ᠵᠠᠭᠤᠨ ᠵᠢᠯ ᠎ᠦᠨ ᠨᠠᠮ ᠎ᠤᠨ ᠲᠡᠦᠬᠡ ᠎ᠡᠴᠡ ᠴᠥᠬᠥᠷᠡᠰᠢ ᠦᠭᠡᠶ ᠲᠡᠮᠡᠴᠡᠬᠦ ᠡᠷᠴᠢ ᠬᠦᠴᠦ ᠠᠪᠣᠶ᠎ᠠ
2021-10-22 09:20:47
ᠵᠣᠬᠢᠶᠠᠭ᠍ᠴᠢ᠄
ᠳᠠᠩ ᠭᠸᠨ ᠵᠢᠶᠧ
ᠣᠩᠱᠢᠭ᠍ᠰᠠᠨ ᠣᠳᠠᠭ᠎ᠠ᠄
★★★☆☆

 ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠠᠷᠢᠶᠠᠨ᠎ᠳᠠᠭᠠᠨ᠄ 《ᠤᠭ ᠰᠠᠨᠠᠭ᠎ᠠ ᠵᠢ ᠲᠤᠬᠳᠠᠭᠠᠬᠤ᠎ᠳᠤ ᠬᠢᠯᠪᠠᠷ᠂ ᠢᠮᠠᠭᠲᠠ ᠵᠢᠷᠤᠮᠯᠠᠬᠤ᠎ᠳᠤ ᠬᠦᠴᠢᠷ᠃ ᠲᠡᠦᠬᠡ᠎ᠪᠡᠷ ᠲᠤᠯᠢ ᠪᠣᠯᠭᠠᠪᠠᠯ ᠂ ᠲᠦᠷᠦ ᠭᠦᠷᠦᠨ᠎ᠤ ᠮᠠᠨᠳᠤᠵᠤ ᠮᠥᠬᠥᠨ ᠰᠤᠯᠢᠬᠳᠠᠬᠤ ᠶᠤᠰᠤ᠎ᠶᠢ ᠮᠡᠳᠡᠵᠦ ᠪᠣᠯᠤᠨ᠎ᠠ᠃ ᠪᠢᠳᠡ ᠲᠡᠦᠬᠡ᠎ᠪᠡᠷ ᠤᠳᠤᠬᠢ᠎ᠵᠢ ᠲᠤᠯᠢᠳᠠᠵᠦ᠂ ᠢᠷᠡᠭᠡᠳᠦᠢ᠎ᠵᠢ ᠪᠠᠷᠠᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠤᠨ ᠶᠠᠪᠤᠴᠠ᠎ᠡᠴᠡ ᠥᠩᠭᠡᠷᠡᠭᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ᠎ᠢ ᠲᠣᠳᠣᠷᠬᠠᠢ ᠲᠠᠨᠢᠵᠤ᠂ ᠢᠷᠡᠭᠡᠳᠦᠢ᠎ᠳᠦ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ᠎ᠶᠢ ᠲᠣᠳᠣᠷᠬᠠᠢ ᠣᠢᠯᠠᠭᠠᠵᠤ᠂ ᠡᠭᠦᠨ᠎ᠦ ᠤᠯᠠᠮ᠎ᠢᠶᠠᠷ ᠰᠢᠨ᠎ᠡ ᠠᠶᠠᠨ᠎ᠳᠠᠭᠠᠨ ᠨᠡᠩ ᠡᠷᠡᠰ ᠪᠠᠲᠤ᠂ ᠨᠡᠩ ᠤᠬᠠᠮᠰᠠᠷ᠎ᠡᠴᠡ᠎ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠠᠢᠨ ᠰᠠᠢᠬᠠᠨ ᠢᠷᠡᠭᠡᠳᠦᠢ᠎ᠪᠡᠨ ᠴᠣᠭᠴᠠᠯᠠᠬᠤ ᠬᠡᠷᠡᠭᠲᠡᠢ》 ᠭᠡᠵᠦ ᠴᠢᠬᠣᠯᠠᠴᠢᠯᠠᠵᠠᠢ᠃ ᠨᠡᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ ᠲᠡᠢᠰᠢ ᠤᠷᠤᠭᠰᠢᠯᠠᠬᠤ᠎ᠳᠤ ᠪᠢᠳᠡ ᠪᠠᠰᠠ ᠵᠠᠭᠤᠨ ᠵᠢᠯ᠎ᠦᠨ ᠰᠠᠯᠬᠢ ᠪᠣᠷᠣᠭᠠᠨ᠎ᠢ ᠰᠦᠷᠦᠨ ᠤᠷᠤᠭᠰᠢᠯᠠᠵᠤ ᠂ ᠵᠠᠭᠤᠨ ᠵᠢᠯ᠎ᠦᠨ ᠭᠡᠷᠡᠯ ᠰᠠᠴᠤᠷᠠᠩᠭᠤᠢ ᠠᠮᠵᠢᠯᠲᠠ ᠳᠤᠮᠳᠠ᠎ᠠᠴᠠ ᠰᠦᠷ ᠳᠠᠯᠠᠢᠴᠠᠲᠠᠢ ᠡᠷᠴᠢ ᠬᠦᠴᠦ ᠠᠪᠴᠤ  ᠡᠷᠡᠮᠡᠬᠡᠢᠯᠡᠨ ᠤᠷᠤᠭᠰᠢᠯᠠᠬᠤ ᠴᠢᠬᠤᠯᠠᠲᠠᠢ᠃ 

 

ᠦᠵᠡᠯ ᠰᠠᠨᠠᠭᠠᠨ ᠎ᠤ ᠠᠤᠭ᠎ᠠ ᠬᠦᠴᠦᠨ ᠎ᠢ ᠣᠬᠠᠪᠣᠷᠢᠯᠠᠵᠦ ᠡᠷᠡᠯᠬᠡᠭᠯᠡᠨ ᠤᠷᠤᠭᠰᠢᠯᠠᠬᠤ ᠬᠦᠴᠦᠨ᠎ᠢᠶᠡᠨ ᠨᠢᠭᠲᠠᠷᠠᠭᠤᠯᠤᠶ᠎ᠠ


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠦᠴᠢᠷ ᠪᠡᠷᠬᠡᠰᠢᠶᠡᠯ᠎ᠢ ᠢᠯᠠᠨ ᠳᠠᠪᠠᠬᠰᠠᠨ ᠵᠠᠭᠤᠨ ᠵᠢᠯ᠎ᠦᠨ ᠲᠡᠮᠡᠴᠡᠯ᠎ᠦᠨ ᠵᠠᠮ᠎ᠢ ᠡᠷᠭᠢᠴᠡᠭᠦᠯᠬᠦ᠎ᠳᠤ ᠣᠷᠴᠢᠨ ᠦᠶ᠎ᠡ᠎ᠶᠢᠨ ᠳᠤᠮᠳᠠᠳᠤ ᠤᠯᠤᠰ᠎ᠤᠨ ᠮᠠᠨᠳᠤᠵᠤ ᠮᠥᠬᠥᠬᠦ ᠠᠶᠤᠯ ᠲᠦᠭᠰᠢᠭᠦᠷᠢᠲᠦ ᠴᠠᠭ ᠮᠥᠴᠡ᠎ᠳᠦ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ ᠯᠧᠨᠢᠨ᠎ᠦ ᠦᠵᠡᠯ᠎ᠢ ᠡᠷᠢᠵᠦ ᠣᠯᠤᠭᠰᠠᠨ ᠪᠥᠭᠡᠳ ᠴᠠᠭ ᠦᠶ᠎ᠡ᠎ᠲᠡᠶ ᠵᠡᠷᠭᠡ᠎ᠪᠡᠷ ᠤᠷᠤᠭᠰᠢᠯᠠᠨ ᠮᠠᠷᠺᠰ ᠯᠧᠨᠢᠨ᠎ᠦ ᠦᠵᠡᠯ᠎ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ ᠂ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠬᠦᠴᠦᠨ᠎ᠢᠶᠡᠷ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠡᠭᠦᠳᠦᠨ ᠪᠦᠲᠦᠭᠡᠭᠰᠡᠨ ᠠᠭᠤᠤ ᠶᠡᠬᠡ ᠪᠣᠯᠪᠠᠰᠤᠨ᠎ᠢ ᠬᠥᠭᠵᠢᠭᠡᠵᠦ ᠂ ᠳᠤᠮᠳᠠᠳᠤ᠎ᠶᠢᠨ ᠪᠣᠯᠪᠠᠰᠤᠨ᠎ᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ᠎ᠢ ᠳᠠᠬᠢᠨᠲᠠ ᠪᠠᠳᠠᠷᠠᠭᠤᠯᠤᠭᠰᠠᠨ ᠪᠠᠢᠨ᠎ᠠ᠃ ᠵᠠᠭᠤᠨ ᠵᠢᠯ᠎ᠦᠨ ᠲᠤᠷᠰᠢ ᠂ ᠮᠠᠨ᠎ᠤ ᠨᠠᠮ ᠬᠤᠪᠢᠰᠤᠩᠭᠤᠢ ᠪᠣᠳᠠᠰᠴᠢ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠂ ᠭᠣᠶᠠᠴᠢ ᠦᠭᠡᠢ᠂ ᠶᠠᠭᠣᠨ ᠡᠴᠡ ᠎ᠴᠤ ᠵᠢᠷᠦᠬᠡᠰᠢᠶᠡᠬᠦ ᠦᠬᠡᠢ ᠵᠣᠷᠢᠭ ᠰᠠᠨᠠᠭ᠎ᠠ ᠪᠡᠷ ᠳᠤᠮᠳᠠᠳᠤ ᠤᠯᠤᠰ᠎ᠤᠨ ᠬᠤᠪᠢᠰᠬᠠᠯ ᠂ ᠪᠦᠲᠦᠭᠡᠨ ᠪᠠᠢᠭᠤᠯᠤᠯᠲᠠ ᠂ ᠥᠭᠡᠷᠡᠴᠢᠯᠡᠯᠲᠡ᠎ᠶᠢ ᠤᠳᠤᠷᠢᠳᠤᠨ ᠠᠬᠢᠭᠤᠯᠵᠤ ᠂ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣ ᠂ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶᠢᠨ ᠵᠢᠮ᠎ᠡ ᠶᠣᠰᠣ ᠂ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠳᠤᠮᠳᠠᠳᠤ ᠤᠯᠤᠰᠴᠢᠯᠠᠭᠰᠠᠨ ᠮᠠᠷᠺᠰ᠎ᠤᠨ ᠦᠵᠡᠯ᠎ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠪᠡ᠃ ᠶᠠᠮᠠᠷ ᠪᠠᠢᠳᠠᠯ ᠲᠣᠣᠷ᠎ᠠ ᠎ᠴᠤ᠂ ᠮᠠᠨ᠎ᠤ ᠨᠠᠮ ᠮᠠᠷᠺᠰ᠎ᠤᠨ ᠦᠵᠡᠯ᠎ᠦᠨ ᠲᠤᠬᠠᠢ ᠢᠲᠡᠭᠡᠯ ᠪᠢᠰᠢᠷᠡᠯ᠎ᠢᠶᠡᠨ ᠶᠡᠷᠦ᠎ᠡᠴᠡ ᠭᠤᠢᠪᠢᠯᠵᠠᠭᠤᠯᠤᠭᠰᠠᠨ ᠦᠭᠡᠢ ᠶᠤᠮ᠃ ᠮᠠᠷᠺᠰ᠎ᠤᠨ ᠦᠵᠡᠯ ᠪᠣᠯ ᠶᠢᠷᠲᠢᠨᠴᠦ᠎ᠶᠢ ᠲᠠᠨᠢᠬᠤ ᠂ ᠵᠢᠮ᠎ᠡ ᠶᠣᠰᠣ᠎ᠶᠢ ᠡᠵᠡᠮᠰᠢᠬᠦ ᠂ ᠦᠨᠡᠨ ᠶᠣᠰᠣ᠎ᠶᠢ ᠬᠥᠭᠡᠭᠡᠴᠡᠯᠳᠦᠬᠦ ᠂ ᠶᠢᠷᠲᠢᠨᠴᠦ᠎ᠶᠢ ᠥᠭᠡᠷᠡᠴᠢᠯᠡᠬᠦ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠮᠥᠨ ᠂ ᠮᠠᠨ᠎ᠤ ᠨᠠᠮ ᠪᠠ ᠤᠯᠤᠰ᠎ᠤᠨ ᠡᠷᠬᠡᠪᠰᠢ ᠢᠮᠠᠭᠲᠠ ᠵᠢᠷᠤᠮᠯᠠᠬᠤ ᠬᠡᠷᠡᠭᠲᠡᠢ ᠵᠢᠯᠣᠭᠣᠳᠬᠤ ᠦᠵᠡᠯ ᠰᠠᠨᠠᠭ᠎ᠠ ᠮᠥᠨ ᠭᠡᠳᠡᠭ᠎ᠢ ᠦᠢᠯᠡᠳᠦᠯᠭᠡ ᠭᠡᠷᠡᠴᠢᠯᠡᠭᠰᠡᠨ ᠪᠠᠢᠨ᠎ᠠ᠃

ᠨᠠᠮ᠎ᠤᠨ ᠲᠡᠦᠬᠡ᠎ᠶᠢᠨ ᠰᠤᠷᠤᠯᠴᠠᠯᠭ᠎ᠠ᠎ᠠᠴᠠ ᠰᠦᠷ ᠳᠠᠯᠠᠢᠴᠠᠲᠠᠢ ᠬᠦᠴᠦᠨ᠎ᠢ ᠰᠢᠩᠭᠡᠭᠡᠨ ᠠᠪᠬᠤ᠎ᠳᠤ ᠂ ᠦᠵᠡᠯ ᠰᠠᠨᠠᠭᠠᠨ᠎ᠤ ᠠᠤᠭ᠎ᠠ ᠬᠦᠴᠦᠨ᠎ᠢ ᠤᠯᠠᠮ ᠴᠢᠨᠠᠭᠰᠢᠳᠠ ᠣᠢᠯᠠᠭᠠᠵᠤ ᠂ ᠨᠠᠮ᠎ᠤᠨ ᠰᠢᠨ᠎ᠡ᠎ᠶᠢ ᠡᠭᠦᠳᠬᠦ ᠤᠨᠤᠯ᠎ᠢᠶᠠᠷ ᠪᠦᠬᠦ ᠨᠠᠮ᠎ᠤᠨ ᠤᠯᠤᠰ ᠲᠦᠷᠦ᠎ᠶᠢᠨ ᠤᠬᠠᠮᠰᠠᠷ᠎ᠢ ᠵᠡᠪᠰᠡᠭᠯᠡᠬᠦ ᠬᠡᠷᠡᠭᠲᠡᠢ᠃ ᠮᠠᠷᠺᠰ᠎ᠤᠨ ᠦᠵᠡᠯ ᠳᠤᠮᠳᠠᠳᠤ ᠤᠯᠤᠰ᠎ᠢ ᠭᠦᠨᠵᠡᠭᠡᠢ ᠬᠤᠪᠢᠷᠠᠭᠤᠯᠤᠭᠰᠠᠨ᠎ᠤ ᠬᠠᠮᠲᠤ ᠪᠠᠰᠠ ᠲᠤᠢᠯ᠎ᠤᠨ ᠶᠡᠬᠡ᠎ᠬᠦᠭᠵᠢᠭᠰᠡᠨ ᠪᠠᠢᠨ᠎ᠠ᠃ ᠵᠠᠭᠤᠨ ᠵᠢᠯ᠎ᠦᠨ ᠲᠤᠷᠰᠢ ᠂ ᠮᠠᠨ᠎ᠤ ᠨᠠᠮ ᠦᠵᠡᠯ ᠰᠠᠨᠠᠭ᠎ᠠ᠎ᠪᠠᠨ ᠴᠢᠯᠥᠭᠡᠯᠡᠬᠦ ᠪᠠ ᠦᠨᠡᠨ᠎ᠡᠴᠡ ᠵᠥᠪ᠎ᠢ ᠡᠷᠢᠬᠦ᠎ᠶᠢ ᠬᠠᠷᠢᠯᠴᠠᠨ ᠨᠢᠭᠡᠳᠦᠯᠳᠡᠢ ᠪᠠᠢᠯᠭᠠᠵᠦ᠂ ᠦᠨᠳᠦᠰᠦ ᠰᠠᠭᠤᠷᠢ᠎ᠶᠢ ᠪᠠᠲᠤᠳᠬᠠᠬᠤ ᠪᠠ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠬᠦ᠎ᠶᠢ ᠬᠠᠷᠢᠯᠴᠠᠨ ᠨᠢᠭᠡᠳᠦᠯᠳᠠᠢ ᠪᠠᠢᠯᠭᠠᠬᠣ᠎ᠶᠢ ᠪᠠᠷᠢᠮᠲᠠᠯᠠᠵᠤ ᠂ ᠮᠠᠷᠺᠰ᠎ᠤᠨ ᠦᠵᠡᠯ᠎ᠢ ᠲᠠᠰᠤᠷᠠᠯᠳᠠ ᠦᠭᠡᠢ ᠬᠦᠭᠵᠢᠬᠦᠯᠵᠦ᠂ ᠮᠠᠤ ᠽᠸ ᠳ᠋ᠦᠩ᠎ᠦᠨ ᠦᠵᠡᠯ ᠰᠠᠨᠠᠭ᠎ᠠ ᠂ ᠳ᠋ᠧᠩ ᠰᠢᠶᠤᠤ ᠫᠢᠩ᠎ᠦᠨ ᠤᠨᠤᠯ᠂ 《 ᠭᠤᠷᠪᠠ᠎ᠶᠢ ᠲᠥᠯᠥᠭᠡᠯᠡᠬᠦ 》 ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶᠢ ᠪᠤᠢ ᠪᠣᠯᠭᠠᠵᠤ ᠂ ᠰᠢ ᠵᠢᠨ ᠫᠢᠩ ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠤᠢ ᠪᠣᠯᠭᠠᠵᠤ ᠂ ᠨᠠᠮ ᠪᠠ ᠠᠷᠠᠳ ᠲᠦᠮᠡᠨ᠎ᠦ ᠦᠢᠯᠡᠰ᠎ᠦᠨ ᠬᠥᠭᠵᠢᠯᠲᠡ᠎ᠳᠦ ᠰᠢᠨᠵᠢᠯᠡᠬᠦ ᠤᠬᠠᠭᠠᠨᠴᠢ ᠤᠨᠤᠯ᠎ᠤᠨ ᠵᠢᠯᠤᠭᠤᠳᠤᠯᠭ᠎ᠠ ᠬᠠᠩᠭᠠᠵᠤ ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠯ ᠨᠢᠭᠡᠳᠦᠯ᠎ᠢ ᠴᠢᠩᠭᠠᠳᠬᠠᠬᠤ᠎ᠳᠤ ᠪᠠᠲᠤ ᠪᠡᠬᠢ ᠦᠵᠡᠯ ᠰᠠᠨᠠᠭᠠᠨ᠎ᠤ ᠰᠠᠭᠤᠷᠢ᠎ᠶᠢ ᠬᠠᠩᠭᠠᠭᠰᠠᠨ ᠪᠠᠶᠢᠨ᠎ᠠ᠃ ᠰᠢᠨ᠎ᠡ ᠠᠶᠠᠨ᠎ᠳᠤ ᠪᠢᠳᠡ ᠡᠷᠬᠡᠪᠰᠢ ᠡᠳᠡᠭᠡᠷ ᠰᠢᠨᠵᠢᠯᠡᠬᠦ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠶᠢ ᠪᠠᠷᠢᠮᠲᠠᠯᠠᠵᠤ ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠬᠤ ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠬᠤ᠎ᠶᠢ ᠪᠠᠷᠢᠮᠲᠠᠯᠠᠵᠤ ᠂ ᠮᠠᠷᠺᠰ᠎ᠤᠨ ᠦᠵᠡᠯ᠎ᠢᠶᠡᠷ ᠴᠠᠭ ᠦᠶ᠎ᠡ᠎ᠶᠢ ᠠᠵᠢᠬᠯᠠᠵᠤ ᠂ ᠴᠠᠭ ᠦᠶ᠎ᠡ᠎ᠶᠢ ᠡᠵᠡᠮᠳᠡᠵᠦ᠂ ᠴᠠᠭ ᠦᠶ᠎ᠡ᠎ᠶᠢ ᠬᠦᠳᠦᠯᠦᠨ ᠳᠠᠭᠠᠭᠤᠯᠵᠤ ᠂ ᠤᠳᠤ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ ᠂ 21᠎ᠳᠦᠭᠡᠷ ᠵᠠᠭᠤᠨ᠎ᠤ ᠮᠠᠷᠺᠰ᠎ᠤᠨ ᠦᠵᠡᠯ᠎ᠢ  ᠦᠷᠭᠦᠯᠵᠢᠯᠡᠨ ᠬᠥᠭᠵᠢᠭᠦᠯᠬᠦ ᠬᠡᠷᠡᠭᠲᠡᠢ᠃

 

ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ ᠣᠶᠤᠨ ᠰᠠᠨᠠᠭ᠎ᠠ ᠪᠠᠨ ᠪᠠᠬᠢᠵᠢᠬᠦᠯᠦᠶ᠎ᠡ


ᠶᠡᠷᠦᠩᠬᠡᠢ ᠱᠦᠵᠢ ᠰᠢ ᠵᠢᠨ ᠫᠢᠩ ᠴᠢᠩᠬᠤᠸᠠ ᠶᠡᠬᠡ ᠰᠤᠷᠭᠠᠭᠤᠯᠢ᠎ᠳᠤ ᠰᠢᠨᠵᠢᠯᠡᠨ ᠪᠠᠢᠴᠠᠭᠠᠬᠤ᠎ᠳᠠᠭᠠᠨ ᠄ 《 ᠥᠷᠭᠡᠨ ᠤᠯᠠᠨ ᠵᠠᠯᠠᠭᠤᠴᠤᠳ ᠤᠯᠤᠰ᠎ᠢᠶᠠᠨ ᠬᠠᠢᠷᠠᠯᠠᠵᠤ ᠠᠷᠠᠳ᠎ᠢᠶᠠᠨ ᠬᠠᠢᠷᠠᠯᠠᠵᠤ ᠂ ᠨᠠᠮ᠎ᠤᠨ ᠲᠡᠦᠬᠡ᠎ᠶᠢᠨ ᠰᠤᠷᠤᠯᠴᠠᠯᠭ᠎ᠠ᠎ᠠᠴᠠ ᠢᠲᠡᠭᠡᠯ ᠪᠢᠰᠢᠷᠡᠯ᠎ᠢᠶᠡᠨ ᠬᠥᠭᠵᠢᠭᠡᠵᠦ ᠂ ᠰᠡᠩᠬᠡᠷᠡᠭᠦᠯᠦᠯ ᠪᠡ ᠡᠷᠴᠢ ᠬᠦᠴᠦᠨ ᠣᠯᠵᠤ᠂ 〈 ᠲᠦᠷᠪᠡᠨ ᠢᠲᠡᠭᠡᠯ 〉 ᠵᠢᠡᠨ ᠲᠠᠰᠤᠷᠠᠯᠳᠠ ᠦᠭᠡᠢ ᠪᠠᠲᠤᠳᠬᠠᠵᠤ ᠂ ᠳᠤᠮᠳᠠᠳᠤ ᠵᠢᠨ ᠬᠥᠮᠦᠨ ᠪᠣᠯᠬᠤ ᠰᠥᠰᠥ ᠵᠣᠷᠢᠭ ᠂ ᠢᠲᠡᠭᠡᠯ ᠵᠣᠷᠢᠭ᠎ᠢᠶᠠᠨ ᠲᠠᠰᠤᠷᠠᠯᠳᠠ ᠦᠭᠡᠢ ᠴᠢᠩᠭᠠᠳᠬᠠᠵᠤ ᠂ ᠡᠬᠡ ᠤᠯᠤᠰ᠎ᠤᠨ᠎ᠢᠶᠠᠨ ᠲᠥᠯᠥᠭᠡ ᠠᠷᠠᠳ ᠲᠦᠮᠡᠨ᠎ᠦ ᠲᠥᠯᠥᠭᠡ ᠡᠭᠦᠷᠢᠳᠡ ᠲᠡᠮᠡᠴᠡᠬᠦ ᠂ ᠦᠨᠡᠨᠴᠢ ᠰᠢᠳᠤᠷᠭᠤ᠎ᠪᠠᠷ ᠬᠤᠪᠢ ᠨᠡᠮᠡᠷᠢ ᠦᠵᠡᠭᠦᠯᠬᠦ ᠡᠷᠡᠰ ᠪᠠᠲᠤ ᠬᠦᠰᠡᠯᠡᠩ᠎ᠢ ᠪᠤᠢ ᠪᠣᠯᠭᠠᠬᠤ ᠬᠡᠷᠡᠭᠲᠡᠢ 《ᠭᠡᠵᠦ ᠵᠢᠭᠠᠵᠦ ᠭᠠᠷᠭᠠᠪᠠ᠃ ᠪᠢᠳᠡ ᠭᠠᠭᠴᠠ᠎ᠬᠦ ᠨᠠᠮ᠎ᠤᠨ ᠲᠡᠦᠬᠡ ᠭᠡᠬᠦ ᠡᠨᠡ ᠎ᠬᠦ 《ᠬᠢᠴᠢᠶᠡᠯ᠎ᠦᠨ ᠪᠢᠴᠢᠭ》 ᠎ᠢ ᠭᠦᠨᠵᠡᠭᠡᠢ ᠤᠩᠰᠢᠪᠠᠯ ᠰᠠᠶᠢ ᠠᠮᠢᠳᠤᠷᠠᠬᠤᠢ᠎ᠶᠢᠨ ᠦᠨ᠎ᠡ ᠦᠷᠲᠡᠭ᠎ᠢᠶᠡᠨ ᠨᠡᠩ ᠰᠠᠢᠨ ᠪᠡᠶᠡᠯᠡᠭᠦᠯᠵᠦ ᠂ ᠠᠮᠢᠳᠤᠷᠠᠬᠤᠢ᠎ᠶᠢᠨ ᠲᠦᠪᠰᠢᠨ᠎ᠢᠶᠡᠨ ᠳᠡᠭᠡᠭᠰᠢᠯᠡᠭᠦᠯᠵᠦ ᠴᠢᠳᠠᠨ᠎ᠠ᠃ ᠵᠠᠭᠤᠨ ᠵᠢᠯ᠎ᠦᠨ ᠨᠠᠮ᠎ᠤᠨ ᠲᠡᠦᠬᠡ᠎ᠶᠢ ᠡᠷᠭᠢᠴᠡᠭᠦᠯᠪᠡᠯ ᠰᠦᠷ ᠳᠠᠯᠠᠢᠴᠠᠲᠠᠢ ᠭᠣᠢᠳᠠ ᠵᠢᠷᠤᠭ ᠬᠥᠮᠦᠰ᠎ᠦᠨ ᠰᠡᠳᠬᠢᠯ᠎ᠢ ᠳᠣᠭᠳᠣᠯᠤᠭᠤᠯᠵᠤ ᠂ ᠡᠮᠦᠨᠡᠬᠢ ᠨᠢ ᠤᠨᠠᠪᠠᠯ ᠬᠣᠢᠨᠠᠬᠢ ᠨᠢ ᠵᠠᠯᠭᠠᠮᠵᠢᠯᠠᠳᠠᠭ ᠪᠠᠭᠠᠲᠤᠷ ᠬᠥᠮᠦᠰ ᠮᠠᠨ᠎ᠦ  ᠵᠣᠷᠢᠭ᠎ᠢ ᠬᠥᠪᠴᠢᠯᠡᠵᠤ ᠪᠠᠢᠨ᠎ᠠ᠃

ᠰᠢᠨ᠎ᠡ ᠴᠠᠭ ᠦᠶ᠎ᠡ᠎ᠳᠤ ᠮᠠᠨ᠎ᠤ ᠨᠠᠮ ᠠᠭᠤᠤ ᠶᠡᠬᠡ ᠲᠡᠮᠡᠴᠡᠯ ᠦᠷᠨᠢᠬᠦᠯᠵᠦ᠂ ᠠᠭᠤᠤ ᠶᠡᠬᠡ ᠢᠨᠵᠧᠨᠧᠷᠢᠩ᠎ᠢ ᠪᠦᠳᠦᠬᠡᠨ ᠪᠠᠢᠢᠭᠣᠯᠬᠣ᠂ ᠠᠭᠤᠤ ᠶᠡᠬᠡ ᠦᠢᠯᠡᠰ᠎ᠢ ᠠᠬᠢᠭᠤᠯᠬᠤ᠂ ᠠᠭᠤᠤ ᠶᠡᠬᠡ ᠬᠦᠰᠡᠯ ᠵᠡᠭᠦᠳᠦ᠎ᠶᠢ ᠪᠡᠶᠡᠯᠡᠭᠦᠯᠬᠦ ᠲᠡᠦᠬᠡᠨ ᠠᠶᠠᠨ ᠵᠠᠮ᠎ᠳᠠᠭᠠᠨ᠂ ᠪᠢᠳᠡ ᠪᠠᠭᠠᠲᠤᠷ ᠵᠢ᠍ᠱᠶ᠋ᠶᠠᠴᠢ᠎ᠶᠢᠨ ᠬᠦᠰᠡᠯᠡᠩ ᠢᠲᠡᠭᠡᠯ ᠪᠢᠰᠢᠷᠡᠯ᠎ᠦᠨ ᠲᠤᠬᠠᠢ ᠡᠷᠡᠰ ᠭᠤᠢᠪᠢᠰᠢ ᠦᠭᠡᠢ ᠵᠣᠷᠢᠭ ᠰᠠᠨᠠᠭ᠎ᠠ᠎ᠶᠢ ᠰᠤᠷᠤᠯᠴᠠᠬᠤ ᠬᠡᠷᠡᠭᠲᠡᠢ᠃ ᠨᠠᠮ᠎ᠤᠨ ᠠᠭᠤᠤ ᠶᠡᠬᠡ ᠠᠮᠵᠢᠯᠲᠠ᠎ᠪᠠᠷ ᠥᠪᠡᠷ᠎ᠢ᠎ᠪᠡᠨ ᠵᠣᠷᠢᠭᠵᠢᠭᠤᠯᠵᠦ᠂ ᠨᠠᠮ᠎ᠤᠨ ᠠᠮᠵᠢᠯᠲᠠ᠎ᠲᠠᠶ ᠲᠤᠷᠰᠢᠯᠭ᠎ᠠ᠎ᠪᠠᠷ ᠥᠪᠡᠷ᠎ᠢ᠎ᠪᠡᠨ ᠬᠥᠮᠦᠵᠢᠭᠦᠯᠵᠦ ᠂ ᠨᠠᠮ᠎ᠤᠨ ᠲᠡᠦᠬᠡᠨ ᠰᠤᠷᠭᠠᠮᠵᠢ᠎ᠪᠠᠷ ᠥᠪᠡᠷ᠎ᠢ᠎ᠪᠡᠨ ᠰᠡᠷᠡᠮᠵᠢᠯᠡᠭᠦᠯᠵᠦ᠂ ᠬᠦᠰᠡᠯᠡᠩ ᠢᠲᠡᠭᠡᠯ ᠪᠢᠰᠢᠷᠡᠯ᠎ᠢᠶᠠᠨ ᠤᠯᠠᠮ ᠪᠠᠲᠤᠳᠬᠠᠬᠤ ᠬᠡᠷᠡᠭᠲᠡᠶ᠃ ᠵᠣᠷᠢᠯᠲᠠ᠎ᠶᠢᠨ ᠤᠬᠠᠮᠰᠠᠷ᠎ᠢᠶᠠᠨ ᠳᠡᠭᠡᠭᠰᠢᠯᠡᠭᠦᠯᠵᠦ᠂ ᠢᠲᠡᠭᠡᠯ ᠪᠢᠰᠢᠷᠡᠯ᠎ᠦᠨ ᠰᠠᠭᠤᠷᠢ᠎ᠶᠢ ᠪᠡᠬᠢᠵᠢᠭᠦᠯᠬᠦ ᠬᠡᠷᠡᠭᠳᠡᠢ᠃


ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ ᠭᠣᠣᠯᠯᠠᠭᠴᠢ ᠦᠢᠯᠡᠳᠦᠯ᠎ᠢ ᠪᠠᠳᠠᠷᠠᠭᠤᠯᠤᠶ᠎ᠠ


ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠃ ᠳᠤᠮᠳᠠᠳᠤ᠎ᠶᠢᠨ ᠦᠨᠳᠦᠰᠦᠲᠡᠨ᠎ᠦ ᠤᠢᠷ᠎ᠠ ᠦᠶ᠎ᠡ᠎ᠡᠴᠡ ᠨᠠᠭᠠᠰᠢᠬᠢ 180 ᠭᠠᠷᠤᠢ ᠵᠢᠯ᠎ᠦᠨ ᠲᠡᠦᠬᠡ ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ᠎ᠠᠴᠠ ᠨᠠᠭᠠᠰᠢᠬᠢ 100 ᠵᠢᠯ᠎ᠦᠨ ᠲᠡᠦᠬᠡ ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ᠎ᠠᠴᠠ ᠨᠠᠭᠠᠰᠢᠬᠢ 70 ᠭᠠᠷᠤᠢ ᠵᠢᠯ᠎ᠦᠨ ᠲᠡᠦᠬᠡ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ ᠭᠡᠳᠡᠭ᠎ᠢ ᠭᠦᠢᠴᠡᠳ ᠭᠡᠷᠡᠴᠢᠯᠡᠪᠡ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠮᠥᠨ ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮᠳᠤ ᠪᠠᠢᠭᠤᠯᠤᠯ᠎ᠤᠨ ᠬᠠᠮᠤᠭ᠎ᠤᠨ ᠶᠡᠬᠡ ᠳᠠᠪᠠᠭᠤᠯᠢᠭ ᠮᠥᠨ ᠂ ᠨᠠᠮ ᠪᠣᠯᠤᠨ ᠤᠯᠤᠰ᠎ᠤᠨ ᠦᠨᠳᠦᠰᠦ ᠂ ᠠᠮᠢᠨ ᠰᠤᠳᠠᠰᠤ ᠮᠥᠨ ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠰᠢᠭ ᠲᠤᠰᠠ ᠂ ᠬᠤᠪᠢ ᠵᠠᠶᠠᠭ᠎ᠠ᠎ᠲᠠᠶ ᠬᠣᠯᠪᠣᠭᠳᠠᠵᠤ ᠪᠠᠢᠳᠠᠭ᠃

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠡᠳᠦᠷ᠎ᠡᠴᠡ᠎ᠪᠡᠨ ᠡᠬᠢᠯᠡᠨ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠥᠪᠡᠷ᠎ᠦᠨ ᠲᠡᠦᠬᠡᠲᠦ ᠡᠭᠦᠷᠭᠡ᠎ᠪᠡᠨ ᠪᠣᠯᠭᠠᠵᠤ ᠂ ᠦᠨᠳᠦᠰᠦᠲᠡᠨ᠎ᠦ ᠲᠤᠰᠠᠭᠠᠷ ᠲᠣᠭᠲᠠᠨᠢᠯ᠎ᠢ ᠬᠠᠮᠤᠭ᠎ᠤᠨ ᠡᠷᠡᠰ ᠪᠠᠲᠤ ᠬᠠᠮᠠᠭᠠᠯᠠᠵᠤ ᠂ ᠦᠨᠳᠦᠰᠦᠲᠡᠨ᠎ᠦ ᠠᠰᠢᠭ ᠲᠤᠰᠠ᠎ᠶᠢ ᠬᠠᠮᠤᠭ᠎ᠤᠨ ᠡᠷᠡᠰ ᠰᠢᠭᠤᠷᠬᠠᠢ ᠬᠠᠮᠠᠭᠠᠯᠠᠵᠤ ᠂ ᠭᠠᠳᠠᠭᠠᠳᠤ᠎ᠶᠢᠨ ᠲᠦᠷᠢᠮᠡᠬᠡᠢᠯᠡᠯ᠎ᠢ ᠬᠠᠮᠤᠭ᠎ᠤᠨ ᠡᠷᠡᠯᠬᠡᠭ ᠪᠠᠭᠠᠲᠤᠷᠯᠢᠭ ᠵᠢᠡᠷ ᠡᠰᠡᠷᠭᠦᠴᠡᠭᠰᠡᠨ ᠶᠤᠮ᠃ ᠦᠨᠳᠦᠰᠦᠲᠡᠨ ᠮᠥᠬᠥᠬᠦ ᠠᠶᠤᠯ᠎ᠳᠤ ᠲᠤᠯᠭᠠᠷᠠᠭᠰᠠᠨ ᠲᠡᠦᠬᠡ᠎ᠶᠢᠨ ᠵᠠᠩᠭᠢᠯᠠᠭ᠎ᠠ᠎ᠶᠢᠨ ᠴᠠᠭ ᠦᠶ᠎ᠡ᠎ᠳᠦ ᠂ ᠳᠤᠮᠳᠠᠳᠤ ᠤᠯᠤᠰ᠎ᠤᠨ ᠡᠪ ᠬᠠᠮᠲᠤ ᠨᠠᠮ ᠭᠠᠷᠮᠠᠭᠠᠢ ᠤᠯᠤᠰ ᠲᠦᠷᠦ᠎ᠶᠢᠨ ᠤᠳᠤᠷᠢᠳᠬᠤ ᠬᠦᠴᠦᠨ ᠪᠠ ᠵᠥᠪ ᠪᠠᠢᠯᠳᠤᠬᠤ ᠪᠤᠳᠤᠯᠭ᠎ᠠ᠎ᠶᠢᠨ ᠠᠷᠭ᠎ᠠ ᠪᠤᠳᠤᠯᠭ᠎ᠠ᠎ᠪᠠᠷ ᠳᠤᠮᠳᠠᠳᠤ᠎ᠶᠢᠨ ᠦᠨᠳᠦᠰᠦᠲᠡᠨ᠎ᠦ ᠮᠥᠬᠥᠯ᠎ᠡᠴᠡ ᠠᠪᠤᠷᠠᠨ ᠣᠷᠣᠰᠢᠨ ᠲᠣᠭᠲᠠᠨᠢᠬᠤ ᠬᠦᠰᠡᠯ ᠡᠷᠡᠮᠡᠯᠵᠡᠯ᠎ᠢ ᠲᠤᠯᠭᠠᠭᠤᠷᠢᠯᠠᠵᠤ ᠂ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠦᠨᠳᠦᠰᠦᠲᠡᠨ᠎ᠦ ᠲᠤᠰᠠᠭᠠᠷ ᠲᠣᠭᠲᠠᠨᠢᠯ ᠪᠠ ᠠᠷᠠᠳ ᠲᠦᠮᠡᠨ᠎ᠦ ᠴᠢᠯᠥᠭᠡᠯᠡᠯᠲᠡ᠎ᠶᠢ ᠲᠡᠮᠡᠴᠡᠨ ᠤᠯᠬᠤ ᠪᠠᠲᠤ ᠴᠢᠩᠭ᠎ᠠ ᠭᠣᠣᠯᠯᠠᠭᠴᠢ ᠬᠦᠴᠦᠨ ᠪᠣᠯᠤᠭᠰᠠᠨ ᠪᠠᠢᠨ᠎ᠠ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠠᠴᠠ ᠨᠠᠭᠠᠰᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠳᠠ ᠬᠢᠭᠰᠡᠨ 40 ᠭᠠᠷᠤᠢ ᠵᠢᠯ᠎ᠦᠨ ᠲᠤᠷᠰᠢ ᠂ ᠳᠤᠮᠳᠠᠳᠤ ᠤᠯᠤᠰ᠎ᠤᠨ ᠡᠪ ᠬᠠᠮᠲᠤ ᠨᠠᠮ ᠭᠡᠬᠦ ᠡᠨᠡ ᠎ᠬᠦ ᠪᠠᠲᠤ ᠴᠢᠩᠭ᠎ᠠ ᠤᠳᠤᠷᠢᠳᠬᠤ ᠭᠣᠣᠯᠯᠠᠭᠴᠢ ᠪᠠᠢᠭᠰᠠᠨ᠎ᠠᠴᠠ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ ᠪᠣᠰᠴᠤ ᠵᠣᠭᠰᠣᠵᠤ ᠪᠠᠶᠠᠵᠢᠭᠰᠠᠨ᠎ᠠᠴᠠ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢ ᠪᠡᠶᠡᠯᠡᠭᠦᠯᠪᠡ᠃

ᠣᠷᠴᠢᠨ ᠦᠶ᠎ᠡ᠎ᠶᠢᠨ ᠳᠤᠮᠳᠠᠳᠤ ᠤᠯᠤᠰ᠎ᠲᠤ ᠂ ᠨᠠᠮ᠎ᠤᠨ ᠤᠳᠤᠷᠢᠳᠤᠯᠭ᠎ᠠ᠎ᠵᠢᠨ ᠭᠣᠣᠯᠯᠠᠭᠴᠢ ᠪᠠᠢᠷᠢ ᠰᠠᠭᠤᠷᠢ ᠵᠢ ᠪᠠᠷᠢᠮᠳᠠᠯᠠᠬᠣ ᠪᠣᠯ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠎ᠶᠢᠨ ᠦᠨᠳᠦᠰᠦᠨ ᠤᠷᠢᠲᠠᠯ ᠮᠥᠨ ᠂ ᠤᠷᠤᠭᠰᠢᠯᠠᠯᠲᠠ᠎ᠶᠢᠨ ᠵᠠᠮ ᠳᠡᠭᠡᠷ᠎ᠡ ᠵᠠᠢᠯᠠᠰᠢ ᠦᠭᠡᠢ ᠢᠯᠡᠷᠡᠬᠦ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠲᠣᠭᠲᠠᠪᠤᠷᠢᠵᠢᠭᠤᠯᠬᠤ 《ᠰᠢᠳᠢᠲᠦ ᠵᠡᠭᠦᠦ》 ᠮᠥᠨ᠃ ᠰᠢᠨ᠎ᠡ ᠠᠶᠠᠨ᠎ᠳᠤ ᠂ ᠪᠢᠳᠡ ᠡᠷᠬᠡᠪᠰᠢ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ ᠎ᠶᠢ ᠪᠠᠷᠢᠮᠲᠠᠯᠠᠵᠤ ᠂ ᠨᠠᠮ ᠎ᠤᠨ ᠤᠳᠤᠷᠢᠳᠤᠯᠭ᠎ᠠ ᠎ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠂ 《 ᠳᠥᠷᠪᠡᠨ ᠤᠬᠠᠮᠰᠠᠷ 》 ᠵᠢᠡᠨ ᠴᠢᠩᠭᠠᠳᠬᠠᠵᠤ ᠂ 《 ᠳᠥᠷᠪᠡᠨ ᠢᠲᠡᠭᠡᠯ 》  ᠎ᠢᠶᠡᠨ ᠪᠠᠲᠤᠳᠬᠠᠵᠤ ᠂ 《 ᠬᠣᠶᠠᠷ᠎ᠢ ᠬᠠᠮᠠᠭᠠᠯᠠᠬᠤ 》 ᠎ᠶ᠋ᠢ ᠪᠡᠶᠡᠯᠡᠭᠦᠯᠵᠦ ᠂ 《 ᠤᠯᠤᠰ᠎ᠤᠨ ᠶᠡᠬᠡ ᠲᠠᠯ᠎ᠠ 》 ᠵᠢ ᠪᠠᠲᠤ ᠴᠡᠭᠡᠵᠢᠯᠡᠵᠦ ᠂ ᠨᠠᠮ᠎ᠤᠨ ᠰᠢᠨᠵᠢᠯᠡᠬᠦ ᠤᠬᠠᠭᠠᠨᠴᠢ᠎ᠪᠠᠷ ᠲᠥᠷᠥ ᠪᠠᠷᠢᠬᠤ ᠂ ᠠᠷᠠᠳᠴᠢᠯᠠᠯ᠎ᠢᠶᠠᠷ ᠲᠥᠷᠥ ᠪᠠᠷᠢᠬᠤ ᠂ ᠬᠠᠤᠯᠢ ᠶᠣᠰᠣᠭᠠᠷ ᠲᠥᠷᠥ ᠪᠠᠷᠢᠬᠤ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ ᠂ ᠨᠠᠮ᠎ᠤᠨ ᠪᠥᠬᠥ ᠲᠠᠯ᠎ᠠ᠎ᠶᠢ ᠶᠡᠷᠦᠩᠬᠡᠢᠯᠡᠨ ᠡᠵᠡᠮᠳᠡᠬᠦ ᠂ ᠡᠯ᠎ᠡ ᠲᠠᠯ᠎ᠠ᠎ᠶᠢ ᠵᠣᠬᠢᠴᠠᠭᠤᠯᠬᠤ ᠤᠳᠤᠷᠢᠳᠬᠤ ᠭᠤᠤᠯᠯᠠᠭᠴᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠶ᠃

 

ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠥᠯᠥ ᠮᠠᠷᠲᠠᠨ ᠠᠷᠠᠳ ᠲᠦᠮᠡᠨ᠎ᠦ ᠵᠣᠭᠰᠣᠯᠲᠠ ᠪᠠᠨ ᠪᠠᠳᠣ ᠰᠠᠬᠢᠶ᠎ᠠ


ᠵᠠᠭᠤᠨ ᠵᠢᠯ᠎ᠦᠨ ᠠᠶᠠᠨ ᠰᠦᠷ ᠳᠠᠯᠠᠢᠴᠠᠲᠠᠢ ᠂ ᠵᠠᠭᠤᠨ ᠵᠢᠯ᠎ᠦᠨ ᠤᠬ ᠰᠠᠨᠠᠭ᠎ᠠ ᠶᠠᠪᠤᠬᠤ ᠲᠤᠳᠤᠮ ᠪᠡᠬᠢᠵᠢᠪᠡ᠃ ᠮᠠᠨ᠎ᠤ ᠨᠠᠮ᠎ᠤᠨ ᠵᠠᠭᠤᠨ ᠵᠢᠯ ᠪᠣᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠵᠣᠷᠢᠭ ᠰᠢᠭᠤᠳᠤᠨ ᠦᠢᠯᠡᠳᠦᠯᠭᠡᠵᠢᠭᠦᠯᠦᠭᠰᠡᠨ ᠵᠠᠭᠤᠨ ᠵᠢᠯ ᠮᠥᠨ ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ ᠰᠠᠭᠤᠷᠢ ᠲᠠᠯᠪᠢᠨ ᠦᠢᠯᠡᠰ ᠪᠤᠰᠬᠠᠬᠰᠠᠨ ᠵᠠᠭᠤᠨ ᠵᠢᠯ ᠮᠥᠨ ᠂ ᠭᠡᠷᠡᠯ ᠰᠠᠴᠤᠷᠠᠩᠭᠤᠢ ᠠᠮᠵᠢᠯᠲᠠ᠎ᠶᠢ ᠪᠦᠳᠦᠭᠡᠵᠦ ᠢᠷᠡᠭᠡᠳᠦᠢ᠎ᠶᠢ ᠨᠡᠭᠡᠭᠡᠭᠰᠡᠨ ᠵᠠᠭᠤᠨ ᠵᠢᠯ ᠮᠥᠨ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《 ᠬᠣᠶᠠᠷ ᠬᠣᠰᠢᠭᠤᠴᠢ ᠠᠩᠭᠢ 》  ᠎ᠶ᠋ᠢᠨ ᠰᠢᠨᠵᠢ ᠴᠢᠨᠠᠷ ᠪᠠ ᠪᠦᠬᠦ ᠰᠡᠳᠬᠢᠯ ᠪᠦᠬᠦ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠲᠣᠳᠣᠷᠬᠠᠢᠯᠠᠨ ᠥᠭᠦᠯᠡᠵᠦ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠰᠤᠳ ᠲᠦᠷᠦ᠎ᠶᠢᠨ ᠨᠠᠮ᠎ᠠᠴᠠ ᠢᠯᠭᠠᠭᠳᠠᠬᠤ ᠢᠯᠡ ᠲᠣᠳᠣ ᠣᠨᠴᠠᠯᠢᠭ᠎ᠢ ᠢᠯᠡᠷᠡᠭᠦᠯᠪᠡ᠃ ᠲᠥᠷᠥ ᠵᠠᠰᠠᠭ ᠪᠣᠯ ᠳᠠᠷᠤᠶ ᠠᠷᠠᠳ ᠲᠦᠮᠡᠨ ᠂ ᠠᠷᠠᠳ ᠲᠦᠮᠡᠨ ᠪᠣᠯ ᠲᠠᠷᠣᠢ ᠲᠥᠷᠥ ᠵᠠᠰᠠᠭ ᠮᠦᠨ᠃ ᠨᠠᠮ᠎ᠤᠨ ᠲᠡᠦᠬᠡ ᠪᠣᠯ ᠳᠠᠷᠤᠢ ᠨᠠᠮ ᠪᠣᠯᠤᠨ ᠠᠷᠠᠳ ᠲᠦᠮᠡᠨ ᠰᠡᠳᠬᠢᠯ ᠵᠢᠷᠦᠬᠡ᠎ᠪᠡᠨ ᠬᠣᠯᠪᠣᠵᠤ ᠂ ᠬᠤᠪᠢ ᠵᠠᠶᠠᠭ᠎ᠠ᠎ᠪᠠᠨ ᠬᠠᠮᠲᠤᠳᠬᠠᠭᠰᠠᠨ ᠲᠡᠦᠬᠡ ᠮᠥᠨ ᠂ ᠳᠠᠷᠤᠢ ᠨᠠᠮ ᠪᠣᠯᠤᠨ ᠠᠷᠠᠳ ᠲᠦᠮᠡᠨ ᠵᠢᠷᠭᠠᠯ ᠵᠣᠪᠠᠯᠠᠩ᠎ᠢᠶᠠᠨ ᠬᠠᠮᠲᠤᠳᠬᠠᠵᠤ ᠂ ᠦᠬᠦᠵᠦ ᠰᠡᠭᠡᠬᠦ᠎ᠪᠡᠨ ᠬᠠᠮᠲᠤᠳᠬᠠᠭᠰᠠᠨ ᠲᠡᠦᠬᠡ ᠮᠥᠨ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠨᠢ ᠵᠠᠭᠤᠨ ᠵᠢᠯ᠎ᠦᠨ ᠲᠡᠦᠬᠡ᠎ᠲᠡᠶ ᠲᠤᠮᠤ ᠨᠠᠮ᠎ᠤᠨ ᠨᠠᠮ ᠪᠠᠢᠭᠤᠯᠬᠤ᠎ᠶᠢᠨ ᠦᠨᠳᠦᠰᠦ ᠨᠢ ᠠᠷᠠᠳ ᠲᠦᠮᠡᠨ᠎ᠳᠦ ᠪᠤᠢ ᠂ ᠬᠦᠴᠦᠨ ᠴᠢᠳᠠᠯ᠎ᠤᠨ ᠡᠬᠢ ᠰᠤᠷᠪᠤᠯᠵᠢ ᠨᠢ ᠠᠷᠠᠳ ᠲᠦᠮᠡᠨ᠎ᠳᠦ ᠪᠤᠢ ᠭᠡᠳᠡᠭ᠎ᠢ ᠲᠣᠳᠣᠷᠬᠠᠢᠯᠠᠪᠠ᠃ ᠠᠷᠠᠳ ᠲᠦᠮᠡᠨ᠎ᠢᠶᠡᠷ ᠲᠦᠪ ᠪᠣᠯᠭᠠᠬᠤ᠎ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠎ᠶᠢᠨ ᠦᠨᠳᠦᠰᠦᠨ ᠵᠣᠭᠰᠣᠯᠲᠠ ᠮᠥᠨ ᠂ ᠮᠠᠨ᠎ᠤ ᠤᠯᠤᠰ᠎ᠤᠨ ᠤᠯᠤᠰ᠎ᠤᠨ ᠪᠠᠢᠭᠤᠯᠤᠯ ᠪᠣᠯᠤᠨ ᠤᠯᠤᠰ᠎ᠤᠨ ᠵᠠᠰᠠᠯᠲᠠ᠎ᠶᠢᠨ ᠰᠢᠰᠲ᠋ᠧᠮ᠎ᠦᠨ ᠮᠥᠨ ᠴᠢᠨᠠᠷ᠎ᠤᠨ ᠰᠢᠨᠵᠢ ᠴᠢᠨᠠᠷ᠎ᠢ ᠭᠦᠨᠵᠡᠭᠡᠢ ᠢᠯᠡᠷᠡᠭᠦᠯᠵᠦ ᠪᠠᠢᠨ᠎ᠠ᠃

ᠶᠡᠷᠦᠩᠬᠡᠢ ᠱᠦᠵᠢ ᠰᠢ ᠵᠢᠨ ᠫᠢᠩ᠄ 《 ᠠᠷᠠᠳ ᠲᠦᠮᠡᠨ᠎ᠦ ᠢᠲᠡᠭᠡᠯ᠎ᠢ ᠣᠯᠵᠤ ᠂ ᠠᠷᠠᠳ ᠲᠦᠮᠡᠨ᠎ᠦ ᠳᠡᠮᠵᠢᠯᠭᠡ᠎ᠶᠢ ᠣᠯᠪᠠᠯ ᠨᠠᠮ ᠳᠠᠷᠤᠢ ᠶᠠᠮᠠᠷᠪᠠ ᠬᠦᠴᠢᠷ ᠪᠡᠷᠬᠡᠰᠢᠶᠡᠯ᠎ᠢ ᠢᠯᠠᠨ ᠳᠠᠪᠠᠵᠤ ᠴᠢᠳᠠᠨ᠎ᠠ ᠂ ᠬᠠᠨᠳᠤᠭᠰᠠᠨ ᠵᠦᠭ᠎ᠲᠦ ᠢᠯᠠᠯᠲᠠ ᠣᠯᠵᠤ ᠴᠢᠳᠠᠨ᠎ᠠ》 ᠭᠡᠵᠦ ᠵᠢᠭᠠᠵᠦ ᠭᠠᠷᠭᠠᠪᠠ᠃ ᠨᠠᠮ ᠪᠣᠯᠤᠨ ᠠᠷᠠᠳ ᠤᠯᠠᠨ᠎ᠤ ᠮᠢᠬ᠎ᠠ ᠴᠢᠰᠤᠨ᠎ᠤ ᠪᠠᠷᠢᠯᠳᠤᠯᠭ᠎ᠠ᠎ᠶᠢ ᠪᠠᠲᠤᠯᠠᠬᠤ ᠪᠣᠯ ᠨᠠᠮ᠎ᠤᠨ ᠳᠤᠮᠳᠠᠳᠤ ᠤᠯᠤᠰ᠎ᠤᠨ ᠬᠤᠪᠢᠰᠬᠠᠯ ᠂ ᠪᠦᠳᠦᠭᠡᠨ ᠪᠠᠢᠭᠤᠯᠤᠯᠲᠠ ᠪᠣᠯᠤᠨ ᠥᠭᠡᠷᠡᠴᠢᠯᠡᠯᠲᠡ᠎ᠶᠢ ᠤᠳᠤᠷᠢᠳᠴᠤ ᠢᠯᠠᠯᠳᠠ ᠤᠯᠤᠭᠰᠠᠨ᠎ᠦ ᠠᠨᠢᠰᠤ ᠮᠥᠨ᠃ ᠰᠢᠨ᠎ᠡ ᠠᠶᠠᠨ᠎ᠳᠦ᠂ ᠪᠢᠳᠡ ᠡᠷᠬᠡᠪᠰᠢ ᠠᠷᠠᠳ ᠲᠦᠮᠡᠨ᠎ᠳᠦ ᠴᠢᠩᠭ᠎ᠠ ᠲᠦᠰᠢᠭᠯᠡᠨ ᠲᠡᠦᠬᠡ᠎ᠶᠢ ᠡᠭᠦᠳᠦᠨ ᠪᠦᠲᠦᠭᠡᠵᠦ ᠂ ᠪᠦᠬᠦ ᠰᠡᠳᠬᠢᠯ ᠪᠦᠬᠦ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠪᠠᠷᠢᠮᠲᠠᠯᠠᠨ ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ ᠂ ᠨᠠᠮ᠎ᠤᠨ ᠤᠯᠠᠨ ᠲᠦᠮᠡᠨᠴᠢ ᠱᠤᠭᠤᠮ᠎ᠢ ᠲᠤᠭᠤᠰᠢᠯᠠᠭᠤᠯᠤᠨ ᠂ ᠠᠷᠠᠳ ᠲᠦᠮᠡᠨ᠎ᠦ ᠡᠭᠦᠳᠦᠨ ᠪᠦᠲᠦᠭᠡᠬᠦ ᠵᠣᠷᠢᠭ ᠰᠠᠨᠠᠭ᠎ᠠ᠎ᠶᠢ ᠬᠦᠨᠳᠦᠳᠬᠡᠵᠦ ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠦᠨ ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠎ᠶᠢ ᠬᠠᠮᠠᠭᠠᠯᠠᠨ ᠂ ᠬᠥᠭᠵᠢᠯᠲᠡ᠎ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠪᠠ ᠠᠷᠠᠳ ᠤᠯᠠᠨ᠎ᠤ ᠪᠠᠴᠢᠮᠳᠠᠨ ᠵᠣᠪᠠᠨᠢᠵᠤ ᠬᠦᠰᠡᠨ ᠬᠦᠯᠢᠶᠡᠵᠦ ᠪᠠᠢᠭ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ ᠂ ᠬᠥᠮᠦᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠤᠨ ᠂ ᠪᠦᠬᠦ ᠠᠷᠠᠳ ᠲᠦᠮᠡᠨ᠎ᠦ ᠬᠠᠮᠲᠤ᠎ᠶᠢᠨ ᠴᠢᠨᠡᠭᠡᠯᠢᠭᠵᠢᠯ᠎ᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠭᠠᠬᠤ ᠬᠡᠷᠡᠭᠲᠡᠢ᠃

 

ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ ᠵᠣᠷᠢᠭ ᠰᠠᠨᠠᠭᠠᠨ ᠎ᠤ ᠰᠢᠮ᠎ᠡ ᠲᠡᠵᠢᠭᠡᠯ ᠬᠦᠷᠲᠡᠶ᠎ᠡ


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠦᠬᠡ᠎ᠶᠢ ᠶᠡᠷᠦᠩᠬᠡᠢ᠎ᠳᠦᠨᠢ ᠠᠵᠢᠬᠯᠠᠪᠠᠯ ᠂ ᠲᠡᠮᠡᠴᠡᠯ᠎ᠦᠨ ᠶᠠᠪᠤᠴᠠ᠎ᠳᠤ ᠪᠦᠷᠢᠯᠳᠦᠭᠰᠡᠨ ᠡᠯᠪᠡᠭ ᠪᠠᠶᠠᠯᠢᠭ ᠤᠶᠤᠨ ᠰᠠᠨᠠᠭᠠᠨ᠎ᠤ ᠥᠪ ᠬᠦᠷᠦᠨᠭᠭᠡ ᠨᠢ ᠲᠡᠦᠬᠡ᠎ᠶᠢᠨ ᠤᠷᠤᠭᠰᠢᠯᠠᠯᠲᠠ᠎ᠶᠢ ᠠᠬᠢᠭᠤᠯᠬᠤ ᠤᠶᠤᠨ ᠰᠠᠨᠠᠭᠠᠨ᠎ᠤ ᠬᠥᠳᠡᠯᠭᠡᠬᠦ ᠬᠦᠴᠦᠨ᠎ᠢ ᠣᠯᠭᠣᠵᠤ ᠂ ᠬᠦᠴᠦᠷᠬᠡᠭ ᠶᠡᠬᠡ ᠲᠥᠪᠯᠡᠷᠨᠩᠭᠦᠢ ᠬᠦᠴᠦᠨ ᠂ ᠨᠢᠭᠲᠠᠷᠠᠯ᠎ᠤᠨ ᠬᠦᠴᠦᠨ ᠂ ᠤᠷᠢᠶᠠᠯᠠᠬᠤ ᠬᠦᠴᠦᠨ᠎ᠢ ᠪᠤᠢ ᠪᠣᠯᠭᠠᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠬᠠᠮᠠᠳ ᠦᠶ᠎ᠠ ᠵᠢᠨ ᠬᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠡᠭᠦᠳᠦᠨ ᠪᠠᠢᠭᠤᠯᠵᠤ ᠂ ᠦᠨᠡᠨ ᠶᠣᠰᠣ᠎ᠶᠢ ᠪᠠᠷᠢᠮᠲᠠᠯᠠᠬᠤ ᠂ ᠬᠦᠰᠡᠯᠡᠩ᠎ᠢᠶᠡᠨ ᠪᠠᠲᠤ ᠰᠠᠬᠢᠬᠤ ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠬᠦ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠂ ᠦᠷᠡᠭᠳᠡᠯ ᠰᠦᠢᠳᠦᠯ᠎ᠡᠴᠡ ᠠᠶᠤᠬᠤ ᠦᠭᠡᠢ ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ ᠂ ᠨᠠᠮ᠎ᠳᠠᠭᠠᠨ ᠦᠨᠡᠨᠴᠢ ᠰᠢᠳᠤᠷᠭᠤ ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶᠢ ᠪᠦᠷᠢᠯᠳᠦᠭᠦᠯᠪᠡ ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭᠠᠨ᠎ᠤ ᠡᠬᠢ ᠰᠤᠷᠪᠤᠯᠵᠢ ᠮᠥᠨ᠃

ᠵᠠᠭᠤᠨ ᠵᠢᠯ᠎ᠦᠨ ᠶᠡᠷᠦ ᠪᠤᠰᠤ᠎ᠶᠢᠨ ᠲᠡᠮᠡᠴᠡᠯ᠎ᠦᠨ ᠶᠠᠪᠤᠴᠠ᠎ᠳᠤ ᠂ ᠦᠶ᠎ᠡ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠡᠷᠡᠯᠬᠡᠭᠯᠡᠨ ᠲᠡᠮᠡᠴᠡᠵᠦ ᠂ ᠴᠥᠬᠥᠷᠡᠰᠢ ᠦᠭᠡᠢ ᠲᠡᠮᠡᠴᠡᠵᠦ ᠂ ᠵᠢᠩᠭᠠᠩᠱᠠᠨ᠎ᠤ ᠵᠣᠷᠢᠭ ᠰᠠᠨᠠᠭ᠎ᠠ ᠂ ᠤᠷᠳᠤ ᠵᠠᠮ᠎ᠤᠨ ᠠᠶᠠᠨ ᠲᠠᠢᠢᠨ᠎ᠦ ᠵᠣᠷᠢᠭ ᠰᠠᠨᠠᠭ᠎ᠠ ᠂ ᠽᠦᠨ ᠢ ᠵᠢᠨ ᠬᠤᠷᠠᠯ᠎ᠤᠨ ᠵᠣᠷᠢᠭ ᠰᠠᠨᠠᠭ᠎ᠠ ᠂ ᠶᠠᠨ ᠠᠨ᠎ᠤ ᠵᠣᠷᠢᠭ ᠰᠠᠨᠠᠭ᠎ᠠ ᠂ ᠰᠢ ᠪᠠᠢ ᠫᠦᠸᠸ ᠵᠢᠨ ᠵᠣᠷᠢᠭ ᠰᠠᠨᠠᠭ᠎ᠠ ᠂ ᠠᠮᠧᠷᠢᠺᠠ᠎ᠶᠢ ᠡᠰᠡᠷᠭᠦᠴᠡᠵᠦ ᠰᠣᠯᠣᠩᠭᠣᠰ᠎ᠢ ᠲᠤᠰᠠᠯᠠᠬᠤ ᠵᠣᠷᠢᠭ ᠰᠠᠨᠠᠭ᠎ᠠ ᠂《 ᠬᠣᠶᠠᠷ ᠪᠥᠮᠪᠥᠭᠡ ᠨᠢᠭᠡ ᠤᠳᠤᠨ》᠎ᠤ᠋᠎ᠵᠣᠷᠢᠭ ᠰᠠᠨᠠᠭ᠎ᠠ ᠂ ᠣᠨᠴᠠᠭᠠᠢ ᠣᠷᠣᠨ᠎ᠤ ᠵᠣᠷᠢᠭ ᠰᠠᠨᠠᠭ᠎ᠠ ᠂ ᠦᠶᠡᠷ᠎ᠲᠡᠶ ᠲᠡᠮᠡᠴᠡᠬᠦ ᠵᠣᠷᠢᠭ ᠰᠠᠨᠠᠭ᠎ᠠ ᠂ ᠭᠠᠵᠠᠷ ᠬᠥᠳᠡᠯᠦᠯᠲᠡ᠎ᠲᠡᠶ ᠲᠡᠮᠡᠴᠡᠵᠦ ᠭᠠᠮᠰᠢᠭ᠎ᠠᠴᠠ ᠠᠪᠤᠷᠠᠬᠤ ᠵᠣᠷᠢᠭ ᠰᠠᠨᠠᠭ᠎ᠠ ᠂ ᠬᠢᠵᠢᠭ᠎ᠲᠡᠶ ᠲᠡᠮᠡᠴᠡᠬᠦ ᠠᠭᠤᠤ ᠶᠡᠬᠡ ᠵᠣᠷᠢᠭ ᠰᠠᠨᠠᠭ᠎ᠠ ᠵᠡᠷᠭᠡ ᠠᠭᠤᠤ ᠶᠡᠬᠡ ᠵᠣᠷᠢᠭ ᠰᠠᠨᠠᠭ᠎ᠠ᠎ᠶᠢ ᠪᠦᠷᠢᠯᠳᠦᠭᠦᠯᠵᠦ ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠰᠢᠰᠲᠸᠮ ᠎ᠢ ᠴᠣᠭᠴᠠᠯᠠᠵᠠᠢ᠃ ᠨᠠᠮ᠎ᠤᠨ ᠵᠠᠭᠤᠨ ᠵᠢᠯ᠎ᠦᠨ ᠲᠡᠦᠬᠡ᠎ᠶᠢᠨ ᠠᠬᠢᠴᠠ ᠳᠤᠮᠳᠠ ᠪᠦᠷᠢᠯᠳᠦᠭᠰᠡᠨ ᠤᠶᠤᠨ ᠰᠠᠨᠠᠭᠠᠨ᠎ᠤ ᠴᠠᠳᠢᠭ ᠪᠣᠯ ᠴᠥᠮ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭᠠᠨ᠎ᠤ ᠵᠢᠯᠤᠭᠤᠳᠤᠯᠭ᠎ᠠ ᠂ ᠵᠣᠷᠢᠭᠵᠢᠭᠤᠯᠤᠯ ᠂ ᠲᠤᠯᠭᠠᠭᠤᠷᠢᠯᠠᠯ ᠳᠣᠣᠷ᠎ᠠ ᠂ ᠰᠢᠨ᠎ᠡ ᠲᠡᠦᠬᠡᠲᠦ ᠡᠭᠦᠷᠭᠡ ᠂ ᠴᠠᠭ ᠦᠶ᠎ᠡ᠎ᠶᠢᠨ ᠣᠨᠴᠠᠯᠢᠭ᠎ᠲᠠᠶ ᠤᠶᠠᠯᠳᠤᠵᠦ ᠪᠣᠢ ᠪᠣᠯᠣᠬᠰᠠᠨ ᠶᠣᠮ᠂《 ᠡᠬᠢ ᠡᠭᠦᠰᠦᠯ 》 ᠪᠣᠯᠤᠨ 《 ᠤᠷᠤᠰᠬᠠᠯ 》  ᠎ᠦᠨ  ᠬᠠᠷᠢᠴᠠᠭ᠎ᠠ ᠭᠡᠵᠦ ᠬᠡᠯᠡᠵᠦ ᠪᠣᠯᠤᠨ᠎ᠠ᠃ ᠲᠡᠷᠡ ᠨᠢ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠲᠠᠶ ᠤᠳᠤᠮ ᠨᠢᠭᠡᠲᠡᠢ ᠪᠥᠭᠡᠳ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶᠢ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠵᠦ ᠂ ᠴᠠᠭ ᠦᠶᠡᠴᠢ ᠴᠢᠨᠠᠷ ᠪᠠ ᠰᠢᠨ᠎ᠡ᠎ᠶᠢ ᠡᠭᠦᠳᠬᠦ ᠴᠢᠨᠠᠷ᠎ᠢᠶᠠᠷ ᠪᠠᠶᠠᠯᠢᠭ ᠪᠣᠯᠭᠠᠵᠤ ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶᠢᠨ ᠡᠬᠢ ᠡᠭᠦᠰᠦᠯ᠎ᠦᠨ ᠴᠠᠭ ᠣᠷᠣᠨ ᠵᠠᠢ᠎ᠶᠢ ᠰᠤᠨᠳᠠᠯᠠᠭᠰᠠᠨ ᠠᠮᠢᠵᠢᠷᠠᠯ᠎ᠤᠨ ᠬᠦᠴᠦᠨ᠎ᠢ ᠢᠯᠡᠷᠡᠭᠦᠯᠵᠦ ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠎ᠶᠢ ᠨᠢᠭᠲᠠᠷᠠᠭᠤᠯᠵᠤ ᠂ ᠳᠤᠮᠳᠠᠳᠤ ᠤᠯᠤᠰ᠎ᠤᠨ ᠬᠦᠴᠦᠨ᠎ᠢ ᠨᠢᠭᠲᠠᠷᠠᠭᠤᠯᠵᠤ ᠂ ᠳᠤᠮᠳᠠᠳᠤ ᠤᠯᠤᠰ᠎ᠤᠨ ᠭᠠᠢᠬᠠᠮᠰᠢᠭ᠎ᠢ ᠡᠭᠦᠳᠴᠦ ᠂ ᠳᠤᠮᠳᠠᠳᠤ ᠤᠯᠤᠰ᠎ᠤᠨ ᠤᠶᠤᠨ ᠤᠬᠠᠭᠠᠨ᠎ᠢ ᠢᠯᠡᠷᠡᠭᠦᠯᠪᠡ᠃

ᠵᠠᠭᠤᠨ ᠵᠢᠯ᠎ᠦᠨ ᠨᠠᠮ᠎ᠤᠨ ᠲᠡᠦᠬᠡ᠎ᠡᠴᠡ ᠡᠯᠪᠡᠭ ᠪᠠᠶᠠᠯᠢᠭ ᠤᠶᠤᠨ ᠰᠠᠨᠠᠭᠠᠨ᠎ᠤ ᠰᠢᠮ᠎ᠡ ᠲᠡᠵᠢᠭᠡᠯ ᠬᠦᠷᠳᠡᠬᠦ᠎ᠳᠦ  ᠪᠢᠳᠡ ᠨᠡᠩ ᠎ᠴᠤ ᠲᠡᠮᠡᠴᠡᠯ᠎ᠦᠨ ᠵᠣᠷᠢᠭ᠎ᠢᠶᠠᠨ ᠬᠥᠪᠴᠢᠯᠡᠵᠦ ᠂ ᠴᠢᠭᠯᠡᠯ᠎ᠢᠶᠡᠨ ᠲᠣᠳᠣᠷᠬᠠᠢᠯᠠᠵᠤ ᠂ ᠳᠤᠮᠳᠠᠳᠤ ᠤᠯᠤᠰ᠎ᠤᠨ ᠡᠪ ᠬᠠᠮᠲᠤᠴᠤᠳ ᠎ᠤᠨ ᠰᠢᠯᠢᠳᠡᠭ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ ᠂ ᠤᠶᠤᠨ ᠰᠠᠨᠠᠭᠠᠨ᠎ᠤ ᠭᠡᠷᠡᠯ ᠭᠢᠯᠪᠠᠭ᠎ᠠ ᠎ᠪᠠᠨ ᠰᠠᠴᠤᠷᠠᠭᠤᠯᠵᠤ ᠂ ᠳᠤᠮᠳᠠᠳᠤ᠎ᠶᠢᠨ ᠦᠨᠳᠦᠰᠦᠲᠡᠨ ᠎ᠦ ᠠᠭᠤᠤ ᠶᠡᠬᠡ ᠰᠡᠷᠭᠦᠨ ᠮᠠᠨᠳᠤᠯᠲᠠ ᠎ᠶᠢ ᠪᠡᠶᠡᠯᠡᠭᠦᠯᠬᠦ ᠠᠤᠭ᠎ᠠ ᠬᠠᠷᠠᠯᠲᠠ ᠲᠡᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ᠃

( ᠵᠣᠬᠢᠶᠠᠭᠴᠢ ᠄ ᠥᠪᠥᠷ ᠮᠣᠩᠭᠣᠯ᠎ᠤᠨ ᠡᠳ᠋ ᠎ᠦᠨ ᠵᠠᠰᠠᠭ ᠠᠵᠤ ᠠᠬᠤᠢ ᠎ᠶᠢᠨ ᠶᠡᠬᠡ ᠰᠤᠷᠭᠠᠭᠤᠯᠢ ᠎ᠶᠢᠨ ᠮᠠᠷᠺᠰ ᠎ᠤᠨ ᠦᠵᠡᠯ ᠎ᠦᠨ ᠳᠡᠭᠡᠳᠦ ᠰᠤᠷᠭᠠᠭᠤᠯᠢ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号