ᠠᠷᠠᠳ᠎ᠤᠨ ᠲᠡᠭᠡᠲᠦ ᠰᠢᠭᠦᠬᠦ ᠬᠤᠷᠢᠶ᠎ᠠ ᠄ ᠲᠤᠮᠤ ᠳ᠋ᠠᠢᠲ᠋ᠠ ᠵᠤᠬᠢᠶᠠᠮᠠᠯ ᠤᠶᠤᠨ ᠴᠢᠲᠠᠪᠤᠷᠢ ᠵᠡᠷᠭᠡ ᠰᠢᠨ᠎ᠠ ᠬᠦᠷᠢᠶᠠᠠ ᠳ᠋ᠡᠬᠢ ᠮᠡᠲᠡᠯᠭᠡ ᠵᠢᠨ ᠦᠮᠴᠢᠯᠡᠯ᠎ᠤᠨ ᠡᠷᠭᠡ ᠵᠢᠨ ᠬᠠᠤᠯᠢ ᠴᠠᠭᠠᠵᠠ ᠵᠢᠨ ᠬᠠᠮᠠᠭᠠᠯᠠᠯᠲᠠ ᠵᠢᠨ ᠲᠦᠷᠢᠮ᠎ᠢ ᠪᠦᠷᠢᠠᠰᠢᠭᠦᠯᠦᠨ᠎ᠠ
2021-10-23 10:57:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶᠠᠨ᠎ᠤ ᠪᠡᠭᠡᠵᠢᠩ᠎ᠦᠨ 10 ᠰᠠᠷ᠎ᠠ᠎ᠶ᠋ᠢᠨ 21 ᠎ᠤ᠋ ᠴᠠᠬᠢᠯᠭᠠᠠ ᠮᠡᠳᠡᠭᠡ (ᠰᠤᠷᠪᠤᠯᠵᠢᠯᠠᠭ᠍ᠴᠢ ᠯᠦᠸᠧ ᠱᠠ) ᠠᠷᠠᠳ᠎ᠤᠨ ᠱᠢᠭᠦᠬᠦ᠌ ᠬᠣᠷᠢᠶ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠳᠤ ᠵᠣᠬᠢᠴᠠᠭᠤᠯᠤᠨ᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠱᠢᠨ᠎ᠡ ᠬᠡᠯᠪᠡᠷᠢ᠎ᠶ᠋ᠢᠨ ᠬᠠᠤᠯᠢ ᠴᠠᠭᠠᠵᠠ᠎ᠶ᠋ᠢᠨ ᠲᠦᠪᠡᠭ᠌ᠲᠡᠶ ᠠᠰᠠᠭᠤᠳᠠᠯ᠎ᠤᠨ ᠰᠤᠳᠤᠯᠭᠠᠨ᠎ᠢ ᠴᠢᠩᠭᠠᠳᠭᠠᠵᠤ᠂ ᠠᠱᠢᠭ ᠲᠤᠰᠠ᠎ᠶ᠋ᠢ ᠲᠡᠩᠴᠡᠭᠦᠷᠢᠲᠡᠶ ᠪᠠᠢᠯᠭᠠᠬᠤ ᠵᠠᠷᠴᠢᠮ᠎ᠢ ᠪᠠᠷᠢᠮᠲᠠᠯᠠᠨ᠂ ᠠᠷᠠᠳ ᠣᠯᠠᠨ᠎ᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠭᠦ ᠪᠠᠷ ᠪᠤᠢ᠃

ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠳᠠᠷᠤᠭ᠎ᠠ ᠵᠧᠸ᠋ ᠴᠢᠶᠠᠩ 21 ᠎ᠤ᠋  ᠡᠳᠦᠷ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠡᠮᠦᠨ᠎ᠡ᠎ᠡᠴᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠬᠤᠷᠠᠯ᠎ᠳᠤ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠱᠢᠬᠢ ᠠᠷᠠᠳ᠎ᠤᠨ ᠱᠢᠭᠦᠬᠦ᠌ ᠬᠣᠷᠢᠶᠠᠨ᠎ᠤ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠱᠢᠭᠦᠨ ᠲᠠᠰᠤᠯᠤᠯᠲᠠ᠎ᠶ᠋ᠢᠨ ᠠᠵᠢᠯ᠎ᠤᠨ ᠪᠠᠢᠳᠠᠯ᠎ᠢ ᠮᠡᠳᠡᠭᠦᠯᠬᠦ᠌᠎ᠳᠡᠭᠡᠨ᠂ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ᠂ ᠭᠧᠨ᠎ᠦ ᠮᠡᠷᠭᠡᠵᠢᠯ ᠵᠡᠷᠭᠡ ᠱᠢᠨ᠎ᠡ ᠬᠦᠷᠢᠶᠡᠨ᠎ᠳᠡᠬᠢ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢᠨ ᠲᠦᠷᠢᠮ᠎ᠢ ᠪᠦᠷᠢᠨᠱᠢᠭᠦᠯᠵᠦ᠍᠂ ᠪᠤᠳᠤᠬᠤ ᠠᠷᠭ᠎ᠠ᠂ ᠬᠤᠳᠠᠯᠳᠤᠭᠠᠨ᠎ᠤ ᠨᠢᠭᠤᠴᠠ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠪᠦᠲᠦᠭᠡᠭ᠌ᠳᠡᠬᠦᠨ᠂ ᠺᠠᠶ ᠶᠤᠸᠠᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢᠨ ᠲᠦᠷᠢᠮ᠎ᠢ ᠰᠤᠳᠤᠯᠤᠨ ᠲᠡᠭᠦᠯᠳᠡᠷᠵᠢᠭᠦᠯᠦᠨ᠎ᠡ ᠭᠡᠵᠦ ᠢᠯᠡᠳᠭᠡᠵᠠᠢ᠃

ᠣᠢᠯᠠᠭᠠᠭ᠍ᠰᠠᠨ᠎ᠢᠶᠠᠷ᠂ ᠠᠷᠠᠳ᠎ᠤᠨ ᠱᠢᠭᠦᠬᠦ᠌ ᠬᠣᠷᠢᠶ᠎ᠠ ᠲᠠᠪᠴᠠᠨᠭᠲᠤ ᠠᠵᠤ ᠠᠬᠤᠶ᠎ᠶ᠋ᠢᠨ ᠭᠠᠭᠴᠠᠭᠠᠷ ᠡᠵᠡᠮᠰᠢᠯ᠎ᠢ ᠡᠰᠡᠷᠭᠦᠴᠡᠬᠦ᠌ ᠲᠡᠰᠦᠯᠦᠨ ᠲᠣᠭ᠍ᠲᠠᠭᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍ ᠂ ᠲᠠᠪᠴᠠᠩᠳᠤ ᠠᠵᠤ ᠠᠬᠤᠶ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠂ ᠮᠡᠳᠡᠭᠡ ᠵᠠᠩᠭᠢ᠎ᠶ᠋ᠢᠨ ᠠᠮᠤᠷ ᠲᠦᠪᠱᠢᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠡᠬᠢ ᠬᠠᠤᠯᠢ ᠴᠠᠭᠠᠵᠠ᠎ᠶ᠋ᠢ ᠴᠢᠩᠭᠠᠳᠭᠠᠨ᠎ᠠ᠃ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢ ᠳᠤᠷ᠎ᠠ᠎ᠪᠠᠷ᠎ᠢᠶᠠᠨ ᠬᠡᠷᠡᠭ᠌ᠯᠡᠬᠦ᠌᠎ᠶ᠋ᠢ ᠰᠡᠷᠭᠡᠢᠯᠡᠨ ᠬᠣᠷᠢᠭ᠍ᠯᠠᠬᠤ ᠬᠠᠮᠢᠶ᠎ᠠ ᠪᠥᠬᠥᠶ ᠲᠦᠷᠢᠮ᠎ᠢ ᠰᠤᠳᠤᠯᠤᠨ ᠲᠡᠭᠦᠯᠳᠡᠷᠵᠢᠭᠦᠯᠵᠦ᠍᠂ 《ᠲᠤᠰᠭᠠᠶ ᠠᠱᠢᠭ᠎ᠤᠨ ᠤᠨᠠᠭᠤᠯᠢ》᠂ 《ᠲᠤᠰᠭᠠᠶ ᠠᠱᠢᠭ᠎ᠤᠨ ᠲᠡᠯᠡᠶ᠎ᠶ᠋ᠢᠨ ᠳᠡᠭᠡᠷᠡᠮ》 ᠵᠡᠷᠭᠡ ᠱᠢᠨ᠎ᠡ᠎ᠶ᠋ᠢ ᠡᠭᠦᠳᠬᠦ᠌᠎ᠶ᠋ᠢ ᠬᠠᠷᠱᠢᠯᠠᠭ᠍ᠰᠠᠨ ᠬᠠᠤᠯᠢ ᠪᠤᠰᠤ ᠦᠶ᠋ᠯᠡ ᠠᠵᠢᠯᠯᠠᠭ᠎ᠠ᠎ᠶ᠋ᠢ ᠵᠠᠯᠬᠠᠭᠠᠨ ᠱᠢᠳᠭᠡᠨ᠎ᠡ᠃ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠵᠠᠷᠭᠤ᠎ᠶ᠋ᠢᠨ ᠬᠦᠴᠢᠷ ᠰᠡᠳᠦᠪ᠎ᠢ ᠱᠢᠢᠳᠪᠦᠷᠢᠯᠡᠵᠦ᠍᠂ ᠡᠷᠬᠡᠲᠦ ᠬᠥᠮᠦᠨ᠎ᠦ ᠡᠷᠬᠡ᠎ᠪᠡᠨ ᠬᠠᠮᠠᠭᠠᠯᠠᠬᠤ ᠥᠪᠡᠷ᠎ᠦᠨ ᠦᠷᠲᠡᠭ᠎ᠢ ᠪᠠᠭᠤᠷᠠᠭᠤᠯᠤᠨ᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢ ᠬᠠᠮᠠᠭᠠᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃

ᠮᠡᠳᠡᠭᠦᠯᠦᠯᠲᠡ᠎ᠳᠦ᠂ ᠣᠢᠷ᠎ᠠ᠎ᠶ᠋ᠢᠨ ᠵᠢᠯ᠎ᠳᠦ ᠮᠠᠨ᠎ᠤ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠤᠨ  ᠡᠷᠬᠡ᠎ᠶ᠋ᠢᠨ ᠬᠡᠷᠡᠭ᠎ᠦᠨ ᠲᠣᠭ᠎ᠠ ᠲᠦᠷᠭᠡᠨ ᠨᠡᠮᠡᠭ᠌ᠳᠡᠵᠦ᠍᠂ ᠱᠢᠨ᠎ᠡ ᠬᠡᠯᠪᠡᠷᠢ᠎ᠶ᠋ᠢᠨ ᠵᠢᠭᠤᠷᠠᠯᠳᠤᠭᠠᠨ ᠶᠡᠬᠡ ᠬᠡᠮᠵᠢᠶ᠎ᠡ᠎ᠪᠡᠷ ᠢᠯᠡᠷᠡᠵᠦ᠂ ᠰᠦᠯᠵᠢᠶᠡᠨ᠎ᠦ ᠡᠷᠬᠡ᠎ᠳᠦ ᠬᠠᠯᠳᠠᠬᠤ ᠶᠠᠪᠤᠳᠠᠯ ᠬᠢᠯᠪᠠᠷᠬᠠᠠ ᠡᠭᠦᠰᠴᠦ᠍ ᠣᠯᠠᠨ ᠡᠭᠦᠰᠴᠤ ᠪᠠᠢᠨ᠎ᠠ᠃ 2013 ᠣᠨ᠎ᠠᠴᠠ 2021 ᠣᠨ᠎ᠤ 6 ᠰᠠᠷ᠎ᠠ ᠪᠣᠯᠲᠠᠯ᠎ᠠ᠂ ᠪᠦᠬᠦ᠌ ᠤᠯᠤᠰ᠎ᠤᠨ ᠱᠢᠭᠦᠬᠦ᠌ ᠬᠣᠷᠢᠶ᠎ᠠ ᠡᠯ᠎ᠡ ᠲᠦᠷᠦᠯ᠎ᠦᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠨᠢᠭᠡᠳᠦᠭᠡᠷ ᠱᠢᠭᠦᠯᠲᠡ᠎ᠶ᠋ᠢᠨ ᠬᠡᠷᠡᠭ᠎ᠢ 218.1 ᠲᠦᠮᠡ ᠬᠦᠯᠢᠶᠡᠨ ᠠᠪᠴᠤ᠌ ᠱᠢᠢᠳᠪᠦᠷᠢᠯᠡᠠ᠂ 206 ᠲᠦᠮᠡ ᠵᠢ ᠨᠢ ᠱᠢᠭᠦᠨ ᠳᠠᠭᠤᠰᠭᠠᠪᠠ᠃ ᠠᠷᠠᠳ᠎ᠤᠨ ᠱᠢᠭᠦᠬᠦ᠌ ᠬᠣᠷᠢᠶ᠎ᠠ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠱᠢᠭᠦᠨ ᠲᠠᠰᠤᠯᠬᠤ ᠡᠭᠦᠷᠭᠡ ᠴᠢᠳᠠᠪᠤᠷᠢ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠬᠤ᠎ᠪᠠᠷ ᠳᠠᠮᠵᠢᠨ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠳᠤ ᠬᠠᠤᠯᠢ ᠴᠠᠭᠠᠵᠠ ᠵᠢᠨ ᠬᠦᠴᠦᠲᠡᠢ ᠦᠢᠯᠡᠴᠢᠯᠡᠭᠡ ᠬᠠᠩᠭᠠᠵᠠᠢ᠃

ᠮᠡᠳᠡᠭᠦᠯᠦᠯᠲᠡ᠎ᠳᠦ᠂ ᠠᠷᠠᠳ᠎ᠤᠨ ᠱᠢᠭᠦᠬᠦ᠌ ᠬᠣᠷᠢᠶ᠎ᠠ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠱᠢᠭᠦᠨ ᠲᠠᠰᠤᠯᠬᠤ ᠬᠦᠷᠢᠶᠡᠨ᠎ᠳᠡᠬᠢ ᠬᠠᠤᠯᠢ ᠴᠠᠭᠠᠵᠠ ᠵᠢᠨ ᠥᠭᠡᠷᠡᠴᠢᠯᠡᠯᠲᠡ᠎ᠶ᠋ᠢ ᠬᠦᠴᠦᠯᠡᠨ ᠭᠦᠨᠵᠡᠭᠡᠢᠷᠡᠭᠦᠯᠵᠦ᠍᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠱᠢᠭᠦᠨ ᠲᠠᠰᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠶᠡᠬᠡ ᠬᠠᠮᠠᠭᠠᠯᠠᠯᠲᠠ᠎ᠶ᠋ᠢᠨ ᠠᠵᠢᠯ᠎ᠤᠨ ᠪᠠᠢᠷᠢᠱᠢᠯ᠎ᠢ ᠪᠦᠷᠢᠨᠱᠢᠬᠥᠯᠬᠥ᠌ ᠵᠢ ᠠᠬᠢᠭᠤᠯᠤᠨ᠎ᠠ᠃ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠵᠠᠷᠭᠤ᠎ᠶ᠋ᠢᠨ ᠦᠨᠡᠨᠴᠢ ᠢᠲᠡᠭᠡᠮᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠡᠷᠬᠡ᠎ᠪᠡᠨ ᠳᠤᠷ᠎ᠠ᠎ᠪᠠᠷ ᠬᠡᠷᠡᠭ᠌ᠯᠡᠬᠦ᠌᠂ ᠮᠠᠭᠤ ᠰᠠᠨᠠᠭ᠎ᠠ᠎ᠪᠠᠷ ᠵᠠᠷᠭᠤᠯᠳᠤᠬᠤ ᠦᠢᠯᠡ ᠠᠵᠢᠯᠯᠠᠭ᠎ᠠ᠎ᠶ᠋ᠢ ᠪᠦᠲᠦᠮᠵᠢᠲᠡᠢ ᠵᠠᠯᠬᠠᠭᠠᠨ ᠴᠡᠭᠡᠷᠯᠡᠭᠦᠯᠦᠨ᠎ᠡ᠃ ᠡᠷᠡᠭᠦᠦ ᠱᠢᠳᠭᠡᠯ᠎ᠦᠨ ᠰᠦᠷᠳᠡᠭᠦᠯᠬᠦ᠌ ᠴᠢᠳᠠᠮᠵᠢ᠎ᠶ᠋ᠢ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠦ ᠲᠤᠰᠭᠠᠯ ᠴᠢᠩᠭ᠎ᠠ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠡᠷᠬᠡ᠎ᠳᠦ ᠬᠠᠯᠳᠠᠬᠤ ᠶᠠᠪᠤᠳᠠᠯ ᠬᠢᠯᠪᠠᠷᠬᠠᠠ ᠡᠭᠦᠰᠭᠦ ᠤᠯᠠᠨ ᠡᠭᠦᠰᠭᠦ ᠬᠦᠷᠢᠶᠡᠨ᠎ᠳᠦ ᠬᠦᠴᠦᠲᠡᠢ ᠴᠣᠬᠢᠯᠲᠠ ᠥᠭ᠌ᠴᠦ᠂ ᠲᠤᠢᠯᠪᠤᠷᠢᠲᠠᠢ ᠴᠡᠭ᠌ᠴᠡᠯᠡᠨ ᠵᠠᠰᠠᠵᠤ᠂ ᠭᠦᠢᠴᠡᠳ ᠠᠶᠤᠯᠭᠠᠨ ᠰᠦᠷᠳᠡᠭᠦᠯᠦᠨ᠎ᠠ ᠭᠡᠵᠦ ᠲᠤᠷᠠᠳᠴᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号