ᠠᠯᠠᠱᠠ ᠠᠢᠮᠠᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠪᠠ
2021-10-22 09:16:32
ᠵᠣᠬᠢᠶᠠᠭ᠍ᠴᠢ᠄
​ ᠸᠠᠩ ᠺᠦᠨ ᠸᠠᠩ ᠯᠸᠢ
ᠣᠩᠱᠢᠭ᠍ᠰᠠᠨ ᠣᠳᠠᠭ᠎ᠠ᠄
★★★☆☆

ᠡᠵᠡᠨ᠎ᠡ ᠬᠤᠰᠢᠭᠤᠨ ᠳ᠋ᠤ ᠤᠨᠤᠰᠢᠯᠠᠬᠰᠠᠨ ᠡᠪᠡᠳᠴᠢᠨ᠎ᠤ ᠵᠢᠱ᠌ᠢᠶ᠎ᠡ  8  ᠨᠡᠮᠡᠭᠳᠡᠪᠡ

10 ᠰᠠᠷ᠎ᠠ᠎ᠶ᠋ᠢᠨ 21 ᠤ᠋ ᠦᠳᠡ᠎ᠶ᠋ᠢᠨ ᠬᠣᠢᠨᠠᠬᠢ 5 ᠴᠠᠭ᠎ᠲᠤ᠂ ᠠᠯᠠᠱᠠ ᠠᠢᠮᠠᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠵᠡᠨ᠎ᠡ ᠬᠣᠱᠢᠭᠤᠨ᠎ᠳᠤ ᠬᠤᠷᠠᠯᠳᠤᠪᠠ᠃ 10 ᠰᠠᠷ᠎ᠠ᠎ᠶ᠋ᠢᠨ 21 ᠤ᠋ ᠡᠳᠦᠷ᠎ᠦᠨ 13 ᠴᠠᠭ ᠪᠣᠯᠲᠠᠯ᠎ᠠ᠂ ᠳᠠᠬᠤᠯ ᠡᠪᠡᠳᠴᠢᠨ᠎ᠦ ᠰᠤᠳᠤᠯᠭᠠᠨ᠎ᠤ ᠪᠠᠢᠴᠠᠭᠠᠯᠲᠠ ᠪᠠ ᠪᠥᠭᠡᠮ ᠬᠦᠴᠢᠯ᠎ᠦᠨ ᠳᠠᠬᠢᠨ ᠪᠠᠢᠴᠠᠭᠠᠯᠲᠠ ᠬᠢᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠲᠤᠰᠭᠠᠶ ᠮᠡᠷᠭᠡᠵᠢᠯᠲᠡᠨ᠎ᠦ ᠣᠨᠣᠱᠢᠯᠠᠯᠲᠠ᠎ᠪᠠᠷ᠂ ᠡᠵᠡᠨ᠎ᠡ ᠬᠣᠱᠢᠭᠤᠨ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠱᠢᠨ᠎ᠡ᠎ᠪᠡᠷ 8 ᠨᠡᠮᠡᠭ᠌ᠳᠡᠪᠡ᠃

ᠣᠳᠣᠬᠠᠨ ᠪᠣᠯᠲᠠᠯ᠎ᠠ᠂ ᠡᠵᠡᠨ᠎ᠡ ᠬᠣᠱᠢᠭᠤ ᠨᠡᠢ᠌ᠳᠡ 13 ᠣᠨᠣᠱᠢᠯᠠᠭ᠍ᠰᠠᠨ ᠡᠪᠡᠳᠴᠢᠨ᠎ᠦ ᠵᠢᠱ᠌ᠢᠢ᠎ᠡ᠎ᠶ᠋ᠢ ᠮᠡᠳᠡᠭᠦᠯᠪᠡ᠃ ᠠᠯᠠᠱᠠ ᠵᠡᠭᠦᠨ ᠬᠣᠱᠢᠭᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠬᠰᠠᠨ ᠡᠪᠡᠳᠴᠢᠨ᠎ᠦ ᠵᠢᠱ᠌ᠢᠶ᠎ᠡ᠎ᠶ᠋ᠢ 1 ᠮᠡᠳᠡᠭᠦᠯᠪᠡ᠃ ᠠᠯᠠᠱᠠ ᠠᠢᠮᠠᠭ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭ᠍ᠰᠠᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 14 ᠮᠡᠳᠡᠭᠦᠯᠵᠦ᠍᠂ ᠪᠦᠬᠦᠨ᠎ᠢ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨ ᠲᠤᠰᠠᠭᠠᠷᠯᠠᠨ ᠡᠮᠴᠢᠯᠡᠭ᠌ᠰᠡᠨ ᠪᠥᠭᠡᠳ ᠣᠨᠣᠱᠢᠯᠠᠭ᠍ᠰᠠᠨ ᠡᠪᠡᠳᠴᠢᠨ᠎ᠦ ᠵᠢᠱ᠌ᠢᠶ᠎ᠡ᠎ᠳᠦ ᠲᠠᠬᠤᠯ ᠡᠪᠡᠳᠴᠢᠨ᠎ᠦ ᠰᠤᠳᠤᠯᠭᠠᠨ᠎ᠤ ᠪᠠᠢᠴᠠᠭᠠᠯᠲᠠ ᠬᠢᠵᠦ᠍᠂ ᠬᠠᠮᠢᠶ᠎ᠠ ᠪᠥᠬᠥᠶ ᠣᠢᠷᠠᠲᠤᠭ᠍ᠰᠠᠳ᠎ᠢ ᠵᠢᠭ᠍ᠰᠠᠭᠠᠨ ᠪᠠᠢᠴᠠᠭᠠᠵᠤ ᠮᠥᠷᠳᠡᠨ ᠬᠠᠮᠢᠶᠠᠷᠴᠤ᠌᠂ ᠬᠠᠮᠢᠶ᠎ᠠ ᠪᠥᠬᠥᠶ ᠲᠠᠯᠠᠪᠤᠷ ᠭᠠᠵᠠᠷ ᠲᠦ᠍ ᠪᠢᠲᠡᠭᠦᠮᠵᠢᠯᠡᠨ ᠬᠠᠮᠢᠶᠠᠷᠬᠤ ᠵᠢᠴᠢ ᠠᠷᠢᠭᠤᠳᠭᠠᠬᠤ ᠵᠡᠷᠭᠡ ᠠᠷᠭ᠎ᠠ ᠬᠡᠮᠵᠢᠶ᠎ᠡ ᠠᠪᠴᠠᠶ᠃

ᠣᠳᠣᠬᠠᠨ᠎ᠳᠤ᠂ ᠠᠯᠠᠱᠠ ᠠᠢᠮᠠᠭ ᠠᠪᠤᠷᠠᠨ ᠵᠠᠰᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠪᠠᠢᠨ᠎ᠠ᠃ ᠡᠪᠡᠳᠴᠢᠲᠡᠨ᠎ᠢ ᠲᠥᠪᠯᠡᠷᠡᠭᠦᠯᠬᠦ᠌᠂ ᠲᠤᠰᠭᠠᠢ ᠮᠡᠷᠭᠡᠵᠢᠯᠲᠡᠨ᠎ᠢ ᠲᠥᠪᠯᠡᠷᠡᠭᠦᠯᠬᠦ᠌᠂ ᠡᠬᠢ ᠪᠠᠶᠠᠯᠢᠭ᠎ᠢ ᠲᠥᠪᠯᠡᠷᠡᠭᠦᠯᠬᠦ᠌᠂ ᠲᠥᠪᠯᠡᠷᠡᠭᠦᠯᠦᠨ ᠠᠪᠤᠷᠠᠨ ᠵᠠᠰᠠᠬᠤ᠎ᠶ᠋ᠢ ᠪᠠᠷᠢᠮᠲᠠᠯᠠᠵᠤ᠂ ᠡᠪᠡᠳᠴᠢᠲᠡᠨ᠎ᠢ ᠠᠪᠤᠷᠠᠨ ᠵᠠᠰᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠥ ᠪᠠᠢᠨ᠎ᠠ᠃ ᠣᠨᠣᠱᠢᠯᠠᠭ᠍ᠰᠠᠨ ᠡᠪᠡᠳᠴᠢᠲᠡᠨ᠎ᠳᠦ 《ᠨᠢᠭᠡ ᠬᠥᠮᠦᠨ ᠳ᠋ᠤ ᠨᠢᠭᠡ ᠲᠥᠰᠦᠯ》 ᠎ᠢ᠋ ᠬᠡᠷᠡᠭ᠌ᠵᠢᠭᠦᠯᠵᠦ᠍᠂ ᠠᠮᠢ ᠨᠠᠰᠤᠨ᠎ᠤ ᠪᠡᠶ᠎ᠡ᠎ᠶ᠋ᠢᠨ ᠢᠯᠡᠷᠡᠯ ᠵᠢᠴᠢ ᠡᠪᠡᠳᠴᠢᠨ᠎ᠦ ᠪᠠᠢᠳᠠᠯ᠎ᠢ ᠨᠢ ᠨᠠᠷᠢᠨ ᠨᠢᠭ᠍ᠲᠠ ᠠᠵᠢᠭ᠍ᠯᠠᠵᠤ᠂ ᠴᠠᠭ᠎ᠲᠤᠨᠢ ᠲᠤᠬᠢᠷᠠᠭᠤᠯᠤᠨ ᠠᠨᠠᠭᠠᠬᠤ ᠤᠬᠠᠭᠠᠨ᠎ᠤ ᠦᠨᠡᠯᠡᠯᠲᠡ ᠬᠢᠵᠦ᠍᠂ ᠠᠪᠤᠷᠠᠨ ᠵᠠᠰᠠᠬᠤ ᠲᠥᠰᠦᠯ᠎ᠢ ᠲᠠᠰᠤᠷᠠᠯᠳᠠ ᠦᠭᠡᠢ ᠱᠢᠯᠢᠳᠡᠭ᠌ᠵᠢᠭᠦᠯᠵᠦ᠍᠂ ᠬᠢᠲᠠᠳ ᠧᠦ᠋ᠷᠣᠫᠠ ᠡᠮᠨᠡᠯᠭᠡ᠎ᠶ᠋ᠢ ᠤᠶᠠᠯᠳᠤᠭᠤᠯᠬᠤ᠎ᠶ᠋ᠢ ᠴᠢᠩᠭᠠᠳᠭᠠᠵᠤ᠂ ᠬᠦᠩᠬᠡᠨ ᠡᠪᠡᠳᠴᠢᠨ᠎ᠡᠴᠡ ᠬᠦᠨᠳᠦ ᠡᠪᠡᠳᠴᠢᠨ᠎ᠳᠦ ᠱᠢᠯᠵᠢᠬᠦ᠌᠎ᠶ᠋ᠢ ᠰᠡᠷᠭᠡᠢᠯᠡᠵᠦ᠍᠂ ᠢᠯᠡᠷᠢᠱᠢᠭᠦᠯᠬᠦ᠌ ᠨᠤᠷᠮ᠎ᠠ᠎ᠶ᠋ᠢ ᠬᠦᠴᠦ ᠲᠠᠯᠪᠢᠨ ᠳᠡᠭᠡᠭ᠌ᠰᠢᠯᠡᠭᠦᠯᠵᠦ᠍᠂ ᠡᠪᠡᠳᠴᠢᠲᠡᠨ᠎ᠢ ᠪᠦᠬᠦ᠌ ᠬᠦᠴᠦ᠍᠎ᠪᠡᠷ᠎ᠢᠶᠡᠨ ᠠᠪᠤᠷᠠᠨ ᠵᠠᠰᠠᠵᠥ ᠪᠤᠢ᠃ ᠳᠠᠬᠤᠯ ᠡᠪᠡᠳᠴᠢᠨ᠎ᠢ ᠪᠠᠢᠴᠠᠭᠠᠵᠥ ᠡᠬᠢ ᠰᠤᠷᠪᠤᠯᠵᠢ᠎ᠶ᠋ᠢ ᠮᠦᠷᠳᠡᠬᠦ ᠵᠢ ᠪᠦᠬᠦ᠌ ᠲᠠᠯ᠎ᠠ᠎ᠪᠠᠷ ᠲᠦᠷᠭᠡᠳᠭᠡᠵᠥ ᠪᠤᠢ᠃ ᠣᠨᠣᠱᠢᠯᠠᠭ᠍ᠰᠠᠨ ᠡᠪᠡᠳᠴᠢᠨ᠎ᠦ ᠵᠢᠱ᠌ᠢᠶ᠎ᠡ᠂ ᠪᠦᠬᠡᠮ ᠬᠦᠴᠢᠯ᠎ᠤᠨ ᠠᠷᠭ᠎ᠠ᠎ᠴᠢᠨᠠᠷ ᠢᠯᠡᠷᠡᠭᠰᠡᠨ ᠬᠥᠮᠦᠨ᠎ᠦ ᠲᠠᠬᠤᠯ ᠡᠪᠡᠳᠴᠢᠨ᠎ᠦ ᠰᠤᠳᠤᠯᠭᠠᠨ᠎ᠤ ᠪᠠᠢᠴᠠᠭᠠᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠳᠠᠬᠤᠯ ᠡᠪᠡᠳᠴᠢᠨ᠎ᠤ ᠪᠠᠢᠴᠠᠭᠠᠯᠲᠠ᠎ᠶ᠋ᠢᠨ ᠡᠬᠢ ᠰᠤᠷᠪᠤᠯᠵᠢ᠎ᠶ᠋ᠢ ᠮᠦᠷᠳᠡᠬᠦ ᠠᠵᠢᠯ᠎ᠢ ᠨᠠᠷᠢᠨ ᠨᠢᠬᠳᠠ ᠬᠦᠨᠵᠡᠬᠡᠢ ᠬᠢᠵᠦ᠍ ᠂ ᠬᠠᠯᠳᠠᠪᠤᠷᠢᠯᠠᠵᠥ ᠮᠡᠳᠡᠭᠰᠡᠳ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠣᠢᠷᠠᠳᠤᠭᠰᠠᠨ ᠪᠤᠯᠤᠯᠴᠠᠭ᠎ᠠ ᠲᠠᠢ  ᠬᠠᠮᠢᠶ᠎ᠠ  ᠪᠥᠬᠥᠶ ᠬᠥᠮᠦᠰ᠎ᠲᠦ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠠᠯᠳᠠᠪᠤᠷᠢᠯᠠᠬᠤ ᠠᠷᠭ᠎ᠠ ᠵᠠᠮ᠎ᠢ ᠪᠥᠬᠥ᠌ ᠬᠦᠴᠦᠨ᠎ᠢᠶᠡᠷ ᠬᠣᠷᠢᠭ᠍ᠯᠠᠪᠠ᠃ ᠠᠶᠤᠯ ᠲᠦᠭ᠌ᠰᠢᠭᠦᠷᠢ᠎ᠶ᠋ᠢᠨ ᠣᠷᠣᠨ ᠪᠦᠰᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠪᠠ᠃ 

ᠢᠯᠭᠠᠨ ᠲᠣᠭ᠍ᠲᠠᠭᠠᠭ᠍ᠰᠠᠨ ᠠᠶᠤᠯ ᠲᠦᠭ᠌ᠰᠢᠭᠦᠷᠢ᠎ᠲᠡᠶ ᠣᠷᠣᠨ ᠪᠦᠰᠡ᠎ᠶ᠋ᠢ ᠲᠦᠷᠦᠯ ᠬᠤᠪᠢᠶᠠᠨ ᠴᠢᠩᠭ᠎ᠠ ᠨᠠᠢᠳᠠᠪᠤᠷᠢᠵᠢᠭᠤᠯᠵᠤ᠂ ᠢᠯᠠᠩᠭᠤᠶ᠎ᠠ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ᠎ᠤ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠵᠤ᠂ ᠬᠢᠵᠢᠭ᠎ᠦᠨ ᠪᠠᠢᠳᠠᠯ᠎ᠤᠨ ᠠᠶᠤᠯ ᠲᠦᠭ᠌ᠰᠢᠭᠦᠷᠢ᠎ᠶ᠋ᠢ ᠬᠠᠮᠤᠭ᠎ᠤᠨ ᠪᠠᠭ᠎ᠠ ᠬᠡᠪᠴᠢᠶᠡᠨ᠎ᠳᠦ ᠬᠢᠵᠠᠭᠠᠷᠯᠠᠬᠤ᠎ᠪᠠᠷ ᠴᠢᠷᠮᠠᠢᠵᠥ ᠪᠤᠢ᠃ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠯᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭᠠᠳᠭᠠᠵᠥ ᠪᠤᠢ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠲᠡᠶ ᠡᠪᠡᠳᠴᠢᠲᠡᠨ᠎ᠢ ᠠᠪᠤᠷᠠᠨ ᠵᠠᠰᠠᠬᠤ ᠠᠵᠢᠯ᠎ᠳᠤ ᠣᠷᠣᠯᠴᠠᠭ᠍ᠰᠠᠨ ᠬᠠᠮᠢᠶ᠎ᠠ ᠪᠥᠬᠥᠶ ᠬᠥᠮᠦᠰ᠂ ᠲᠤᠰᠠᠭᠠᠷᠯᠠᠬᠤ ᠡᠪᠡᠳᠴᠢᠲᠡᠨ᠎ᠦ ᠲᠣᠭᠣᠷᠢᠭ᠎ᠤᠨ ᠡᠮᠴᠢ ᠰᠤᠪᠢᠯᠠᠭ᠍ᠴᠢ᠂ ᠱᠢᠯᠵᠢᠭᠦᠯᠦᠨ ᠵᠥᠭᠡᠭᠡᠪᠦᠷᠢᠯᠡᠭ᠌ᠴᠢ᠂ ᠴᠡᠪᠡᠷᠯᠡᠭ᠌ᠴᠢ᠂ ᠡᠮᠨᠡᠯᠭᠡ᠎ᠶ᠋ᠢᠨ ᠬᠠᠶᠠᠭ᠍ᠳᠠᠮᠠᠯ ᠪᠤᠳᠠᠰ᠎ᠢ ᠱᠢᠯᠵᠢᠭᠦᠯᠦᠨ ᠵᠥᠭᠡᠭᠡᠪᠦᠷᠢᠯᠡᠭ᠌ᠴᠢ ᠵᠢᠴᠢ ᠨᠡᠬᠡᠮᠡᠯ ᠡᠳ᠋ ᠤᠬᠢᠶᠠᠭ᠍ᠴᠢ ᠵᠡᠷᠭᠡ᠎ᠶ᠋ᠢ ᠪᠠᠭ᠍ᠲᠠᠭᠠᠭ᠍ᠰᠠᠨ ᠪᠦᠬᠦ ᠬᠦᠮᠦᠰ᠎ᠢ ᠪᠢᠲᠡᠭᠦᠮᠵᠢᠯᠡᠨ ᠬᠠᠮᠢᠶᠠᠷᠬᠤ ᠠᠷᠭ᠎ᠠ ᠬᠡᠮᠵᠢᠶ᠎ᠡ ᠠᠪᠴᠤ ᠪᠤᠢ᠃ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠳᠤ ᠡᠪᠡᠳᠴᠢᠨ᠎ᠢ ᠰᠡᠷᠬᠡᠢᠯᠡᠨ ᠡᠵᠡᠮᠳᠡᠬᠦ ᠳᠤᠰᠬᠠᠢ ᠮᠡᠷᠬᠡᠵᠢᠯᠳᠡᠨ᠎ᠢ ᠵᠤᠬᠢᠶᠠᠨ ᠪᠠᠢᠭᠤᠯᠵᠥ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠲᠡᠨ᠎ᠢ ᠬᠦᠯᠢᠶᠡᠨ ᠠᠪᠴᠤ᠌ ᠡᠮᠨᠡᠨ ᠵᠠᠰᠠᠬᠤ ᠲᠣᠭ᠍ᠲᠠᠭ᠍ᠰᠠᠨ ᠴᠡᠭ᠎ᠦᠨ ᠡᠮᠨᠡᠯᠭᠡ᠎ᠶ᠋ᠢᠨ ᠬᠣᠷᠢᠶᠠᠨ ᠳ᠋ᠤ ᠴᠡᠭ᠎ᠲᠦ ᠰᠠᠭᠤᠵᠤ ᠵᠢᠯᠤᠭᠤᠳᠤᠭᠤᠯᠵᠥ᠂ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠡᠵᠡᠮᠳᠡᠬᠦ᠌ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠪᠣᠳᠠᠲᠠᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠪᠡᠯᠡᠳᠭᠡᠯ ᠠᠵᠢᠯ᠎ᠢ ᠲᠡᠭᠦᠯᠳᠡᠷᠵᠢᠭᠦᠯᠪᠠ᠃ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠴᠢᠩᠭᠠᠳᠭᠠᠵᠤ᠂ ᠲᠠᠬᠤᠯ ᠡᠪᠡᠳᠴᠢᠨ᠎ᠦ ᠪᠠᠢᠴᠠᠭᠠᠯᠲᠠ᠎ᠶ᠋ᠢᠨ ᠪᠠᠢᠳᠠᠯ ᠪᠣᠯᠤᠨ ᠬᠢᠵᠢᠭ᠎ᠦᠨ ᠪᠠᠢᠳᠠᠯ᠎ᠤᠨ ᠬᠤᠪᠢᠷᠠᠯᠲᠠ᠎ᠶ᠋ᠢᠨ ᠪᠠᠢᠳᠠᠯ᠎ᠢ ᠦᠨᠳᠦᠰᠦᠯᠡᠨ᠂ ᠰᠡᠷᠭᠡᠢᠯᠡᠨ ᠡᠵᠡᠮᠳᠡᠬᠦ᠌ ᠠᠷᠭ᠎ᠠ ᠪᠣᠳᠣᠯᠭ᠎ᠠ᠎ᠳᠤ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠵᠦ᠍᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠎ᠤᠨ ᠨᠥᠭᠡᠴᠡᠯᠡᠯᠲᠡ᠎ᠶ᠋ᠢ ᠨᠡᠮᠡᠭ᠌ᠳᠡᠭᠦᠯᠵᠦ᠍᠂ ᠨᠠᠩ ᠶᠡᠬᠡ ᠬᠡᠪᠴᠢᠶᠡᠨ᠎ᠦ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠳᠤ ᠬᠡᠷᠡᠭ᠌ᠰᠡᠬᠦ᠌ ᠲᠤᠷᠱᠢᠯᠲᠠ᠎ᠶ᠋ᠢᠨ ᠡᠮ᠂ ᠡᠳ᠋ ᠪᠣᠳᠠᠰ ᠵᠢᠴᠢ ᠠᠵᠢᠯᠲᠠᠨ᠎ᠢ ᠲᠣᠬᠢᠷᠠᠭᠤᠯᠬᠤ ᠠᠵᠢᠯ᠎ᠢ ᠰᠠᠢᠲᠤᠷ ᠬᠢᠵᠦ᠍᠂ ᠪᠠᠴᠢᠮ ᠬᠡᠷᠡᠭ᠌ᠰᠡᠬᠦ᠌᠂ ᠳᠤᠲᠠᠭ᠍ᠳᠠᠵᠤ ᠪᠠᠢᠭ᠎ᠠ ᠡᠳ᠋ ᠪᠣᠳᠠᠰ᠎ᠢ ᠵᠣᠬᠢᠴᠠᠭᠤᠯᠤᠨ ᠲᠣᠬᠢᠷᠠᠭᠤᠯᠬᠤ᠎ᠶ᠋ᠢ ᠴᠢᠩᠭᠠᠳᠭᠠᠵᠤ᠂  《 ᠨᠥᠭᠡᠴᠡ 》 ᠎ᠶ᠋ᠢ ᠠᠷᠪᠢᠲᠠᠶ ᠡᠷᠴᠢᠮᠯᠢᠭ ᠬᠡᠷᠡᠭ᠌ᠯᠡᠬᠦ᠌ ᠮᠥᠷᠲᠡᠭᠡᠨ ᠪᠠᠰᠠ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ 《 ᠨᠡᠮᠡᠭ᠌ᠳᠡᠯ ᠬᠡᠮᠵᠢᠶ᠎ᠡ》 ᠵᠢ ᠠᠬᠢᠭᠤᠯᠵᠤ ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠴᠢᠮ ᠪᠠᠢᠳᠠᠯ᠎ᠢ ᠠᠷᠭᠠᠴᠠᠭᠠᠬᠤ᠎ᠳᠤ ᠬᠡᠷᠡᠭ᠌ᠰᠡᠬᠦ᠌᠎ᠶ᠋ᠢ ᠦᠨᠡᠨ ᠬᠦ᠌ ᠪᠠᠲᠤᠯᠠᠪᠠ᠃ ᠲᠤᠰᠠᠭᠠᠷᠯᠠᠭ᠍ᠰᠠᠨ ᠬᠥᠮᠦᠰ᠎ᠢ ᠬᠠᠯᠠᠮᠵᠢᠯᠠᠬᠤ ᠠᠵᠢᠯ᠎ᠢ ᠰᠠᠢᠲᠤᠷ ᠬᠢᠪᠠ᠃ ᠲᠤᠰᠠᠭᠠᠷᠯᠠᠬᠰᠠᠨ ᠤᠯᠠᠨ ᠳᠦᠮᠡᠨ ᠢᠯᠠᠩᠭᠤᠶ᠎ᠠ ᠬᠠᠱᠢᠭ᠍ᠳᠠᠭ᠍ᠰᠠᠨ ᠵᠢᠭᠤᠯᠴᠢᠯᠠᠭ᠍ᠰᠠᠳ᠎ᠲᠤ ᠦᠶ᠋ᠯᠡᠴᠢᠯᠡᠬᠦ᠌ ᠪᠠᠲᠤᠯᠠᠭ᠎ᠠ ᠪᠠ ᠬᠥᠮᠦᠯᠢᠭ ᠬᠠᠯᠠᠮᠵᠢᠯᠠᠯ᠎ᠢ ᠰᠠᠢᠲᠤᠷ ᠬᠢᠵᠦ᠍᠂ ᠭᠤᠤᠯᠳᠠᠯᠭ᠎ᠠ᠎ᠲᠠᠶ ᠬᠥᠮᠦᠰ᠎ᠲᠦ ᠬᠠᠨᠳᠤᠯᠭᠠᠲᠤ ᠴᠢᠨᠠᠷᠲᠠᠶ᠎ᠪᠠᠷ ᠰᠡᠳᠭᠢᠴᠡ᠎ᠶ᠋ᠢᠨ ᠵᠢᠯᠣᠭᠣᠳᠣᠯᠭ᠎ᠠ ᠪᠠ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ ᠥᠷᠨᠢᠭᠦᠯᠵᠦ᠍᠂ ᠲᠤᠰᠠᠭᠠᠷᠯᠠᠬᠰᠠᠨ ᠤᠯᠠᠨ ᠳᠦᠮᠡᠨ᠎ᠤ ᠡᠳᠦᠷ ᠲᠤᠲᠤᠮ᠎ᠤᠨ ᠠᠮᠢᠳᠤᠷᠠᠯ᠎ᠤᠨ ᠪᠠᠲᠤᠯᠠᠭ᠎ᠠ᠂ ᠢᠯᠠᠩᠭᠤᠶ᠎ᠠ ᠨᠠᠰᠤᠲᠠᠢᠴᠤᠳ᠂ ᠤᠳᠠᠭᠠᠨ ᠴᠢᠨᠠᠷᠲᠠᠶ ᠡᠪᠡᠳᠴᠢᠲᠡᠨ᠎ᠦ ᠡᠷᠡᠭᠦᠯ ᠮᠡᠨᠳᠦ᠍᠎ᠶ᠋ᠢᠨ ᠬᠡᠷᠡᠭ᠌ᠴᠡᠭᠡ᠎ᠶ᠋ᠢ ᠪᠥᠬᠥ᠌ ᠬᠦᠴᠦᠨ᠎ᠢᠶᠡᠷ᠎ᠢᠶᠡᠨ ᠱᠢᠶ᠋ᠳᠪᠦᠷᠢᠯᠡᠵᠥ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号