡᠨ᠎ᠦ ᠦᠭᠡ ᠬᠡᠯᠡ ᠰᠣᠶᠣᠯ᠎ᠢ ᠪᠠᠶᠠᠯᠢᠭᠵᠢᠭᠤᠯᠵᠤ ᠪᠠᠢᠳᠠᠭ᠃

 

ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠨᠢ ᠤᠯᠤᠰ ᠠᠷᠠᠳ᠎ᠲᠤ ᠠᠰᠢᠭᠲᠠᠢ


ᠮᠠᠨ᠎ᠤ ᠤᠯᠤᠰ ᠪᠣᠯ ᠤᠯᠠᠨ ᠦᠨᠳᠦᠰᠦᠲᠡᠨ ᠲᠡᠶ ᠨᠢᠭᠡᠳᠦᠭᠰᠡᠨ ᠤᠯᠤᠰ ᠮᠥᠨ ᠂ ᠦᠨᠳᠦᠰᠦᠲᠡᠨ᠎ᠨᠦᠭᠦᠳ ᠤᠷᠳᠤ ᠬᠤᠭᠤᠴᠠᠭᠠᠨ᠎ᠤ ᠲᠡᠦᠬᠡᠨ ᠬᠥᠭᠵᠢᠯᠲᠡ᠎ᠶᠢᠨ ᠳᠤᠮᠳᠠ  ᠥᠪᠡᠷ ᠎ᠦᠨ ᠦᠭᠡ ᠬᠡᠯᠡ ᠰᠣᠶᠣᠯ ᠪᠠ ᠵᠠᠩ ᠳᠠᠳᠬᠠᠯ᠎ᠢᠶᠠᠨ ᠪᠦᠷᠢᠯᠳᠦᠭᠦᠯᠦᠭᠰᠡᠨ ᠶᠤᠮ᠃ ᠦᠨᠳᠦᠰᠦᠲᠡᠨ᠎ᠨᠦᠭᠦᠳ ᠴᠥᠮ ᠥᠪᠡᠷ᠎ᠦᠨ ᠥᠪᠡᠷᠮᠢᠴᠡ ᠠᠷᠭ᠎ᠠ ᠮᠠᠶᠢᠭ᠎ᠢᠶᠠᠷ᠎ᠢᠶᠠᠨ ᠳᠤᠮᠳᠠᠳᠤ᠎ᠶᠢᠨ ᠦᠨᠳᠦᠰᠦᠲᠡᠨ᠎ᠦ ᠤᠯᠤᠰ ᠲᠦᠷᠦ ᠪᠠ ᠰᠣᠶᠣᠯ᠎ᠳᠤ ᠥᠷᠭᠡᠨ᠎ᠢᠶᠡᠷ ᠣᠷᠣᠯᠴᠠᠵᠤ ᠂ ᠳᠤᠮᠳᠠᠳᠤ ᠵᠢᠨ ᠦᠭᠡ ᠬᠡᠯᠡᠨ᠎ᠦ ᠰᠣᠶᠣᠯ᠎ᠢ ᠪᠠᠶᠠᠯᠢᠭᠵᠢᠭᠤᠯᠪᠠ᠃ ᠬᠡᠷᠪᠡ ᠬᠠᠷᠢᠯᠴᠠᠨ ᠨᠡᠪᠲᠡᠷᠡᠯᠴᠡᠬᠦ ᠦᠭᠡ ᠬᠡᠯᠡ ᠦᠰᠦᠭ ᠪᠢᠴᠢᠭ ᠪᠠᠢᠬᠤ ᠦᠭᠡᠢ᠂ ᠬᠠᠷᠢᠯᠴᠠᠨ ᠨᠡᠪᠲᠡᠷᠡᠯᠴᠡᠵᠦ ᠰᠣᠯᠢᠯᠴᠠᠵᠤ ᠳᠡᠢᠯᠬᠦ ᠦᠭᠡᠢ ᠪᠣᠯ᠂ ᠦᠨᠳᠦᠰᠦᠲᠡᠨ᠎ᠨᠦᠭᠦᠳ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠪᠤᠯᠬᠤ ᠎ᠳᠦ ᠬᠦᠴᠢᠷᠳᠠᠢ᠂ ᠳᠤᠮᠳᠠᠳᠤ᠎ᠶᠢᠨ ᠦᠨᠳᠦᠰᠦᠲᠡᠨ᠎ᠦ ᠨᠢᠭᠲᠠᠷᠠᠯ᠎ᠤᠨ ᠬᠦᠴᠦᠨ ᠪᠠ ᠲᠥᠪᠯᠡᠩᠭᠦᠢ ᠬᠦᠴᠦᠨ᠎ᠢ ᠪᠦᠷᠢᠯᠳᠦᠭᠦᠯᠬᠦ᠎ᠳᠦ ᠪᠡᠷᠬᠡᠲᠡᠢ᠂ ᠣᠳᠣᠬᠢᠴᠢᠯᠠᠯᠲᠠ᠎ᠶᠢ ᠬᠠᠮᠲᠤ᠎ᠪᠠᠷ ᠪᠡᠶᠡᠯᠡᠭᠦᠯᠬᠦ ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ ᠤᠯᠤᠰ᠎ᠤᠨ ᠵᠡᠭᠦᠳᠦ᠎ᠶᠢ ᠪᠡᠶᠡᠯᠡᠭᠦᠯᠬᠦ᠎ᠳᠦ ᠪᠡᠷᠬᠡᠲᠡᠢ ᠪᠣᠯᠬᠤ ᠶᠤᠮ᠃

ᠳᠡᠯᠡᠬᠡᠢᠵᠢᠯᠲᠡ ᠮᠡᠳᠡᠭᠡ ᠵᠠᠩᠭᠢᠵᠢᠯᠲᠠ᠎ᠶᠢᠨ ᠴᠠᠭ ᠦᠶ᠎ᠡ᠎ᠳᠦ᠂ ᠦᠭᠡ ᠬᠡᠯᠡ ᠪᠣᠯ ᠮᠦᠨ ᠎ᠴᠤ ᠦᠢᠯᠡᠳᠪᠦᠷᠢᠯᠡᠯ᠎ᠦᠨ ᠬᠦᠴᠦᠨ ᠮᠥᠨ᠃ ᠬᠤᠪᠢ ᠬᠥᠮᠦᠨ᠎ᠳᠦ ᠠᠪᠴᠤ ᠬᠡᠯᠡᠪᠡᠯ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠨ ᠡᠵᠡᠮᠰᠢᠬᠦ ᠨᠢ ᠤᠳᠤ ᠦᠶ᠎ᠡ᠎ᠶᠢᠨ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠨᠡᠩ ᠰᠠᠢᠨ ᠰᠤᠷᠤᠯᠴᠠᠵᠤ ᠂ ᠠᠵᠢᠯ ᠤᠯᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠬᠥᠮᠦᠰ᠎ᠦᠨ ᠬᠣᠭᠣᠷᠣᠨᠳᠣᠬᠢ ᠰᠣᠯᠢᠯᠴᠠᠭ᠎ᠠ ᠪᠣᠯᠤᠨ ᠬᠤᠪᠢ ᠬᠥᠮᠦᠨ᠎ᠦ ᠬᠥᠭᠵᠢᠯᠲᠡ᠎ᠶᠢᠨ ᠬᠡᠷᠡᠭᠴᠡᠭᠡ᠎ᠶᠢ ᠬᠠᠩᠭᠠᠵᠤ᠂ ᠨᠡᠩ ᠥᠷᠭᠡᠨ ᠬᠥᠭᠵᠢᠯᠲᠡ᠎ᠶᠢᠨ ᠣᠷᠣᠨ ᠵᠠᠢ᠎ᠶᠢ ᠤᠯᠬᠤ᠎ᠳᠤ ᠠᠰᠢᠭᠲᠠᠢ ᠶᠤᠮ; ᠦᠨᠳᠦᠰᠦᠲᠡᠨ᠎ᠨᠦᠭᠦᠳ᠎ᠲᠦ ᠠᠪᠴᠤ ᠬᠡᠯᠡᠪᠡᠯ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠨ ᠡᠵᠡᠮᠰᠢᠬᠦ ᠨᠢ ᠦᠨᠳᠦᠰᠦᠲᠡᠨ᠎ᠨᠦᠭᠦᠳ᠎ᠦᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ ᠂ ᠰᠣᠶᠣᠯ ᠰᠤᠷᠭᠠᠨ ᠬᠥᠮᠦᠵᠢᠯ᠎ᠦᠨ ᠰᠣᠯᠢᠯᠴᠠᠭ᠎ᠠ᠎ᠶᠢ ᠠᠬᠢᠭᠤᠯᠬᠤ᠎ᠳᠤ ᠠᠰᠢᠭᠲᠠᠢ ᠂ ᠦᠨᠳᠦᠰᠦᠲᠡᠨ᠎ᠦ ᠭᠠᠵᠠᠷ ᠣᠷᠣᠨ᠎ᠤ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠂ ᠰᠢᠨ᠎ᠡ ᠬᠥᠭᠵᠢᠯᠲᠡ᠎ᠶᠢᠨ ᠤᠢᠯᠠᠭᠠᠭᠳᠠᠬᠤᠨ᠎ᠢ ᠲᠤᠭᠤᠰᠢᠯᠠᠭᠤᠯᠬᠤ ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠳᠤ ᠠᠭᠤᠰᠤᠯᠴᠠᠬᠤ ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠠᠰᠢᠭᠲᠠᠢ ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶᠢᠨ ᠲᠦᠷᠦᠭᠳᠡᠯ ᠂ ᠵᠢᠷᠭᠠᠯᠲᠤ ᠲᠦᠷᠦᠭᠳᠡᠯ ᠂ ᠠᠮᠤᠷ ᠲᠦᠪᠰᠢᠨ᠎ᠲᠦᠢᠷᠦᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠪᠣᠯᠤᠨ᠎ᠠ; ᠤᠯᠤᠰ᠎ᠲᠤ ᠠᠪᠴᠤ ᠬᠡᠯᠡᠪᠡᠯ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠨᠢ ᠨᠠᠮ᠎ᠤᠨ ᠲᠥᠪ ᠬᠣᠷᠢᠶᠠᠨ᠎ᠤ ᠵᠠᠰᠠᠭ᠎ᠤᠨ ᠵᠠᠷᠯᠢᠭ᠎ᠤᠨ ᠰᠠᠭᠠᠳ ᠦᠭᠡᠢ ᠶᠠᠪᠤᠭᠳᠠᠬᠤ᠎ᠶᠢ ᠦᠨᠡᠨ ᠎ᠬᠦ ᠪᠠᠲᠤᠯᠠᠵᠤ ᠂ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠤᠨ ᠬᠡᠷᠡᠭᠵᠢᠭᠦᠯᠦᠯᠲᠡ᠎ᠶᠢ ᠦᠨᠡᠨ ᠎ᠬᠦ ᠪᠠᠲᠤᠯᠠᠵᠤ᠂ ᠦᠨᠳᠦᠰᠦᠲᠡᠨ᠎ᠨᠦᠭᠦᠳ᠎ᠦᠨ ᠠᠵᠤ ᠠᠬᠤᠢ᠎ᠪᠠᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶᠢ ᠲᠠᠮᠵᠢᠵᠤ᠂ ᠬᠠᠮᠲᠤ᠎ᠪᠠᠷ ᠬᠥᠭᠵᠢᠬᠦ᠂ ᠬᠠᠮᠲᠤ᠎ᠪᠠᠷ ᠴᠢᠨᠡᠭᠡᠯᠢᠭᠵᠢᠬᠦ᠎ᠶᠢ ᠪᠡᠶᠡᠯᠡᠭᠦᠯᠵᠦ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭᠲᠠᠭᠤᠨ᠂ ᠤᠯᠤᠰ᠎ᠤᠨ ᠨᠢᠭᠡᠳᠦᠯ᠎ᠢ ᠬᠠᠮᠠᠭᠠᠯᠠᠬᠤ᠎ᠳᠤ ᠠᠰᠢᠭᠲᠠᠢ ᠪᠠᠢᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠳᠦ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠬᠤ ᠬᠡᠷᠡᠭᠲᠡᠢ᠃

 

ᠦᠨᠳᠦᠰᠦᠲᠡᠨ᠎ᠦ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠠᠯᠬᠤᠴᠠ᠎ᠶᠢ ᠲᠦᠷᠭᠡᠳᠬᠡᠬᠦ᠎ᠳᠦ ᠠᠰᠢᠭᠲᠠᠢ


2020 ᠣᠨ᠎ᠳᠤ ᠮᠠᠨ᠎ᠤ ᠤᠯᠤᠰ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠠᠢᠯᠳᠤᠬᠤ ᠪᠤᠳᠤᠯᠭ᠎ᠠ᠎ᠶᠢᠨ ᠬᠠᠷᠠᠯᠲᠠ᠎ᠶᠢ ᠪᠡᠶᠡᠯᠡᠭᠦᠯᠵᠦ᠂ ᠣᠷᠣᠨ ᠪᠦᠰᠡ ᠂  ᠲᠡᠰ ᠳᠠᠪᠬᠤᠷᠭ᠎ᠠ᠂ ᠦᠨᠳᠦᠰᠦᠲᠡᠨ ᠭᠡᠵᠦ ᠢᠯᠭᠠᠬᠤ ᠦᠭᠡᠢ ᠪᠦᠬᠦ ᠲᠠᠯ᠎ᠠ᠎ᠶᠢᠨ ᠴᠢᠨᠡᠭᠡᠯᠢᠭᠵᠢᠯ᠎ᠢ ᠪᠡᠶᠡᠯᠡᠭᠦᠯᠪᠡ᠃ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠬᠦ ᠬᠠᠷᠠᠯᠲᠠ᠎ᠶᠢ ᠪᠡᠶᠡᠯᠡᠭᠦᠯᠬᠦ ᠶᠠᠪᠤᠴᠠ᠎ᠳᠤ᠂ ᠨᠠᠮ ᠪᠠ ᠵᠠᠰᠠᠭ᠎ᠤᠨ ᠣᠷᠳᠣᠨ᠎ᠠᠴᠠ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭᠵᠢᠭᠦᠯᠬᠦ ᠂ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠂ ᠬᠥᠮᠦᠨ ᠠᠮᠠ᠎ᠪᠠᠷ ᠴᠥᠭᠡᠪᠲᠦᠷ ᠦᠨᠳᠦᠰᠦᠲᠡᠨ᠎ᠢ ᠬᠠᠪᠰᠤᠷᠤᠨ ᠬᠥᠭᠵᠢᠭᠦᠯᠬᠦ ᠵᠡᠷᠭᠡ ᠠᠯᠢ ᠤᠯᠠᠨ ᠬᠠᠪᠰᠤᠷᠤᠨ ᠲᠡᠳᠬᠦᠬᠦ ᠲᠦᠷᠦ᠎ᠶᠢᠨ ᠪᠤᠳᠤᠯᠭ᠎ᠠ᠎ᠪᠠᠷ ᠳᠠᠮᠵᠢᠭᠤᠯᠤᠨ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠬᠦ ᠰᠢᠢᠳᠪᠦᠷᠢᠯᠡᠭᠴᠢ ᠴᠢᠨᠠᠷᠲᠠᠢ ᠢᠯᠠᠯᠲᠠ᠎ᠶᠢ ᠣᠯᠵᠤ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠰᠠᠭᠤᠷᠢ ᠨᠥᠬᠥᠴᠡᠯ᠎ᠢ ᠲᠠᠯᠪᠢᠵᠤ ᠥᠭᠭᠦᠭᠰᠡᠨ ᠪᠠᠢᠨ᠎ᠠ᠃ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭᠵᠢᠯᠲᠡ᠎ᠶᠢ ᠠᠬᠢᠭᠤᠯᠬᠤ ᠠᠬᠢᠴᠠ ᠳᠤᠮᠳᠠ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠠᠮᠳᠣ ᠵᠢᠨ ᠲᠠᠨᠢᠯᠳᠠ ᠵᠢ ᠲᠠᠰᠣᠷᠠᠯᠳᠠ ᠦᠬᠡᠢ ᠴᠢᠩᠭᠠᠳᠬᠠᠬᠣ ᠨᠢ  ᠳᠤᠮᠳᠠᠳᠤ᠎ᠶᠢᠨ ᠦᠨᠳᠦᠰᠦᠲᠡᠨ᠎ᠦ ᠨᠢᠭᠲᠠᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭᠠᠳᠬᠠᠵᠤ ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠢᠴᠢᠯᠠᠨ ᠨᠡᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶᠢ ᠪᠡᠶᠡᠯᠡᠭᠦᠯᠬᠦ᠎ᠶᠢᠨ ᠲᠥᠯᠥᠭᠡ ᠪᠦᠯᠬᠦᠮᠳᠡᠨ ᠲᠡᠮᠡᠴᠡᠬᠦ᠂ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶᠢᠨ ᠠᠯᠬᠤᠴᠠ᠎ᠪᠠᠨ ᠲᠦᠷᠭᠡᠳᠬᠡᠬᠦ ᠵᠢᠴᠢ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭᠰᠢᠯᠠᠬᠤ᠎ᠶᠢ ᠠᠬᠢᠭᠣᠯᠬᠣ᠎ᠳᠤ ᠮᠠᠰᠢ ᠴᠢᠬᠤᠯᠠ ᠠᠴᠢ ᠬᠣᠯᠪᠣᠭᠳᠠᠯ ᠲᠠᠶ᠃

 

ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ᠎ᠳᠤ ᠠᠰᠢᠭᠲᠠᠶ


ᠳᠤᠮᠳᠠᠳᠤ᠎ᠶᠢᠨ ᠪᠣᠯᠪᠠᠰᠤᠨ᠎ᠤ ᠬᠥᠭᠵᠢᠯᠲᠡ᠎ᠶᠢᠨ ᠲᠡᠦᠬᠡ ᠪᠣᠯ ᠳᠤᠮᠳᠠᠳᠤ᠎ᠶᠢᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠤᠯᠠᠮ ᠡᠴᠡ ᠳᠤᠮᠳᠠᠳᠤ᠎ᠶᠢᠨ ᠦᠨᠳᠦᠰᠦᠲᠡᠨ᠎ᠦ ᠲᠤᠮᠤ ᠭᠡᠷ ᠪᠦᠯᠢ ᠪᠤᠯᠵᠤ ᠪᠦᠷᠢᠯᠳᠦᠭᠰᠡᠨ ᠲᠡᠦᠬᠡ ᠮᠥᠨ᠂ ᠳᠤᠮᠳᠠᠳᠤ᠎ᠶᠢᠨ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠭᠰᠡᠨ ᠲᠡᠮᠡᠴᠡᠯ᠎ᠦᠨ ᠲᠡᠦᠬᠡ ᠮᠥᠨ᠂ ᠳᠤᠮᠳᠠᠳᠤ ᠎ᠶᠢᠨ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠬᠡ ᠤᠯᠤᠰ᠎ᠤᠨ ᠥᠷᠭᠡᠨ ᠠᠭᠤᠳᠠᠮ ᠨᠤᠲᠤᠭ ᠳᠡᠪᠢᠰᠬᠡᠷ᠎ᠢ ᠨᠡᠭᠡᠭᠡᠵᠦ᠂ ᠥᠨᠢ ᠤᠳᠠᠭᠠᠨ ᠲᠡᠦᠬᠡ᠎ᠶᠢ ᠬᠠᠮᠲᠤ᠎ᠪᠠᠷ ᠪᠢᠴᠢᠭᠯᠡᠵᠦ ᠂ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠴᠦ ᠂ ᠠᠭᠤᠤ ᠶᠡᠬᠡ ᠵᠣᠷᠢᠭ ᠰᠠᠨᠠᠭ᠎ᠠ᠎ᠶᠢ ᠬᠠᠮᠲᠤ᠎ᠪᠠᠷ ᠪᠣᠢᠵᠢᠭᠤᠯᠤᠭᠰᠠᠨ ᠭᠡᠷᠡᠯ ᠰᠠᠴᠤᠷᠠᠩᠭᠤᠢ ᠪᠣᠯᠪᠠᠰᠤᠨ᠎ᠤ ᠲᠡᠦᠬᠡ ᠮᠥᠨ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠣᠭᠴᠠᠯᠠᠨ ᠪᠠᠢᠭᠤᠯᠵᠤ᠂ ᠬᠥᠭᠵᠢᠭᠦᠯᠵᠦ ᠂ ᠪᠡᠬᠢᠵᠢᠭᠦᠯᠦᠭᠰᠡᠨ ᠠᠭᠤᠤ ᠶᠡᠬᠡ ᠡᠬᠡ ᠤᠯᠤᠰ᠎ᠤᠨ ᠲᠡᠦᠬᠡ ᠮᠥᠨ᠃

ᠦᠭᠡ ᠬᠡᠯᠡ ᠦᠰᠦᠭ ᠪᠢᠴᠢᠭ ᠪᠣᠯ ᠬᠥᠮᠦᠨ ᠲᠥᠷᠥᠯᠬᠢᠲᠡᠨ᠎ᠦ ᠬᠠᠮᠤᠭ᠎ᠤᠨ ᠴᠢᠬᠤᠯᠠ ᠬᠠᠷᠢᠯᠴᠠᠭᠠᠨ᠎ᠤ ᠪᠠᠭᠠᠵᠢ ᠪᠠ ᠮᠡᠳᠡᠭᠡ ᠵᠠᠩᠭᠢ᠎ᠶᠢᠨ ᠠᠴᠢᠶᠠᠯᠠᠪᠤᠷᠢ ᠮᠥᠨ ᠂ ᠰᠣᠶᠣᠯ᠎ᠤᠨ ᠰᠠᠭᠤᠷᠢ ᠡᠯᠧᠮᠧᠨ᠋ᠲ ᠪᠠ ᠢᠯᠡ ᠲᠣᠳᠣ ᠪᠡᠯᠭᠡ ᠲᠡᠮᠳᠡᠭ ᠮᠥᠨ ᠂ ᠲᠡᠦᠬᠡ᠎ᠶᠢᠨ ᠬᠥᠭᠵᠢᠯᠲᠡ ᠪᠠ ᠨᠡᠢᠭᠡᠮ᠎ᠦᠨ ᠲᠠᠪᠰᠢᠯᠳᠠ᠎ᠶᠢ ᠠᠬᠢᠭᠤᠯᠬᠤ ᠴᠢᠬᠤᠯᠠ ᠬᠦᠴᠦᠨ ᠮᠥᠨ᠃ ᠦᠭᠡ ᠬᠡᠯᠡ ᠦᠰᠦᠭ ᠪᠢᠴᠢᠭ᠎ᠦᠨ ᠦᠢᠯᠡᠰ ᠨᠢ ᠰᠠᠭᠤᠷᠢᠯᠠᠬᠤ ᠴᠢᠨᠠᠷ ᠂ ᠪᠦᠬᠦ ᠲᠠᠯ᠎ᠠ᠎ᠶᠢᠨ ᠴᠢᠨᠠᠷ ᠂ ᠨᠡᠢᠭᠡᠮᠴᠢ ᠴᠢᠨᠠᠷ ᠪᠠ ᠪᠦᠬᠦ ᠠᠷᠠᠳ᠎ᠤᠨ ᠴᠢᠨᠠᠷ  ᠪᠦᠬᠦᠢ ᠣᠨᠴᠠᠯᠢᠭ᠎ᠲᠠᠶ ᠪᠠᠢᠵᠤ᠂ ᠤᠯᠤᠰ᠎ᠤᠨ ᠰᠣᠶᠣᠯ᠎ᠤᠨ ᠪᠠᠢᠭᠤᠯᠤᠯᠲᠠ ᠪᠠ ᠨᠡᠢᠭᠡᠮ᠎ᠦᠨ ᠬᠥᠭᠵᠢᠯᠲᠡ᠎ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠲᠡᠦᠬᠡ ᠰᠣᠶᠣᠯ᠎ᠤᠨ ᠵᠠᠯᠭᠠᠮᠵᠢᠯᠠᠯ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠲᠡᠶ ᠬᠣᠯᠪᠣᠭᠳᠠᠵᠤ᠂ ᠤᠯᠤᠰ᠎ᠤᠨ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠲᠡᠶ ᠬᠣᠯᠪᠣᠭᠳᠠᠵᠤ᠂ ᠠᠷᠠᠳ ᠢᠷᠭᠡᠳ᠎ᠦᠨ ᠬᠡᠪ ᠴᠢᠨᠠᠷ᠎ᠤᠨ ᠳᠡᠭᠡᠭᠰᠢᠯᠡᠯᠲᠡ ᠪᠠ ᠬᠥᠮᠦᠨ᠎ᠦ ᠪᠦᠬᠦ ᠲᠠᠯ᠎ᠠ᠎ᠶᠢᠨ ᠬᠥᠭᠵᠢᠯᠲᠡ᠎ᠲᠡᠶ ᠬᠣᠯᠪᠣᠭᠳᠠᠵᠤ᠂ ᠤᠯᠤᠰ᠎ᠤᠨ ᠬᠥᠭᠵᠢᠯᠲᠡ᠎ᠶᠢᠨ ᠪᠠᠢᠯᠳᠤᠬᠤ ᠪᠤᠳᠤᠯᠭ᠎ᠠ᠎ᠳᠤ ᠴᠢᠬᠤᠯᠠ ᠪᠠᠢᠷᠢ ᠰᠠᠭᠤᠷᠢ ᠪᠠ ᠦᠢᠯᠡᠳᠦᠯ᠎ᠲᠡᠶ ᠪᠠᠢᠳᠠᠭ᠃ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡ᠎ᠪᠡᠷ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠤᠯᠤᠰ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠦᠨᠳᠦᠰᠦᠨ ᠱᠠᠭᠠᠷᠳᠠᠯᠭ᠎ᠠ ᠮᠥᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠨᠢᠭᠲᠠᠷᠠᠯ᠎ᠤᠨ ᠬᠦᠴᠦᠨ᠎ᠢ ᠴᠢᠩᠭᠠᠷᠠᠭᠤᠯᠬᠤ ᠪᠠ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭᠰᠢᠯᠡᠭᠦᠯᠬᠦ᠎ᠶᠢᠨ ᠴᠢᠬᠤᠯᠠ ᠠᠭᠤᠯᠭ᠎ᠠ ᠮᠥᠨ᠃  ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠨᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠪᠦᠬᠦ ᠳᠡᠯᠡᠬᠡᠢ᠎ᠳᠦ ᠳᠤᠮᠳᠠᠳᠤ ᠤᠯᠤᠰ᠎ᠤᠨ ᠲᠦᠷᠢ ᠲᠥᠷᠬᠦ᠎ᠶᠢ ᠢᠯᠡᠷᠡᠭᠦᠯᠬᠦ ᠂ ᠳᠤᠮᠳᠠᠳᠤ ᠤᠯᠤᠰ᠎ᠤᠨ ᠬᠦᠴᠦᠨ᠎ᠢ ᠢᠯᠡᠷᠡᠭᠦᠯᠬᠦ᠎ᠳᠦ ᠠᠰᠢᠭᠲᠠᠢ ᠶᠤᠮ᠃

(ᠵᠣᠬᠢᠶᠠᠭᠴᠢ᠄ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号