10 ᠰᠠᠷ᠎ᠠ ᠶ᠋ᠢᠨ 22 ᠤ᠋ᠨ ᠡᠳᠦᠷ᠂ ᠲᠥᠪ ᠦ᠋ᠨ ᠦᠨᠳᠦᠰᠦᠲᠡᠨ ᠦ᠌ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ
ᠶ᠋ᠢ ᠰᠤᠷᠤᠯᠴᠠᠨ ᠲᠤᠭᠤᠰᠢᠯᠠᠭᠤᠯᠬᠤ ᠵᠢᠴᠢ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠴᠣᠭᠴᠠ ᠶ᠋ᠢᠨ ᠤᠬᠠᠮᠰᠠᠷ
ᠢ᠋ ᠪᠠᠲᠤ ᠴᠤᠭᠴᠠᠯᠠᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ
ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨᠦ ᠲᠢᠩᠬᠢᠮ ᠳ᠋ᠦ᠍
ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ
ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠦ᠋ᠨ ᠪᠦᠷᠢᠯᠳᠦᠬᠦᠨ᠂ ᠦᠪᠡᠷᠳᠡᠬᠡᠨ ᠵᠠᠰᠠᠬᠤ ᠤᠷᠤᠨᠤ
ᠨᠠᠮ ᠤ᠋ᠨ ᠬᠤᠷᠢᠶᠠᠨᠤ ᠨᠢᠭᠡᠳᠦᠮᠡᠯ ᠹᠷᠣᠨᠲ ᠤ᠋ᠨ ᠬᠡᠯᠲᠡᠰ ᠦ᠋ᠨ ᠦᠨᠳᠦᠰᠦᠲᠡᠨ ᠦ᠌ ᠠᠵᠢᠯ ᠤ᠋ᠨ ᠭᠠᠵᠠᠷ ᠤ᠋ᠨ
ᠳᠠᠷᠤᠭ᠎ᠠ ᠶᠠᠨ ᠱᠤᠸᠠᠩ《ᠲᠥᠪ ᠦ᠋ᠨ ᠦᠨᠳᠦᠰᠦᠲᠡᠨ ᠦ᠌ ᠠᠵᠢᠯ ᠤ᠋ᠨ ᠬᠤᠷᠠᠯ ᠤ᠋ᠨ
ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠵᠤ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠴᠣᠭᠴᠠ ᠶ᠋ᠢᠨ
ᠤᠬᠠᠮᠰᠠᠷ ᠢ᠋ ᠪᠠᠲᠤ ᠴᠤᠭᠴᠠᠯᠠᠬᠤ》ᠭᠣᠣᠯ ᠰᠡᠳᠦᠪᠦᠨ ᠳᠤᠭᠤᠷᠢᠨ ᠳ᠋ᠤ ᠨᠠᠮ ᠤ᠋ᠨ 100 ᠵᠢᠯ
ᠦ᠋ᠨ ᠲᠡᠮᠡᠴᠡᠯ ᠦ᠋ᠨ ᠠᠶᠠᠨ ᠠ᠋ᠴᠠ ᠣᠳᠣᠬᠢ ᠱᠠᠲᠤᠨ ᠤ᠋ ᠦᠨᠳᠦᠰᠦᠲᠡᠨ ᠦ᠌ ᠠᠵᠢᠯ ᠤ᠋ᠨ ᠲᠡᠦᠬᠡᠨ ᠣᠷᠣᠨ ᠪᠠᠢᠷᠢ
ᠪᠠ ᠴᠢᠬᠤᠯᠠ ᠡᠭᠦᠷᠭᠡ ᠶ᠋ᠢ ᠭᠦᠨᠵᠡᠭᠡᠢ ᠡᠵᠡᠮᠱᠢᠵᠦ᠂ ᠲᠥᠪ ᠦ᠋ᠨ ᠦᠨᠳᠦᠰᠦᠲᠡᠨ ᠦ᠌ ᠠᠵᠢᠯ ᠤ᠋ᠨ ᠬᠤᠷᠠᠯ ᠤ᠋ᠨ
ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠣᠨᠣᠪᠴᠢᠲᠠᠢ ᠡᠵᠡᠮᠱᠢᠵᠦ᠂ ᠲᠥᠪ ᠦ᠋ᠨ ᠦᠨᠳᠦᠰᠦᠲᠡᠨ ᠦ᠌ ᠠᠵᠢᠯ ᠤ᠋ᠨ
ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ᠋ ᠦᠨᠡᠨ ᠬᠦ᠌ ᠰᠠᠢᠲᠤᠷ
ᠬᠢᠬᠦ ᠵᠡᠷᠭᠡ ᠲᠠᠯ᠎ᠠ ᠪᠠᠷ ᠱᠢᠰᠲ᠋ᠧᠮ ᠲᠡᠢ ᠲᠠᠢᠯᠪᠤᠷᠢᠯᠠᠵᠡᠢ᠃
ᠤᠬᠠᠭᠤᠯᠤᠨ
ᠲᠠᠢᠯᠪᠤᠷᠢᠯᠠᠯᠲᠠ ᠨᠢ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ
ᠮᠠᠯᠵᠢᠬᠤ ᠤᠷᠤᠨᠦ ᠲᠢᠩᠬᠢᠮ ᠦ᠋ᠨ ᠨᠠᠮ ᠤ᠋ᠨ ᠭᠡᠱᠢᠭᠦᠨ ᠺᠠᠳ᠋ᠷᠴᠤᠳ ᠤ᠋ᠨ ᠳᠤᠮᠳᠠ ᠮᠠᠱᠢ ᠲᠦᠷᠭᠡᠨ ᠢ᠋ᠶ᠋ᠡᠷ
ᠳᠤᠰᠬᠠᠯ ᠭᠠᠷᠴᠦ᠂ ᠣᠯᠠᠨ ᠢ᠋ᠶ᠋ᠠᠷ ᠢ᠋ᠶ᠋ᠠᠨ ᠬᠣᠶᠠᠳᠤᠭᠠᠷ ᠵᠠᠭᠤᠨ ᠵᠢᠯ ᠦ᠋ᠨ ᠲᠡᠮᠡᠴᠡᠬᠦ ᠬᠠᠷᠠᠯᠲᠠ ᠶ᠋ᠢ ᠪᠡᠶᠡᠯᠡᠭᠦᠯᠬᠦ
ᠱᠢᠨ᠎ᠡ ᠠᠶᠠᠨ ᠵᠠᠮ ᠳ᠋ᠤ᠌ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠴᠣᠭᠴᠠ ᠶ᠋ᠢᠨ ᠤᠬᠠᠮᠰᠠᠷ ᠢ᠋ ᠪᠠᠲᠤ ᠴᠤᠭᠴᠠᠯᠠᠬᠤ
ᠪᠠᠷ ᠭᠣᠣᠯ ᠱᠢᠵᠢᠮ ᠪᠣᠯᠭᠠᠨ᠂ ᠪᠦᠯᠬᠦᠮᠳᠡᠨ ᠬᠠᠮᠲᠤ ᠪᠠᠷ ᠤᠷᠤᠭᠱᠢᠯᠠᠵᠤ᠂ ᠳᠤᠮᠳᠠᠳᠤ ᠶ᠋ᠢᠨ ᠦᠨᠳᠦᠰᠦᠲᠡᠨ ᠦ᠌
ᠠᠭᠤᠤ ᠶᠡᠬᠡ ᠰᠡᠷᠭᠦᠨ ᠮᠠᠨᠳᠤᠯᠲᠠ ᠶ᠋ᠢᠨ ᠳᠤᠮᠳᠠᠳᠤ ᠶ᠋ᠢᠨ ᠵᠡᠭᠦᠳᠦ ᠶ᠋ᠢ ᠲᠡᠷᠭᠡᠯᠰᠢᠭᠦᠯᠬᠦ ᠳ᠋ᠦ᠍ ᠬᠦᠴᠦᠨ
ᠴᠢᠳᠠᠯ ᠢ᠋ᠶ᠋ᠠᠨ ᠡᠷᠭᠦᠨ᠎ᠡ ᠭᠡᠵᠦ ᠢᠯᠡᠳᠭᠡᠵᠡᠭᠡᠪᠡ᠃
ᠤᠬᠠᠭᠤᠯᠤᠨ
ᠲᠠᠢᠯᠪᠤᠷᠢᠯᠠᠬᠤ ᠵᠢ ᠰᠤᠨᠤᠰᠤᠭᠰᠠᠨ ᠤ᠋ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ
ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨᠦ ᠲᠢᠩᠬᠢᠮ ᠦ᠋ᠨ ᠱᠢᠨᠵᠢᠯᠡᠬᠦ ᠤᠬᠠᠭᠠᠨ ᠰᠤᠷᠭᠠᠨ ᠬᠥᠮᠦᠵᠢᠯ
ᠦ᠋ᠨ ᠭᠠᠵᠠᠷ ᠤ᠋ᠨ ᠳᠠᠷᠤᠭ᠎ᠠ ᠮᠠ ᠱᠢᠶᠣᠤ ᠶᠦᠨ᠄ 《 ᠪᠢ ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠢᠯᠠᠭᠠᠬᠤ
ᠳᠡᠭᠡᠷ᠎ᠡ ᠬᠦᠴᠦ ᠲᠠᠯᠪᠢᠵᠤ᠂ ᠨᠠᠮ ᠤ᠋ᠨ ᠱᠢᠨ᠎ᠡ ᠶ᠋ᠢ ᠡᠭᠦᠳᠬᠦ ᠣᠨᠣᠯ ᠢ᠋ᠶ᠋ᠠᠷ ᠦᠨᠳᠦᠰᠦᠲᠡᠨ ᠦ᠌ ᠠᠰᠠᠭᠤᠳᠠᠯ
ᠢ᠋ ᠵᠠᠳᠠᠯᠤᠨ ᠱᠢᠢᠳᠪᠦᠷᠢᠯᠡᠬᠦ᠂ ᠦᠨᠳᠦᠰᠦᠲᠡᠨ ᠦ᠌ ᠠᠵᠢᠯ ᠢ᠋ ᠰᠠᠢᠲᠤᠷ ᠬᠢᠬᠦ ᠤᠬᠠᠮᠰᠠᠷᠲᠤ ᠴᠢᠨᠠᠷ᠂ ᠰᠠᠨᠠᠭᠠᠴᠢᠯᠠᠭᠠᠲᠤ
ᠴᠢᠨᠠᠷ ᠪᠠ ᠡᠷᠡᠰ ᠪᠠᠲᠤ ᠴᠢᠨᠠᠷ ᠢ᠋ᠶ᠋ᠠᠨ ᠲᠠᠰᠤᠷᠠᠯᠲᠠ ᠥᠬᠡᠢ ᠳᠡᠭᠡᠭᠱᠢᠯᠡᠭᠦᠯᠦᠨ᠎ᠡ᠃ ᠱᠢᠨᠵᠢᠯᠡᠬᠦ ᠤᠬᠠᠭᠠᠨ
ᠰᠤᠷᠭᠠᠨ ᠬᠥᠮᠦᠵᠢᠯ ᠦ᠋ᠨ ᠠᠵᠢᠯ ᠤ᠋ᠨ ᠳᠤᠮᠳᠠ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠴᠣᠭᠴᠠ ᠶ᠋ᠢᠨ ᠤᠬᠠᠮᠰᠠᠷ
ᠢ᠋ ᠪᠠᠲᠤ ᠴᠤᠭᠴᠠᠯᠠᠬᠤ ᠶ᠋ᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ᠋ ᠬᠥᠮᠦᠵᠢᠭᠦᠯᠬᠦ︿ᠵᠠᠰᠠᠭ ᠵᠠᠬᠢᠷᠭᠠᠨ
ᠤ᠋ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠦ᠋ᠨ ᠨᠢᠭᠡᠳᠦᠭᠡᠷ ᠬᠢᠴᠢᠶᠡᠯ﹀ᠳ᠋ᠦ᠍ ᠣᠷᠣᠭᠤᠯᠵᠤ᠂
ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠲᠠᠷᠢᠶᠠᠯᠠᠩ ᠤ᠋ᠨ ᠮᠡᠷᠭᠡᠵᠢᠯ
ᠦ᠋ᠨ ᠠᠵᠢᠯᠲᠠᠨ ᠤ᠋ ᠬᠠᠮᠵᠢᠯᠴᠠᠨ ᠳᠡᠯᠭᠡᠷᠡᠭᠦᠯᠬᠦ ᠪᠦᠯᠬᠦᠮ ᠢ᠋ ᠦᠷᠭᠦᠯᠵᠢᠯᠡᠨ ᠵᠣᠬᠢᠶᠠᠨ ᠪᠠᠢᠭᠤᠯᠵᠤ᠂ ᠥᠷᠭᠡᠨ
ᠤᠯᠠᠨ ᠮᠠᠯᠴᠢᠨ ᠲᠠᠷᠢᠶᠠᠴᠢᠨ ᠳ᠋ᠤ᠌ ᠱᠢᠨᠵᠢᠯᠡᠬᠦ ᠤᠬᠠᠭᠠᠨ ᠲᠧᠭᠨᠢᠭ ᠮᠡᠷᠭᠡᠵᠢᠯᠢ ᠬᠦᠷᠭᠡᠵᠦ ᠲᠥᠷᠥ ᠶ᠋ᠢᠨ ᠪᠣᠳᠣᠯᠭ᠎ᠠ ᠶ᠋ᠢ ᠤᠬᠠᠭᠤᠯᠤᠨ᠎ᠠ︾ ᠭᠡᠵᠦ ᠦᠪᠡᠷᠦᠨ ᠲᠦᠷᠦᠭᠳᠡᠯ
ᠵᠢᠡᠨ ᠶᠠᠷᠢᠨ᠎ᠠ᠃
ᠥᠪᠡᠷᠲᠡᠭᠡᠨ
ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨᠦ ᠲᠢᠩᠬᠢᠮ ᠦ᠋ᠨ
ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ᠋ ᠲᠥᠪ ᠦ᠋ᠨ ᠡᠷᠬᠢᠯᠡᠭᠴᠢ ᠯᠢ ᠶᠠᠨ᠂ ᠦᠨᠳᠦᠰᠦᠲᠡᠨ
ᠦ᠌ ᠪᠦᠯᠬᠦᠮᠳᠡᠯ ᠢ᠋ ᠠᠬᠢᠭᠤᠯᠬᠤ ᠲᠠᠯ᠎ᠠ ᠪᠠᠷ ᠠᠵᠢᠯ ᠢ᠋ᠶ᠋ᠠᠨ ᠨᠠᠷᠢᠯᠢᠭ ᠪᠣᠳᠠᠲᠠᠢ ᠬᠢᠵᠦ᠂ ᠦᠨᠳᠦᠰᠦᠲᠡᠨ ᠨᠦ᠍ᠭᠦᠳ
ᠦ᠋ᠨ ᠣᠯᠠᠨ ᠲᠦᠮᠡᠨ ᠦ᠌ ᠠᠭᠤᠤ ᠶᠡᠬᠡ ᠡᠬᠡ ᠤᠯᠤᠰ᠂ ᠳᠤᠮᠳᠠᠳᠤ ᠶ᠋ᠢᠨ ᠦᠨᠳᠦᠰᠦᠲᠡᠨ᠂ ᠳᠤᠮᠳᠠᠳᠤ ᠶ᠋ᠢᠨ ᠰᠣᠶᠣᠯ᠂
ᠳᠤᠮᠳᠠᠳᠤ ᠤᠯᠤᠰ ᠤ᠋ᠨ ᠡᠪ ᠬᠠᠮᠲᠤ ᠨᠠᠮ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠲᠤᠬᠠᠢ
ᠳᠠᠨᠢᠯᠳᠠ ᠶ᠋ᠢ ᠴᠢᠩᠭᠠᠳᠭᠠᠨ᠎ᠠ᠃ ᠲᠤᠬᠠᠢᠯᠠᠭᠰᠠᠨ ᠠᠵᠢᠯ ᠳ᠋ᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ
ᠪᠠᠨ ᠴᠢᠩᠭᠠᠳᠭᠠᠵᠤ᠂ ᠮᠠᠯᠵᠢᠬᠤ ᠲᠠᠷᠢᠶᠠᠯᠠᠬᠤ ᠣᠷᠣᠨ ᠤ᠋ ᠶᠠᠳᠠᠭᠤ ᠠ᠋ᠴᠠ ᠠᠩᠭᠢᠵᠢᠷᠠᠭᠤᠯᠤᠭᠰᠠᠨ ᠠᠵᠢᠯ ᠤ᠋ᠨ
ᠦᠷ᠎ᠡ ᠪᠦᠳᠤᠮᠵᠢ ᠵᠢ ᠪᠡᠬᠢᠵᠢᠭᠦᠯᠬᠦ ᠵᠢ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ
ᠵᠣᠯᠭᠠᠭᠤᠯᠬᠤ ᠶ᠋ᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩᠦᠨ ᠴᠢᠨᠠᠷ ᠰᠠᠢᠲᠠᠢ ᠥᠨᠳᠥᠷ ᠦᠷ᠎ᠡ ᠪᠦᠲᠦᠮᠵᠢᠲᠡᠢ᠂
ᠮᠠᠯᠵᠢᠬᠤ ᠲᠠᠷᠢᠶᠠᠯᠠᠬᠤ ᠣᠷᠣᠨ ᠤ᠋ ᠣᠷᠣᠱᠢᠨ ᠰᠠᠭᠤᠷᠢᠰᠢᠬᠤ ᠳ᠋ᠤ᠌ ᠲᠣᠬᠢᠷᠠᠮᠵᠢᠲᠠᠢ᠂ ᠮᠠᠯᠴᠢᠨ ᠲᠠᠷᠢᠶᠠᠴᠢᠨ
ᠤ᠋ ᠪᠠᠶᠠᠨ ᠴᠢᠨᠡᠭᠡᠯᠢᠭ ᠪᠠᠢᠬᠤ ᠶ᠋ᠢ ᠠᠬᠢᠭᠤᠯᠤᠨ᠎ᠠ ᠭᠡᠵᠦ ᠢᠯᠡᠳᠭᠡᠭᠰᠡᠨ ᠪᠠᠢᠨ᠎ᠠ᠃
︽ᠮᠠᠯ ᠠᠵᠤ ᠠᠬᠤᠢ ᠲᠠᠷᠢᠶᠠᠯᠠᠩᠦᠨ
ᠱᠢᠰᠲ᠋ᠧᠮ ᠦ᠋ᠨ ᠨᠠᠮ ᠤ᠋ᠨ ᠭᠡᠱᠢᠭᠦᠨ ᠺᠠᠳ᠋ᠷ ᠪᠣᠯᠤᠭᠰᠠᠨ ᠤ᠋ ᠬᠤᠪᠢ ᠳ᠋ᠤ᠌ ᠪᠢ ᠥᠪᠡᠷ ᠦ᠋ᠨ ᠡᠭᠦᠷᠭᠡᠯᠡᠵᠦ ᠪᠠᠢᠭ᠎ᠠ
ᠬᠠᠷᠢᠭᠤᠴᠠᠯᠭ᠎ᠠ ᠪᠠᠨ ᠨᠡᠩ ᠭᠦᠨᠵᠡᠭᠡᠢ ᠲᠠᠨᠢᠵᠤ ᠣᠯᠵᠠᠢ᠃ ᠠᠵᠢᠯ ᠤ᠋ᠨ ᠳᠤᠮᠳᠠ ᠪᠠᠨ ᠦᠨᠳᠦᠰᠦᠨ ᠱᠠᠲᠤᠨ ᠳ᠋ᠤ᠌
ᠭᠦᠨᠵᠡᠭᠡᠢᠷᠡᠵᠦ ᠪᠠᠢᠴᠠᠭᠠᠨ ᠰᠤᠳᠤᠯᠤᠯᠲᠠ ᠥᠷᠨᠢᠭᠦᠯᠬᠦ ᠪᠡᠷ ᠳᠠᠮᠵᠢᠨ ᠮᠠᠯᠴᠢᠨ ᠲᠠᠷᠢᠶᠠᠴᠢᠳ ᠲᠤ᠌ ᠠᠱᠢᠭ ᠬᠦᠷᠲᠡᠭᠡᠬᠦ
ᠲᠥᠷᠥ ᠶ᠋ᠢᠨ ᠪᠣᠳᠣᠯᠭ᠎ᠠ ᠶ᠋ᠢ ᠶᠡᠬᠡ ᠪᠡᠷ ᠤᠬᠠᠭᠤᠯᠵᠤ᠂ ᠮᠠᠯᠴᠢᠨ ᠲᠠᠷᠢᠶᠠᠴᠢᠳ ᠤ᠋ᠨ ᠬᠡᠷᠡᠭᠴᠡᠭᠡ ᠱᠠᠭᠠᠷᠳᠠᠯᠭ᠎ᠠ
ᠪᠠ ᠬᠦᠴᠢᠷᠳᠡᠯ ᠠᠰᠠᠭᠤᠳᠠᠯ ᠢ᠋ ᠰᠠᠨᠠᠭᠠᠴᠢᠯᠠᠭ᠎ᠠ ᠠ᠋ᠴᠠ ᠪᠠᠨ ᠣᠢᠯᠠᠭᠠᠨ᠂ ᠮᠠᠯ ᠠᠵᠤ ᠠᠬᠤᠢ ᠲᠠᠷᠢᠶᠠᠯᠠᠩᠦᠨ
ᠦᠢᠯᠡᠳᠪᠦᠷᠢᠯᠡᠯ ᠦ᠋ᠨ ᠳᠤᠮᠳᠠᠬᠢ ᠪᠣᠳᠠᠲᠠᠢ ᠠᠰᠠᠭᠤᠳᠠᠯ ᠢ᠋ ᠬᠢᠨᠠᠮᠠᠭᠠᠢ ᠱᠢᠢᠳᠪᠦᠷᠢᠯᠡᠵᠦ᠂ ᠪᠣᠳᠠᠲᠤ ᠠᠵᠢᠯᠯᠠᠭ᠎ᠠ
ᠪᠠᠷ ᠢ᠋ᠶ᠋ᠠᠨ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠴᠣᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ
ᠵᠢ ᠲᠤᠬᠠᠢᠯᠠᠭᠰᠠᠨ ᠠᠵᠢᠯ ᠳ᠋ᠠᠭᠠᠨ ᠠᠭᠤᠰᠭᠠᠨ ᠣᠷᠣᠭᠤᠯᠤᠨ᠎ᠠ︾ ᠭᠡᠵᠤ ᠥᠪᠡᠷᠲᠡᠭᠡᠨ ᠵᠠᠰᠠᠬᠤ
ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨᠦ ᠲᠢᠩᠬᠢᠮ ᠦ᠋ᠨ ᠲᠠᠷᠢᠶᠠᠯᠠᠩ
ᠤ᠋ᠨ ᠮᠠᠱᠢᠨ ᠤ᠋ ᠲᠣᠪᠴᠢᠢ᠎ᠠ ᠶ᠋ᠢᠨ ᠳᠡᠳ᠋ ᠳᠠᠷᠤᠭ᠎ᠠ ᠱᠢᠦᠢ ᠳᠡ ᠸᠧᠢ ᠤᠬᠠᠭᠤᠯᠤᠨ ᠲᠠᠢᠯᠪᠤᠷᠢᠯᠠᠬᠤ ᠶ᠋ᠢ ᠰᠣᠨᠣᠰᠤᠭᠰᠠᠨ
ᠤ᠋ ᠳᠠᠷᠠᠭ᠎ᠠ ᠰᠡᠳᠭᠢᠯ ᠳᠣᠭᠳᠣᠯᠤᠨ ᠬᠡᠯᠡᠯ᠎ᠡ᠃