10 ᠰᠠᠷ᠎ᠠ᠎ᠶ᠋ᠢᠨ 18 ᠤ ᠡᠳᠦᠷ᠂ ᠡᠵᠡᠨ᠎ᠠ ᠬᠣᠱᠢᠭᠤ
ᠶᠠᠨ ᠣᠪᠣᠭ᠍ᠲᠤ᠂ ᠵᠢᠶᠠᠩ ᠣᠪᠣᠭ᠍ᠲᠤ ᠵᠡᠷᠭᠡ 8 ᠬᠥᠮᠦᠨ᠎ᠦ ᠡᠵᠡᠨ᠎ᠡ ᠬᠣᠱᠢᠭᠤᠨ᠎ᠳᠠᠬᠢ ᠠᠶᠠᠯᠠᠯ ᠵᠢᠴᠢ ᠨᠢᠭ᠍ᠲᠠ
ᠣᠢᠷᠠᠲᠤᠭ᠍ᠰᠠᠳ ᠪᠣᠯᠤᠨ ᠲᠠᠮ ᠣᠢᠷᠠᠲᠤᠭ᠍ᠰᠠᠳ ᠵᠡᠷᠭᠡ ᠪᠠᠢᠳᠠᠯ᠎ᠢ ᠪᠠᠢᠴᠠᠭᠠᠨ ᠱᠢᠶ᠋ᠳᠪᠦᠷᠢᠯᠡᠪᠡ᠃ 10 ᠰᠠᠷ᠎ᠠ᠎ᠶ᠋ᠢᠨ
19 ᠦ ᠡᠳᠦᠷ᠂ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ ᠪᠠ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ
ᠬᠢᠵᠦ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠲᠤᠰᠭᠠᠶ ᠮᠡᠷᠭᠡᠵᠢᠯᠲᠡᠨ᠎ᠦ ᠣᠨᠣᠱᠢᠯᠠᠯᠲᠠ᠎ᠪᠠᠷ ᠳᠡᠮᠵᠢᠨ᠂
5 ᠡᠪᠡᠳᠴᠢᠨ᠎ᠦ ᠵᠢᠱ᠌ᠢᠶ᠎ᠡ᠎ᠶ᠋ᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠲᠤᠳᠤᠯᠠᠵᠤ᠂ ᠲᠣᠰ ᠡᠳᠦᠷ᠎ᠲᠡᠬᠡᠨ
ᠨᠢᠭᠡᠳᠦᠭᠡᠷ ᠡᠭᠡᠯᠵᠢ᠎ᠶ᠋ᠢᠨ ᠪᠥᠬᠥ᠌ ᠠᠷᠠᠳ᠎ᠤᠨ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ᠎ᠶ᠋ᠢ ᠡᠬᠢᠯᠡᠭᠦᠯᠪᠡ᠃
10 ᠰᠠᠷ᠎ᠠ᠎ᠶ᠋ᠢᠨ 21 ᠦ ᠡᠳᠦᠷ ᠂ ᠨᠢᠭᠡᠳᠦᠭᠡᠷ ᠡᠭᠡᠯᠵᠢ᠎ᠶ᠋ᠢᠨ ᠪᠦᠬᠦ ᠠᠷᠠᠳ᠎ᠤᠨ ᠪᠥᠭᠡᠮ
ᠬᠦᠴᠢᠯ᠎ᠦᠨ ᠱᠢᠯᠭᠠᠨ ᠪᠠᠢᠴᠠᠭᠠᠯᠲᠠ᠎ᠶ᠋ᠢᠨ ᠠᠩᠬ᠎ᠠ ᠠᠯᠬᠤᠮ᠎ᠤᠨ ᠦᠷ᠎ᠡ ᠳ᠋ᠦᠩ ᠭᠠᠷᠴᠤ ᠢᠷᠡᠵᠡᠢ᠃ ᠲᠠᠬᠤᠯ
ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ ᠪᠠ ᠪᠥᠭᠡᠮ ᠬᠦᠴᠢᠯ᠎ᠦᠨ ᠳᠠᠬᠢᠨ ᠪᠠᠢᠴᠠᠭᠠᠯᠲᠠ ᠬᠢᠭᠰᠡᠨ ᠪᠠ ᠥᠪᠡᠷᠲᠡᠭᠡᠨ
ᠵᠠᠰᠠᠬᠤ ᠣᠷᠣᠨ᠎ᠤ ᠡᠮᠴᠢᠯᠡᠭᠡᠨ᠎ᠦ ᠲᠤᠰᠭᠠᠶ ᠮᠡᠷᠭᠡᠵᠢᠯᠲᠡᠨ᠎ᠦ ᠣᠨᠣᠱᠢᠯᠠᠯᠲᠠ᠎ᠪᠠᠷ ᠳᠡᠮᠵᠢᠨ᠂ ᠱᠢᠨ᠎ᠡ
ᠲᠢᠲᠢᠮᠯᠢᠭ ᠠᠭᠤᠰᠭᠢᠨ ᠦᠷᠪᠢᠰᠦᠯ᠎ᠢᠶᠡᠷ ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠱᠢᠨ᠎ᠡ᠎ᠪᠡᠷ 8 ᠨᠡᠮᠡᠭ᠌ᠳᠡᠵᠦ᠍᠂ ᠪᠦᠬᠦᠨ᠎ᠢ
ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨ ᠡᠮᠨᠡᠭᠦᠯᠪᠡ᠃ ᠣᠳᠣᠬᠠᠨ
ᠪᠣᠯᠲᠠᠯ᠎ᠠ᠂ ᠡᠵᠡᠨ᠎ᠡ ᠬᠣᠱᠢᠭᠤᠨ᠎ᠳᠤ ᠨᠡᠢᠲᠡ 13 ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠪᠣᠶ᠃ ᠡᠵᠡᠨ᠎ᠡ
ᠬᠣᠱᠢᠭᠤᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ
ᠭᠠᠵᠠᠷ ᠨᠢᠭᠡᠨᠲᠡ ᠲᠤᠳᠤᠯᠠᠬᠰᠠᠨ ᠡᠪᠡᠳᠴᠢᠨ᠎ᠦ ᠵᠢᠱ᠌ᠢᠶ᠎ᠡ᠎ᠳᠦ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ᠎ᠶ᠋ᠢ
ᠨᠠᠢᠳᠠᠪᠤᠷᠢᠵᠢᠭᠤᠯᠵᠤ᠂ ᠬᠠᠮᠢᠶ᠎ᠠ ᠪᠥᠬᠥᠶ ᠣᠢᠷᠠᠲᠤᠭ᠍ᠰᠠᠳ ᠢ ᠰᠢᠭᠰᠢᠨ ᠪᠠᠢᠴᠠᠭᠠᠵᠤ ᠮᠥᠷᠳᠡᠨ ᠬᠠᠮᠢᠶᠠᠷᠴᠤ᠌᠂
ᠬᠠᠮᠢᠶ᠎ᠠ ᠪᠥᠬᠥᠶ ᠲᠠᠯᠠᠪᠤᠷ ᠭᠠᠵᠠᠷ᠎ᠢ ᠪᠢᠲᠡᠭᠦᠮᠵᠢᠯᠡᠨ ᠬᠠᠮᠢᠶᠠᠷᠬᠤ ᠵᠢᠴᠢ ᠠᠷᠢᠭᠤᠳᠭᠠᠬᠤ ᠵᠡᠷᠭᠡ ᠠᠷᠭ᠎ᠠ
ᠬᠡᠮᠵᠢᠶ᠎ᠡ ᠠᠪᠴᠠᠶ᠃
10 ᠰᠠᠷ᠎ᠠ ᠢ᠋ᠢᠨ 21 ᠡᠴᠡ ᠡᠬᠢᠯᠡᠨ ᠂ ᠡᠵᠡᠨ᠎ᠡ ᠬᠣᠱᠢᠭᠤᠨ ᠤ᠋ ᠳᠠᠯᠠᠢᠬᠦᠪ ᠪᠠᠯᠭᠠᠰᠦᠨ ᠤ᠋
ᠬᠡᠪᠴᠢᠶ᠎ᠠ ᠶ᠋ᠢ ᠬᠢᠵᠢᠭ ᠤ᠋ᠨ ᠦᠨᠳᠦᠷ
ᠲᠦᠭᠰᠢᠬᠦᠷᠢᠳᠡᠢ ᠤᠷᠤᠨ ᠶ᠋ᠢᠡᠷ ᠳᠤᠭᠳᠠᠭᠠᠪᠠ᠃
( ᠢᠷᠡᠯᠲᠡ᠄ 《 ᠳᠤᠮᠳᠠᠳᠤ ᠤᠯᠤᠰ᠎ᠤᠨ ᠡᠵᠡᠨ᠎ᠡ 》 ᠵᠢᠷᠭᠢᠶ᠎ᠠ ᠵᠢᠨ ᠳᠠᠪᠴᠠᠡᠭ )
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号