ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠳᠠᠷᠤᠭᠠᠰᠤ᠎ᠶ᠋ᠢ ᠬᠡᠷᠬᠢᠨ ᠬᠦᠨᠭᠭᠡᠷᠡᠭᠦᠯᠦᠬᠰᠡᠨ ᠪᠣᠶ ? ᠬᠣᠯᠢᠮᠠᠭ ᠦᠭᠡᠷᠡᠴᠢᠯᠡᠯᠲᠡ ᠶ᠋ᠢ ᠬᠡᠷᠬᠢᠨ ᠬᠢᠬᠦ ᠪᠤᠢ ?
2021-10-23 10:52:18
ᠵᠣᠬᠢᠶᠠᠭ᠍ᠴᠢ᠄
ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠱᠢᠶ᠍ᠸ ᠰᠢ ᠶᠣᠣ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠡᠴᠡ ᠪᠥᠬᠥ᠌ ᠤᠯᠤᠰ᠎ᠲᠤ ᠴᠢᠩᠳᠣᠤ᠂ ᠸᠸᠨᠵᠸᠤ᠂ ᠴᠢᠤᠸᠠᠨᠵᠸᠤ ᠵᠡᠷᠭᠡ 8 ᠣᠷᠣᠨ ᠨᠤᠲᠤᠭ᠎ᠤᠨ 72 ᠵᠤᠷᠪᠤᠰ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠳᠡᠮᠵᠢᠭ᠌ᠰᠡᠨ ᠨᠡᠢᠲᠡᠯᠢᠭ ᠠᠷᠭ᠎ᠠ ᠬᠢᠳᠡᠯ᠎ᠢ ᠳᠡᠯᠭᠡᠷᠡᠭᠦᠯᠪᠡ᠃ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ 21 ᠤ᠋ ᠡᠳᠦᠷ ᠲᠤᠰᠭᠠᠶ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠳᠡᠮᠵᠢᠭ᠌ᠰᠡᠨ ᠵᠢᠴᠢ ᠬᠣᠯᠪᠣᠭ᠍ᠳᠠᠯ ᠪᠥᠬᠥᠶ ᠠᠵᠢᠯ᠎ᠤᠨ ᠪᠠᠢᠳᠠᠯ᠎ᠢ ᠲᠠᠨᠢᠯᠴᠠᠭᠤᠯᠪᠠ᠃


ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠯᠲᠡ ᠦᠷ᠎ᠡ ᠪᠦᠲᠦᠮᠵᠢ ᠤᠯᠬᠤ᠎ᠶ᠋ᠢ ᠲᠡᠮᠵᠢᠪᠡ


2019 ᠣᠨ᠎ᠤ 12 ᠰᠠᠷ᠎ᠠ᠎ᠳᠤ᠂ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ 《ᠨᠡᠩ ᠰᠠᠢ᠌ᠨ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠪᠤᠢ ᠪᠣᠯᠭᠠᠵᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠳᠡᠮᠵᠢᠬᠦ᠌ ᠲᠤᠬᠠᠢ ᠰᠠᠨᠠᠯ 》 ᠢ᠋ ᠳᠠᠷᠤᠮᠠᠯᠯᠠᠨ ᠲᠠᠷᠬᠠᠭᠠᠪᠠ᠃   《ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ ᠲᠦᠷᠦᠭᠦᠯᠡᠨ ᠬᠢᠬᠦ᠌ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠬᠣᠶᠠᠷ ᠵᠢᠯ᠎ᠳᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠲᠡᠶ ᠬᠠᠮᠲᠤᠷᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠳᠤ ᠲᠤᠯᠭᠠᠷᠠᠵᠤ ᠪᠠᠢᠭ᠎ᠠ ᠣᠬᠣᠷ ᠬᠤᠭᠤᠴᠠᠭᠠᠨ᠎ᠤ ᠲᠣᠪᠣᠢᠮ᠎ᠠ ᠠᠰᠠᠭᠤᠳᠠᠯ ᠪᠠ ᠣᠷᠳᠣ ᠬᠤᠭᠤᠴᠠᠭᠠᠨ᠎ᠤ ᠪᠠᠢᠭᠤᠯᠤᠯ ᠲᠣᠭ᠍ᠲᠠᠴᠠ᠎ᠶ᠋ᠢᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠠᠨᠠᠯ᠎ᠤᠨ ᠨᠠᠢᠳᠠᠪᠤᠷᠢᠵᠢᠭᠤᠯᠤᠯᠲᠠ᠎ᠶ᠋ᠢ ᠶᠡᠬᠡ᠎ᠪᠡᠷ ᠠᠬᠢᠭᠤᠯᠵᠤ ᠵᠤᠬᠢᠬᠤ ᠬᠡᠮᠵᠢᠶᠡᠨ᠎ᠤ ᠦᠷ᠎ᠡ ᠪᠦᠲᠦᠮᠵᠢ ᠣᠯᠵᠠᠶ》᠃ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠵᠤᠷᠭᠠᠨ᠎ᠤ ᠳᠠᠷᠤᠭ᠎ᠠ ᠱᠢᠤᠢ ᠱᠠᠨ ᠴᠠᠩ ᠬᠤᠷᠠᠯ ᠳᠡᠭᠡᠷ᠎ᠡ ᠬᠡᠳᠦᠨ ᠪᠦᠯᠦᠭ ᠵᠠᠩᠭᠢᠯᠠᠭ᠎ᠠ᠎ᠶ᠋ᠢᠨ ᠦᠭᠡ ᠪᠠ ᠲᠣᠭ᠎ᠠ ᠪᠠᠷᠢᠮᠲᠠ᠎ᠶ᠋ᠢ ᠵᠢᠭ᠍ᠰᠠᠭᠠᠪᠠ᠄

《ᠲᠡᠭ᠎ᠤᠨ ᠰᠢᠪᠳᠤᠯᠤᠯᠳᠠ》—  ᠴᠢᠯᠠᠭᠤᠨ ᠲᠣᠰᠣ ᠱᠢᠲᠠᠮᠠᠬᠠᠶ ᠬᠡᠶ᠎ᠶ᠋ᠢᠨ ᠭᠠᠳᠠᠭᠠᠳᠤ ᠤᠷᠤᠭᠤᠯᠤᠯᠲᠠ ᠭᠠᠷᠭᠠᠯᠲᠠ᠎ᠵᠢᠨ ᠬᠦᠷᠢᠶᠡᠨ᠎ᠳᠦ ᠲᠡᠭ᠎ᠤᠨ ᠱᠢᠪᠲᠤᠯᠤᠯᠳᠠ᠎ᠶ᠋ᠢ ᠪᠡᠶᠡᠯᠡᠭᠦᠯᠵᠦ᠍᠂ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢᠯᠠᠯ ᠠᠩᠬ᠎ᠠ ᠤᠳᠠᠭ᠎ᠠ ᠲᠦᠭᠦᠬᠡᠶ ᠴᠢᠯᠠᠭᠤᠨ ᠲᠣᠰᠣ᠎ᠶ᠋ᠢᠨ ᠤᠯᠤᠰ᠎ᠤᠨ ᠡᠵᠡᠩᠨᠡᠯᠲᠡ᠎ᠶ᠋ᠢᠨ ᠪᠤᠰᠤ ᠠᠷᠠᠯᠵᠢᠶᠠᠨ᠎ᠤ ᠭᠠᠳᠠᠭᠠᠳᠤ᠎ᠠᠴᠠ ᠣᠷᠣᠭᠤᠯᠬᠤ ᠬᠢᠷᠢ ᠬᠡᠮ᠂ ᠪᠣᠯᠪᠠᠰᠤᠷᠠᠭᠤᠯᠤᠭ᠍ᠰᠠᠨ ᠴᠢᠯᠠᠭᠤᠨ ᠲᠣᠰᠣ᠎ᠶ᠋ᠢᠨ ᠤᠯᠤᠰ᠎ᠤᠨ ᠡᠵᠡᠩᠨᠡᠯᠲᠡ᠎ᠶ᠋ᠢᠨ ᠪᠤᠰᠤ ᠠᠷᠠᠯᠵᠢᠶᠠᠨ᠎ᠤ ᠭᠠᠳᠠᠭᠠᠳᠤ᠎ᠳᠤ ᠭᠠᠷᠭᠠᠬᠤ ᠬᠢᠷᠢ ᠬᠡᠮ᠎ᠢ ᠣᠯᠤᠭ᠍ᠰᠠᠨ ᠪᠠᠢᠨ᠎ᠠ; ᠲᠡᠮᠦᠷ ᠵᠠᠮ᠎ᠤᠨ ᠪᠠᠯᠠ ᠣᠷᠣᠭᠤᠯᠤᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠦ ᠲᠡᠭ᠎ᠤᠨ ᠰᠢᠪᠳᠤᠯᠤᠯᠳᠠ᠎ᠶ᠋ᠢ ᠪᠡᠶᠡᠯᠡᠭᠦᠯᠵᠦ᠍᠂ ᠠᠩᠬᠠᠳᠠᠭ᠍ᠴᠢ ᠠᠷᠠᠳ᠎ᠤᠨ ᠪᠡᠯᠡ ᠬᠥᠷᠥᠩᠭᠡ᠎ᠶ᠋ᠢᠨ ᠰᠲ᠋ᠤᠺ ᠡᠵᠡᠮᠳᠡᠭᠰᠡᠨ ᠬᠠᠩ ᠱᠤᠤ᠎ᠲᠠᠶ ᠲᠦᠷᠭᠡᠨ᠎ᠤ ᠲᠡᠮᠦᠷ ᠵᠠᠮ᠎ᠢ ᠡᠨᠡ ᠵᠢᠯ᠎ᠦᠨ ᠡᠴᠦᠰ᠎ᠲᠦ ᠪᠠᠢᠭᠤᠯᠤᠨ ᠳᠠᠭᠤᠰᠭᠠᠵᠤ ᠲᠡᠷᠭᠡ ᠨᠡᠪᠲᠡᠷᠡᠭᠦᠯᠬᠦ᠌ ᠪᠣᠯᠤᠮᠵᠢ᠎ᠲᠠᠶ ᠪᠠᠢᠨ᠎ᠠ; ᠴᠥᠮ᠎ᠡ᠎ᠶ᠋ᠢᠨ ᠴᠠᠬᠢᠯᠭᠠᠨ᠎ᠤ ᠬᠦᠷᠢᠶᠡᠨ᠎ᠳᠡᠬᠢ ᠪᠦᠲᠦᠭᠡᠨ ᠪᠠᠢᠭᠤᠯᠤᠯᠲᠠ᠎ᠶ᠋ᠢᠨ ᠪᠡᠯᠡ ᠣᠷᠣᠭᠤᠯᠤᠯᠲᠠ ᠲᠡᠭ᠎ᠤᠨ ᠰᠢᠪᠳᠤᠯᠤᠯᠳᠠ᠎ᠶ᠋ᠢ ᠪᠡᠶᠡᠯᠡᠭᠦᠯᠵᠦ᠍᠂ ᠠᠩᠬᠠᠳᠠᠭ᠍ᠴᠢ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ ᠴᠥᠮ᠎ᠡ᠎ᠶ᠋ᠢᠨ ᠴᠠᠬᠢᠯᠭᠠᠨ᠎ᠤ ᠲᠦᠷᠦᠯ ᠵᠦᠢᠯ ᠳ᠋ᠸ᠋ ᠬᠤᠪᠢ ᠤᠷᠤᠭᠤᠯᠬᠤ᠎ᠶᠢ ᠪᠡᠶᠡᠯᠡᠭᠦᠯᠪᠠ᠃

《5847 ᠬᠤᠪᠢ》 — ᠠᠷᠠᠳ᠎ᠤᠨ ᠡᠵᠡᠨᠭᠨᠡᠯᠲᠡ᠎ᠵᠢᠨ ᠠᠵᠤ ᠠᠬᠤᠢᠯᠠᠯ ᠵᠢᠴᠢ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢᠯᠠᠯᠳᠠᠨ᠎ᠤ ᠥᠮᠴᠢᠯᠡᠯ᠎ᠦᠨ ᠡᠷᠬᠡ ᠵᠢᠴᠢ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠬᠠᠤᠯᠢᠵᠢᠯ᠎ᠤᠨ ᠣᠷᠴᠢᠨ ᠨᠥᠬᠥᠴᠡᠯ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠥᠮᠴᠢᠯᠡᠯ᠎ᠤᠨ ᠡᠷᠬᠡ᠎ᠳᠦ ᠬᠣᠯᠪᠣᠭ᠍ᠳᠠᠭ᠍ᠰᠠᠨ 20 ᠭᠠᠷᠤᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠣᠭ᠍ᠲᠠᠭᠠᠵᠤ ᠵᠠᠰᠠᠪᠤᠷᠢ ᠣᠷᠣᠭᠤᠯᠵᠤ ᠬᠦᠴᠦᠨ ᠥᠬᠡᠶ ᠪᠣᠯᠭᠠᠵᠤ᠂ ᠥᠮᠴᠢᠯᠡᠯ᠎ᠤᠨ ᠡᠷᠬᠡ᠎ᠳᠦ ᠬᠣᠯᠪᠣᠭ᠍ᠳᠠᠭ᠍ᠰᠠᠨ 5847 ᠲᠦᠷᠢᠮ ᠲᠣᠭ᠍ᠲᠠᠭᠠᠯ ᠵᠢᠷᠤᠮᠵᠢᠭᠰᠠᠨ ᠪᠢᠴᠢᠭ ᠮᠠᠲ᠋ᠧᠷᠢᠶᠠᠯ᠎ᠢ ᠴᠡᠪᠡᠷᠯᠡᠨ ᠬᠦᠴᠦᠨ ᠦᠭᠡᠢ ᠪᠤᠯᠭᠠᠵᠤ᠂ 4050 ᠬᠤᠪᠢ ᠵᠠᠰᠠᠭ᠎ᠤᠨ ᠣᠷᠳᠣᠨ᠎ᠤ ᠥᠮᠴᠢᠯᠡᠯ᠎ᠤᠨ ᠡᠷᠬᠡ᠎ᠳᠦ ᠬᠣᠯᠪᠣᠭ᠍ᠳᠠᠭ᠍ᠰᠠᠨ ᠵᠠᠭᠤᠷᠠᠯᠳᠤᠭᠠᠨ ᠲᠠᠢ ᠠᠰᠠᠭᠤᠳᠠᠯ᠎ᠢ ᠲᠣᠬᠢᠲᠠᠶ ᠱᠢᠶ᠋ᠳᠪᠦᠷᠢᠯᠡᠪᠡ᠃

《ᠪᠦᠬᠦᠨ᠎ᠢ ᠲᠦᠯᠦᠪᠡ》— ᠨᠢᠳᠤᠨᠤᠨ᠎ᠤ ᠵᠢᠯ᠎ᠦᠨ ᠡᠴᠦᠰ ᠪᠣᠯᠲᠠᠯ᠎ᠠ᠂ ᠪᠥᠬᠥ᠌ ᠤᠯᠤᠰ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠣᠯᠤᠨ ᠲᠣᠮᠣ ᠬᠡᠯᠪᠡᠷᠢ᠎ᠶ᠋ᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠡᠬᠡ ᠲᠠᠩᠰᠠᠨ᠎ᠳᠤ ᠣᠷᠣᠭᠤᠯᠤᠭ᠍ᠰᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠳᠤᠮᠳᠠ ᠪᠠᠭ᠎ᠠ ᠠᠵᠤ ᠠᠬᠤᠢᠯᠠᠯ᠎ᠳᠤ ᠥᠷᠢᠲᠦᠵᠦ᠍ ᠪᠠᠢᠭᠰᠠᠨ ᠵᠥᠷᠢᠯᠳᠦᠭᠡᠨ ᠥᠬᠡᠶ ᠥᠷᠢ ᠱᠢᠷᠢ᠎ᠶ᠋ᠢ ᠪᠦᠬᠦᠨ᠎ᠢ ᠲᠦᠯᠦᠪᠡ᠃

《53%》— 8 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠦᠯᠡᠳᠡᠪᠦᠷᠢ 52.5 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ᠎ᠦᠨ ᠡᠬᠢᠨ᠎ᠦ᠎ᠬᠢ᠎ᠡᠴᠡ 11.5% ᠎ᠪᠠᠷ ᠨᠡᠮᠡᠭ᠌ᠳᠡᠪᠡ; ᠡᠨᠡ ᠵᠢᠯ ᠨᠢᠭᠡᠨᠲᠡ 7000 ᠭᠠᠷᠤᠶ ᠲᠦᠮᠡᠨ ᠡᠷᠦᠬᠡ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢᠯᠠᠯ᠎ᠳᠤ ᠵᠢᠭᠡᠯᠡᠯᠭᠡ ᠲᠠᠯᠪᠢᠵᠤ᠂ ᠵᠢᠭᠡᠯᠡᠯᠭᠡ ᠠᠪᠤᠭ᠍ᠰᠠᠨ ᠡᠷᠦᠬᠡ᠎ᠶ᠋ᠢᠨ ᠲᠣᠭ᠎ᠠ 30% ᠪᠡᠷ ᠨᠡᠮᠡᠭ᠌ᠳᠡᠪᠡ; ᠲᠦᠷᠦᠭᠦᠦ 8 ᠰᠠᠷ᠎ᠠ᠎ᠳᠤ᠂ ᠪᠠᠩᠬᠢ᠎ᠶ᠋ᠢᠨ ᠪᠠᠢᠭᠤᠯᠤᠮᠵᠢ᠎ᠶ᠋ᠢᠨ ᠱᠢᠨ᠎ᠡ᠎ᠪᠡᠷ ᠲᠠᠷᠬᠠᠭᠠᠭ᠍ᠰᠠᠨ ᠠᠵᠤ ᠠᠬᠤᠢᠯᠠᠯ᠎ᠤᠨ ᠲᠥᠷᠥᠯ᠎ᠦᠨ ᠵᠢᠭᠡᠯᠡᠯᠭᠡ᠎ᠶ᠋ᠢᠨ 53%᠎ᠶ᠋ᠢ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢᠯᠠᠯ᠎ᠳᠤ ᠲᠠᠷᠬᠠᠭᠠᠪᠠ᠃

《10.2 ᠲᠦᠮᠡᠨ ᠰᠠᠭᠤᠷᠢ(ᠢᠵᠢ)》 — ᠪᠥᠬᠥ᠌ ᠤᠯᠤᠰ᠎ᠤᠨ 4000 ᠭᠠᠷᠤᠶ ᠶᠡᠬᠡ ᠳᠡᠭᠡᠳᠦ ᠰᠤᠷᠭᠠᠭᠤᠯᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠬᠢᠨ 10.2 ᠲᠦᠮᠡᠨ ᠰᠠᠭᠤᠷᠢ (ᠢᠵᠢ) ᠲᠣᠮᠣ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠡᠮᠵᠢᠭᠦᠷᠯᠢᠭ ᠪᠠ 90 ᠭᠠᠷᠤᠶ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢ ᠲᠥᠬᠥᠭᠡᠷᠦᠮᠵᠢ᠎ᠶ᠋ᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠬᠥᠭᠡᠷᠦᠮᠵᠢ ᠪᠠ ᠬᠡᠮᠵᠢᠭᠦᠷᠯᠢᠭ᠎ᠦᠨ ᠤᠯᠤᠰ᠎ᠤᠨ ᠰᠦᠯᠵᠢᠶᠡᠨ᠎ᠦ ᠬᠠᠮᠢᠶᠠᠷᠤᠯᠲᠠ᠎ᠶ᠋ᠢᠨ ᠲᠠᠪᠴᠠᠩ᠎ᠳᠤ ᠣᠷᠣᠭᠤᠯᠵᠤ᠂ ᠠᠷᠠᠳ᠎ᠤᠨ ᠡᠵᠡᠨᠭᠨᠡᠯᠲᠡ᠎ᠵᠢᠨ ᠠᠵᠤ ᠠᠬᠤᠢᠯᠠᠯ᠎ᠳᠤ ᠨᠡᠭᠡᠭᠡᠯᠲᠡ ᠬᠢᠵᠦ᠍ ᠬᠠᠮᠲᠤ᠎ᠪᠠᠷ ᠡᠳ᠋ᠯᠡᠭᠦᠯᠪᠡ᠃

《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠳᠡᠮᠵᠢᠬᠦ᠌ ᠪᠣᠯ ᠲᠥᠪ᠎ᠡᠴᠡ ᠣᠷᠣᠨ ᠨᠤᠲᠤᠭ ᠬᠦᠷᠲᠡᠯ᠎ᠡ ᠬᠣᠯᠪᠣᠭᠠᠯᠠᠨ ᠬᠥᠳᠡᠯᠦᠯᠴᠡᠬᠦ᠌ ᠱᠢᠰᠲ᠋ᠧᠮᠲᠦ ᠢᠨᠵᠧᠨᠧᠷᠢᠩ ᠪᠣᠯᠤᠨ᠎ᠠ᠃ ᠣᠷᠣᠨ ᠨᠤᠲᠤᠭ ᠢᠯᠠᠩᠭᠤᠶ᠎ᠠ ᠬᠣᠲᠠ᠎ᠶ᠋ᠢᠨ ᠳᠠᠪᠬᠤᠷᠭ᠎ᠠ᠎ᠨᠢ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠲᠠᠶ ᠱᠢᠭᠤᠳ ᠨᠢᠭᠤᠷᠳᠠᠬᠤ 〈ᠡᠴᠦᠰ᠎ᠦᠨ ᠨᠢᠭᠡ ᠺᠢᠯᠣᠮᠧᠲ᠋ᠷ〉 ᠪᠣᠯᠤᠭ᠍ᠰᠠᠨ᠎ᠤ ᠬᠤᠪᠢ᠎ᠳᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠎ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠨ᠎ᠠ》 ᠭᠡᠵᠦ᠍ ᠱᠢᠤᠢ ᠱᠠᠨ ᠴᠠᠩ ᠬᠡᠯᠡᠪᠡ᠃


ᠨᠡᠩ ᠡᠷᠬᠡ ᠲᠡᠭ᠌ᠰᠢ᠂ ᠨᠡᠩ ᠱᠢᠯᠢᠳᠡᠭ᠌ᠵᠢᠭ᠌ᠰᠡᠨ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠡᠭᠦᠳᠦᠨ᠎ᠠ


ᠣᠢᠷ᠎ᠠ᠎ᠶ᠋ᠢᠨ ᠬᠤᠭᠤᠴᠠᠭᠠᠨ᠎ᠳᠤ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠤᠨ ᠬᠢᠨ ᠡᠳ᠋ ᠬᠥᠷᠥᠩᠭᠡ᠎ᠶ᠋ᠢ ᠡᠮᠬᠢ ᠵᠢᠷᠤᠮ ᠥᠬᠡᠶ᠎ᠪᠡᠷ ᠥᠷᠭᠡᠳᠭᠡᠬᠦ᠌᠂ ᠭᠠᠭ᠍ᠴᠠᠭᠠᠷ ᠡᠵᠡᠮᠱᠢᠬᠦ᠌ ᠵᠡᠷᠭᠡ ᠬᠠᠤᠯᠢ ᠲᠣᠭ᠍ᠲᠠᠭᠠᠯ᠎ᠢ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠢᠭ᠌ᠯᠡᠭᠦᠯᠦᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠨᠡᠢᠲᠡᠯᠡᠪᠡ᠃ ᠱᠢᠤᠢ ᠱᠠᠨ ᠴᠠᠩ᠂ ᠡᠳᠡᠭᠡᠷ ᠠᠷᠭ᠎ᠠ ᠬᠡᠮᠵᠢᠶ᠎ᠡ ᠨᠢ《ᠡᠮᠬᠢ ᠵᠢᠷᠤᠮ ᠦᠭᠡᠢ》 ᠪᠠᠢᠳᠠᠯ ᠳ᠋ᠸ᠋ ᠴᠢᠭ᠌ᠯᠡᠭᠦᠯᠵᠦ᠍᠂ 《ᠵᠢᠷᠤᠮᠵᠢᠭᠤᠯᠬᠤ》 ᠎ᠵᠢ ᠴᠢᠬᠤᠯᠠᠴᠢᠯᠠᠵᠤ᠂ ᠬᠣᠯᠪᠣᠭ᠍ᠳᠠᠯ ᠪᠦᠬᠦᠢ ᠠᠵᠢᠯ ᠲᠦᠷᠦᠯ᠎ᠦᠨ ᠡᠷᠡᠭᠦᠯ ᠬᠥᠭ᠌ᠵᠢᠯᠲᠡ᠎ᠶ᠋ᠢ ᠠᠬᠢᠭᠤᠯᠬᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠠᠬᠢᠭᠤᠯᠬᠤ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ᠂ ᠴᠢᠬᠤᠯᠠ ᠪᠦᠬᠦᠢ ᠠᠵᠢᠯᠯᠠᠭ᠎ᠠ ᠪᠣᠯᠤᠨ᠎ᠠ᠂ ᠣᠨᠴᠠ ᠲᠣᠭ᠍ᠲᠠᠭ᠍ᠰᠠᠨ ᠥᠮᠴᠢᠯᠡᠯ᠎ᠦᠨ ᠠᠵᠤ ᠠᠬᠤᠢᠯᠠᠯ᠎ᠳᠤ ᠴᠢᠭ᠌ᠯᠡᠭᠦᠯᠬᠦ᠌ ᠦᠭᠡᠢ᠂ ᠨᠡᠩ ᠴᠤ᠌ ᠣᠨᠴᠠ ᠲᠣᠭ᠍ᠲᠠᠭ᠍ᠰᠠᠨ ᠥᠮᠴᠢᠯᠡᠯ᠎ᠦᠨ ᠣᠨᠴᠠᠭᠠᠢ ᠠᠵᠤ ᠠᠬᠤᠢᠯᠠᠯ᠎ᠳᠤ ᠴᠢᠭ᠌ᠯᠡᠭᠦᠯᠬᠦ᠌ ᠦᠭᠡᠢ᠃ ᠡᠭᠦᠨ᠎ᠡᠴᠡ ᠪᠣᠯᠤᠭ᠍ᠰᠠᠨ 《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠳᠠᠷᠤᠬᠤ》 ᠭᠠᠵᠢᠭᠤ ᠣᠢᠯᠠᠭᠠᠯᠲᠠ ᠪᠠ ᠱᠤᠤᠭᠢᠶᠠᠨ ᠪᠣᠯ ᠥᠴᠦᠬᠡᠨ ᠴᠦ᠍ ᠦᠨᠳᠦᠰᠦ ᠪᠠᠷᠢᠮᠲᠠ ᠦᠭᠡᠢ ᠶᠤᠮ᠃ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠤᠯᠢ ᠶᠣᠰᠣᠭᠠᠷ ᠴᠡᠭ᠌ᠴᠡᠯᠡᠵᠦ᠍᠂ ᠡᠷᠬᠡ ᠲᠡᠭ᠌ᠰᠢ ᠥᠷᠢᠰᠥᠯᠳᠦᠭᠡᠨ᠎ᠢ ᠠᠬᠢᠭᠤᠯᠬᠤ ᠪᠣᠯ ᠪᠣᠯᠪᠠᠰᠤᠷᠠᠩᠭᠤᠢ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠢᠯᠡᠷᠡᠯ ᠮᠥᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠪᠠᠭ᠍ᠲᠠᠭᠠᠭ᠍ᠰᠠᠨ ᠪᠤᠢ ᠪᠦᠬᠦᠢ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠳᠤ ᠨᠡᠩ ᠡᠷᠬᠡ ᠲᠡᠭ᠌ᠰᠢ᠂ ᠨᠡᠩ ᠱᠢᠯᠢᠳᠡᠭ᠌ᠵᠢᠭ᠌ᠰᠡᠨ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠡᠭᠦᠳᠴᠦ᠍ ᠥᠭ᠌ᠬᠦ ᠪᠣᠯᠤᠨ᠎ᠠ ᠭᠡᠵᠦ᠍ ᠢᠯᠡᠳᠭᠡᠪᠡ᠃

ᠬᠡᠰᠡᠭ ᠬᠤᠭᠤᠴᠠᠭᠠᠨ᠎ᠤ ᠲᠤᠷᠰᠢ᠂ ᠢᠯᠠᠩᠭᠤᠶ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠡᠭᠦᠰᠦᠭ᠌ᠰᠡᠨ᠎ᠡᠴᠡ ᠨᠠᠭᠠᠰᠢ᠂ ᠮᠠᠨ᠎ᠤ ᠤᠯᠤᠰ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠵᠠᠷᠢᠮ ᠬᠦᠴᠢᠷᠳᠡᠯ ᠲᠤᠯᠭᠠᠷᠠᠵᠤ᠂ ᠲᠦᠭᠦᠬᠡᠢ ᠮᠠᠲ᠋ᠧᠷᠢᠶᠠᠯ᠎ᠤᠨ ᠦᠨ᠎ᠡ ᠥᠰᠴᠦ᠍᠂ ᠬᠢᠵᠢᠭ᠎ᠦᠨ ᠪᠠᠢᠳᠠᠯ ᠤᠯᠠᠨ ᠴᠡᠭ᠎ᠲᠦ ᠲᠠᠷᠬᠠᠨ ᠳᠡᠯᠭᠡᠷᠡᠵᠦ᠍᠂ ᠳᠠᠷᠤᠭᠠᠰᠤ ᠨᠡᠩ ᠬᠦᠨᠳᠦᠷᠡᠪᠠ᠃ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠵᠤᠷᠭᠠᠨ᠎ᠤ ᠳᠡᠳ᠋ ᠳᠠᠷᠤᠭ᠎ᠠ ᠵᠢᠶᠠᠩ ᠢ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠶᠡᠬᠡ ᠬᠡᠮᠵᠢᠶᠡᠨ᠎ᠦ ᠪᠦᠭᠡᠮ ᠲᠠᠸᠠᠷ᠎ᠤᠨ ᠦᠨ᠎ᠡ ᠬᠠᠩᠰᠢ᠎ᠶ᠋ᠢ ᠬᠢᠨᠠᠨ ᠬᠡᠮᠵᠢᠵᠦ᠍ ᠵᠠᠳᠠᠯᠬᠤ᠎ᠪᠠᠨ ᠦᠷᠭᠦᠯᠵᠢᠯᠡᠨ ᠴᠢᠩᠭᠠᠳᠭᠠᠵᠤ᠂ ᠲᠠᠷᠠᠭᠠᠴᠢ᠎ᠶ᠋ᠢᠨ ᠤᠯᠤᠰ᠎ᠤᠨ ᠨᠥᠭᠡᠴᠡᠯᠡᠨ ᠣᠷᠣᠭᠤᠯᠬᠤ ᠠᠵᠢᠯ᠎ᠢ ᠪᠦᠯᠦᠭ ᠬᠤᠪᠢᠶᠠᠨ ᠬᠢᠬᠦ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠨᠡᠮᠡᠭ᠌ᠳᠡᠭᠦᠯᠬᠦ᠂ ᠪᠡᠯᠡᠨ ᠪᠠᠷᠠᠭ᠎ᠠ ᠵᠢᠨ ᠵᠠᠬ᠎ᠠ ᠳᠡᠯᠭᠡᠭᠦᠷ᠎ᠦᠨ ᠬᠣᠯᠪᠣᠭᠠᠯᠠᠨ ᠬᠥᠳᠡᠯᠦᠯᠴᠡᠵᠦ᠍ ᠬᠢᠨᠠᠨ ᠬᠠᠮᠢᠶᠠᠷᠬᠤ ᠡᠷᠴᠢᠮ᠎ᠢ ᠦᠷᠭᠦᠯᠵᠢᠯᠡᠨ ᠴᠢᠩᠭᠠᠷᠠᠭᠤᠯᠬᠤ᠂ ᠬᠡᠲᠦᠷᠬᠡᠶ ᠵᠠᠪᠱᠢᠨ ᠰᠠᠷᠢᠭᠠᠯᠠᠬᠤ᠎ᠶ᠋ᠢ ᠬᠣᠷᠢᠭ᠍ᠯᠠᠬᠤ᠂ ᠵᠠᠬ᠎ᠠ ᠳᠡᠯᠭᠡᠭᠦᠷ᠎ᠦᠨ ᠬᠡᠪ᠎ᠦᠨ ᠡᠮᠬᠢ ᠵᠢᠷᠤᠮ᠎ᠢ ᠬᠠᠮᠠᠭᠠᠯᠠᠬᠤ ᠵᠡᠷᠭᠡ ᠠᠵᠢᠯ᠎ᠢ ᠰᠠᠢᠲᠤᠷ ᠵᠣᠬᠢᠶᠠᠨ ᠪᠠᠢᠭᠤᠯᠤᠨ᠎ᠠ᠃ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠯᠢ ᠣᠯᠠᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢ ᠳᠠᠭᠠᠯᠳᠤᠨ᠂ ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ ᠠᠯᠬᠤᠮ ᠠᠯᠬᠤᠮ᠎ᠢᠶᠠᠷ ᠢᠯᠡᠷᠡᠵᠦ᠍᠂ ᠡᠴᠦᠰ᠎ᠤᠨ ᠬᠡᠯᠬᠢᠶᠡᠨ᠎ᠤ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠳᠠᠷᠤᠭᠠᠰᠤ ᠴᠤ᠌ ᠠᠯᠬᠤᠮ ᠠᠯᠬᠤᠮ᠎ᠢᠶᠠᠷ ᠬᠥᠩᠭᠡᠷᠡᠬᠦ᠌᠎ᠶ᠋ᠢ ᠢᠲᠡᠭᠡᠵᠦ᠍ ᠪᠠᠢᠨ᠎ᠠ ᠭᠡᠪᠡ᠃

ᠣᠢᠷ᠎ᠠ᠎ᠶ᠋ᠢᠨ ᠬᠤᠭᠤᠴᠠᠭᠠᠨ᠎ᠳᠠᠬᠢ ᠴᠠᠬᠢᠯᠭᠠᠨ ᠬᠦᠴᠦᠨ᠎ᠦ ᠬᠠᠩᠭᠠᠯᠭ᠎ᠠ ᠪᠠᠴᠢᠮ ᠪᠠᠢᠭ᠎ᠠ ᠪᠠᠢᠳᠠᠯ᠎ᠳᠤ ᠴᠢᠭ᠌ᠯᠡᠭᠦᠯᠦᠨ ᠵᠢᠶᠠᠩ ᠢ᠂ ᠣᠷᠣᠨ ᠨᠤᠲᠤᠭ᠎ᠤᠨ ᠬᠢᠨ ᠱᠠᠲᠤ ᠦᠶ᠎ᠡ᠎ᠬᠤᠪᠢᠶᠠᠨ ᠨᠥᠬᠥᠪᠥᠷᠢ ᠥᠭ᠌ᠬᠦ ᠵᠡᠷᠭᠡ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ ᠪᠠᠭ᠎ᠠ ᠵᠢᠵᠢᠭ ᠠᠵᠤ ᠠᠬᠤᠢᠯᠠᠯ ᠪᠠ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠴᠠᠬᠢᠯᠭᠠᠨ ᠬᠡᠷᠡᠭ᠌ᠯᠡᠬᠦ᠌᠎ᠳᠦ ᠬᠠᠷᠠᠭᠠᠯᠵᠠᠯ ᠦᠵᠡᠭᠦᠯᠬᠦ᠌᠎ᠶ᠋ᠢ ᠵᠣᠷᠢᠭ᠍ᠵᠢᠭᠤᠯᠤᠨ᠎ᠠ ;ᠠᠷᠠᠳ᠎ᠤᠨ ᠡᠵᠨᠭᠨᠡᠯᠲᠡ ᠎ᠵᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠬᠦ᠌᠂ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠪᠠᠯᠠ ᠲᠣᠬᠢᠷᠠᠭᠤᠯᠭ᠎ᠠ᠂ ᠦᠶ᠋ᠯᠡᠳᠬᠦ᠌ ᠦᠶ᠋ᠯᠡᠰ᠎ᠦᠨ ᠪᠠᠯᠠ ᠣᠷᠣᠭᠤᠯᠤᠯᠲᠠ ᠵᠡᠷᠭᠡ ᠲᠠᠯ᠎ᠠ᠎ᠪᠠᠷ ᠬᠢ ᠨᠢᠭᠡᠨᠲᠡ ᠨᠡᠢᠲᠡᠯᠡᠭ᠌ᠰᠡᠨ ᠠᠯᠢ ᠣᠯᠠᠨ ᠠᠵᠤ ᠠᠬᠤᠢᠯᠠᠯ᠎ᠤᠨ ᠬᠦᠴᠢᠷᠳᠡᠯ᠎ᠢ ᠱᠢᠶ᠋ᠳᠪᠦᠷᠢᠯᠡᠬᠦ᠌ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠰᠠᠢᠲᠤᠷ ᠨᠠᠢᠳᠠᠪᠤᠷᠢᠵᠢᠭᠤᠯᠤᠨ᠎ᠠ᠃ ᠳᠡᠭᠡᠷᠡᠬᠢ ᠠᠷᠭ᠎ᠠ ᠬᠡᠮᠵᠢᠶ᠎ᠡ᠎ᠨᠦᠭᠦᠳ ᠨᠢ ᠳᠤᠮᠳᠠ ᠪᠠᠭ᠎ᠠ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠥᠪᠡᠷ᠎ᠦᠨ ᠥᠷᠲᠡᠭ᠎ᠲᠦ ᠦᠵᠡᠭᠦᠯᠬᠦ᠌ ᠨᠥᠯᠥᠭᠡ᠎ᠶ᠋ᠢ ᠪᠦᠲᠦᠮᠵᠢᠲᠡᠶ ᠲᠤᠯᠭᠠᠨ ᠬᠠᠷᠢᠴᠠᠭᠤᠯᠬᠤ ᠪᠣᠯᠤᠨ᠎ᠠ ᠭᠡᠵᠦ ᠢᠯᠡᠳᠭᠡᠪᠡ᠃


ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ᠎ᠶ᠋ᠢᠨ ᠭᠦᠨᠴᠡ ᠪᠠ ᠥᠷᠭᠡᠴᠡ᠎ᠶᠡᠬᠡ᠎ᠪᠡᠷ ᠳᠡᠭᠡᠭ᠌ᠰᠢᠯᠡᠪᠡ


《2021 ᠣᠨ᠎ᠤ ᠳᠡᠭᠡᠷ᠎ᠡ ᠬᠠᠭᠠᠰ ᠵᠢᠯ᠎ᠳᠦ᠂ ᠲᠥᠪ᠎ᠦᠨ ᠠᠵᠤ ᠠᠬᠤᠢᠯᠠᠯ ᠥᠮᠴᠢᠯᠡᠯ᠎ᠦᠨ ᠡᠷᠬᠡ᠎ᠶ᠋ᠢᠨ ᠵᠠᠬ᠎ᠠ ᠳᠡᠯᠭᠡᠭᠦᠷ᠂ ᠰᠲ᠋ᠣᠺ᠎ᠤᠨ ᠵᠠᠬ᠎ᠠ ᠳᠡᠯᠭᠡᠭᠦᠷ᠎ᠢᠶᠡᠷ ᠳᠠᠮᠵᠢᠭᠤᠯᠤᠨ 150 ᠭᠠᠷᠤᠶ ᠵᠦᠶ᠋ᠯ᠎ᠦᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ ᠬᠢᠪᠠ᠃ ᠡᠯ᠎ᠡ ᠭᠠᠵᠠᠷ᠎ᠤᠨ ᠬᠢᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ ᠬᠢᠬᠦ᠌᠎ᠪᠡᠷ ᠳᠠᠮᠵᠢᠭᠤᠯᠤᠨ ᠨᠡᠢᠭᠡᠮ᠎ᠦᠨ ᠡᠳ᠋ ᠬᠥᠷᠥᠩᠭᠡ᠎ᠶ᠋ᠢ ᠣᠷᠣᠭᠤᠯᠵᠤ ᠠᠪᠴᠢᠷᠠᠭ᠍ᠰᠠᠨ ᠬᠡᠮᠵᠢᠶ᠎ᠡ ᠨᠢ 900 ᠳ᠋ᠦᠩᠱᠢᠭᠤᠷ ᠲᠥᠭᠥᠷᠢᠭ᠎ᠢ ᠳᠠᠪᠠᠵᠤ᠂ ᠴᠥᠭᠡᠨ ᠪᠤᠰᠤ ᠭᠠᠵᠠᠷ ᠣᠷᠣᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ ᠬᠢᠬᠦ᠌ ᠶᠠᠪᠤᠴᠠ᠎ᠳᠤ ᠪᠠᠢᠯᠳᠤᠬᠤ ᠪᠣᠳᠣᠯᠭ᠎ᠠ᠎ᠶ᠋ᠢᠨ ᠪᠡᠯᠡ ᠣᠷᠣᠭᠤᠯᠤᠭ᠍ᠴᠢ ᠣᠷᠣᠭᠤᠯᠵᠤ ᠠᠪᠴᠢᠷᠠᠬᠤ᠂ ᠰᠲ᠋ᠣᠺ᠎ᠤᠨ ᠡᠷᠬᠡ᠎ᠶ᠋ᠢᠨ ᠪᠦᠲᠦᠴᠡ᠂ ᠵᠠᠰᠠᠯᠲᠠ᠎ᠵᠢᠨ ᠲᠣᠭ᠍ᠲᠠᠴᠠ ᠵᠡᠷᠭᠡ ᠲᠠᠯ᠎ᠠ᠎ᠪᠠᠷ ᠴᠥᠮ ᠠᠮᠢᠳᠤᠯᠢᠭ ᠪᠥᠭᠡᠳ ᠣᠯᠠᠨ ᠶᠠᠩᠵᠤ᠎ᠶ᠋ᠢᠨ ᠣᠨᠴᠠᠯᠢᠭ᠎ᠲᠠᠶ ᠪᠣᠯᠵᠠᠶ》᠃ ᠱᠢᠤᠢ ᠱᠠᠨ ᠴᠠᠩ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠢᠷᠡᠬᠦ᠌᠎ᠶ᠋ᠢ ᠳᠠᠭᠠᠯᠳᠤᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ᠎ᠳᠦ ᠣᠷᠣᠯᠴᠠᠬᠤ ᠭᠦᠨᠴᠡ ᠪᠠ ᠥᠷᠭᠡᠴᠡ ᠴᠥᠮ ᠶᠡᠬᠡ ᠬᠡᠮᠵᠢᠶ᠎ᠡ᠎ᠪᠡᠷ ᠳᠡᠭᠡᠭ᠌ᠰᠢᠯᠡᠵᠦ᠍᠂ ᠶᠡᠷᠦᠩᠬᠡᠶ ᠠᠬᠢᠴᠠ ᠤᠷᠤᠭ᠍ᠰᠢᠲᠠᠶ ᠪᠤᠯᠵᠤ᠂ ᠱᠠᠲᠤᠴᠢ ᠴᠢᠨᠠᠷᠲᠠᠶ ᠳᠤᠪᠤᠢᠮ᠎ᠠ ᠦᠷ᠎ᠡ ᠪᠦᠲᠦᠮᠵᠢ ᠤᠯᠪᠠ ᠭᠡᠪᠡ᠃

ᠲᠡᠷᠡ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠤᠯᠤᠰ᠎ᠤᠨ ᠥᠮᠴᠢᠯᠡᠯᠲᠤ  ᠠᠵᠤ ᠠᠬᠤᠢᠯᠠᠯ᠎ᠤᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ᠎ᠳᠦ ᠣᠷᠣᠯᠴᠠᠭ᠍ᠰᠠᠨ ᠦᠷ᠎ᠡ ᠪᠦᠲᠦᠮᠵᠢ᠎ᠨᠢ 《ᠲᠠᠪᠤ᠎ᠶ᠋ᠢ ᠳᠡᠭᠡᠭ᠌ᠰᠢᠯᠡᠭᠦᠯᠵᠦ᠍ ᠲᠠᠪᠤ᠎ᠶ᠋ᠢ ᠪᠠᠭᠤᠷᠠᠭᠤᠯᠬᠤ》 ᠳᠡᠭᠡᠷ᠎ᠡ ᠲᠥᠪᠯᠡᠷᠡᠩᠭᠦᠶ ᠢᠯᠡᠷᠡᠵᠦ᠍ ᠪᠠᠢᠨ᠎ᠠ᠂ ᠲᠤᠬᠠᠢᠯᠠᠪᠠᠯ᠄ ᠬᠣᠯᠢᠮᠠᠭ ᠥᠮᠴᠢᠯᠡᠯ᠎ᠦᠨ ᠦᠭᠡᠷᠡᠴᠢᠯᠡᠯᠲᠡ᠎ᠵᠢᠨ ᠠᠵᠤ ᠠᠬᠤᠢᠯᠠᠯ᠎ᠤᠨ ᠵᠠᠰᠠᠯᠲᠠ᠎ᠶ᠋ᠢᠨ ᠴᠢᠳᠠᠪᠤᠷᠢ ᠪᠣᠯᠤᠨ ᠠᠮᠢᠵᠢᠷᠠᠯ᠎ᠤᠨ ᠬᠦᠴᠦᠨ᠎ᠪ ᠦᠷ᠎ᠡ ᠠᠱᠢᠭ ᠳᠡᠭᠡᠭ᠌ᠰᠢᠯᠡᠵᠦ᠍᠂ ᠠᠯᠳᠠᠭ᠍ᠳᠠᠯ᠎ᠤᠨ ᠬᠡᠪᠴᠢᠶ᠎ᠡ ᠪᠠᠭᠤᠷᠠᠪᠠ; ᠡᠯ᠎ᠡ ᠲᠥᠷᠥᠯ᠎ᠦᠨ ᠬᠥᠷᠥᠩᠭᠡ᠎ᠶ᠋ᠢᠨ ᠡᠷᠬᠡ ᠠᠱᠢᠭ ᠥᠷᠲᠡᠭ᠎ᠢ ᠪᠠᠲᠤᠯᠠᠨ ᠨᠡᠮᠡᠭ᠌ᠳᠡᠭᠦᠯᠵᠦ᠍᠂ ᠠᠵᠤ ᠠᠬᠤᠢᠯᠠᠯ᠎ᠤᠨ ᠬᠥᠱᠢᠭᠦᠷᠭᠡ᠎ᠶ᠋ᠢᠨ ᠨᠣᠷᠮ᠎ᠠ ᠪᠠᠭᠤᠷᠠᠪᠠ; ᠬᠣᠯᠢᠮᠠᠭ ᠥᠮᠴᠢᠯᠡᠯ᠎ᠦᠨ ᠦᠭᠡᠷᠡᠴᠢᠯᠡᠯᠲᠡ᠎ᠵᠢᠨ ᠠᠵᠤ ᠠᠬᠤᠢᠯᠠᠯ᠎ᠤᠨ ᠬᠥᠳᠡᠯᠮᠦᠷᠢ ᠦᠢᠯᠡᠳᠪᠦᠷᠢᠯᠡᠯ᠎ᠦᠨ ᠨᠣᠷᠮ᠎ᠠ ᠳᠡᠭᠡᠭ᠌ᠰᠢᠯᠡᠵᠦ᠍᠂ ᠭᠣᠣᠯᠯᠠᠭ᠍ᠴᠢ ᠠᠵᠢᠯᠲᠠᠨ ᠠᠵᠢᠯᠴᠢᠨ᠎ᠤ ᠰᠢᠯᠵᠢᠵᠦ ᠶᠠᠪᠤᠬᠤ ᠨᠣᠷᠮ᠎ᠠ ᠪᠠᠭᠤᠷᠠᠪᠠ; ᠬᠣᠯᠢᠮᠠᠭ ᠥᠮᠴᠢᠯᠡᠯ᠎ᠦᠨ ᠠᠵᠤ ᠠᠬᠤᠢᠯᠠᠯ᠎ᠤᠨ ᠭᠤᠤᠯᠯᠠᠬᠤ ᠥᠷᠢᠰᠦᠯᠳᠦᠬᠦ᠌ ᠬᠦᠴᠦᠨ ᠳᠡᠭᠡᠭ᠌ᠰᠢᠯᠡᠵᠦ᠍᠂ ᠠᠵᠢᠯ ᠲᠥᠷᠥᠯ᠎ᠦᠨ ᠳᠣᠲᠣᠭᠠᠳᠤ᠎ᠶ᠋ᠢᠨ ᠳᠠᠭᠠᠭᠤᠯᠤᠭ᠍ᠴᠢ ᠠᠵᠤ ᠠᠬᠤᠢᠯᠠᠯ᠎ᠯᠤᠭ᠎ᠠ᠎ᠶ᠋ᠢᠨ ᠵᠥᠷᠢᠶ᠎ᠡ ᠪᠠᠭᠠᠰᠪᠠ; ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠣᠷᠣᠨ ᠵᠠᠢ ᠳᠡᠭᠡᠭ᠌ᠰᠢᠯᠡᠵᠦ᠍᠂ ᠵᠠᠬ᠎ᠠ ᠳᠡᠯᠭᠡᠭᠦᠷ᠎ᠲᠦ ᠣᠷᠣᠬᠤ ᠵᠥᠪᠱᠢᠶᠡᠷᠡᠯ᠎ᠦᠨ ᠬᠢᠵᠠᠭᠠᠷᠯᠠᠯ ᠪᠠᠭᠤᠷᠠᠪᠠ ᠭᠡᠵᠦ ᠲᠠᠨᠢᠯᠴᠠᠭᠤᠯᠪᠠ᠃

ᠱᠢᠤᠢ ᠱᠠᠨ ᠴᠠᠩ᠂ ᠲᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ ᠨᠡᠢᠭᠡᠮ᠎ᠦᠨ ᠡᠳ᠋ ᠬᠥᠷᠥᠩᠭᠡ᠎ᠶ᠋ᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ᠎ᠳᠦ ᠣᠷᠣᠯᠴᠠᠬᠤ᠎ᠳᠤ ᠨᠠᠩ ᠣᠯᠠᠨ ᠲᠠᠪᠴᠠᠩ ᠪᠠ ᠠᠷᠭ᠎ᠠ ᠵᠠᠮ ᠭᠠᠷᠭᠠᠵᠤ ᠥᠭ᠌ᠭᠦᠨ᠎ᠡ᠃ ᠤᠯᠤᠰ᠎ᠠᠴᠠ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠲᠣᠭᠣᠷᠢᠨ᠎ᠳᠤ᠂ ᠱᠢᠨ᠎ᠡ ᠡᠨᠧᠷᠭᠢ᠂ ᠡᠨᠧᠷᠭᠢ ᠬᠠᠳᠠᠭᠠᠯᠠᠬᠤ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠵᠡᠷᠭᠡ ᠬᠦᠷᠢᠶ᠎ᠡ ᠴᠠᠷᠠᠭ᠎ᠠ᠎ᠳᠤ ᠬᠣᠯᠢᠮᠠᠭ ᠦᠮᠴᠢᠯᠡᠯ᠎ᠤᠨ ᠥᠭᠡᠷᠡᠴᠢᠯᠡᠯᠲᠡ᠎ᠶ᠋ᠢ ᠥᠷᠨᠢᠭᠦᠯᠦᠨ᠎ᠡ᠃ ᠡᠭᠦᠨ᠎ᠦ ᠬᠠᠮᠲᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ᠎ᠢ ᠰᠤᠳᠤᠯᠤᠨ ᠲᠣᠭ᠍ᠲᠠᠭᠠᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠣᠯᠢᠮᠠᠭ ᠥᠮᠴᠢᠯᠡᠯ᠎ᠦᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠦᠨ᠂ ᠨᠠᠩ ᠶᠡᠬᠡ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠥᠮᠴᠢᠯᠡᠯ᠎ᠤᠨ ᠡᠷᠬᠡ ᠣᠯᠠᠨ ᠡᠱᠢᠵᠢᠭ᠌ᠰᠡᠨ᠂ ᠵᠠᠰᠠᠯᠲᠠ ᠤᠳᠤᠬᠢᠴᠢᠯᠠᠭᠰᠠᠨ᠂ ᠤᠷᠮᠠᠱᠢᠭᠤᠯᠤᠨ ᠵᠣᠷᠢᠭ᠍ᠵᠢᠭᠤᠯᠬᠤ᠎ᠨᠢ ᠪᠦᠲᠦᠮᠵᠢᠲᠡᠶ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠨᠠᠩ ᠣᠯᠠᠨ ᠬᠣᠯᠢᠮᠠᠭ ᠥᠮᠴᠢᠯᠡᠯ᠎ᠦᠨ ᠠᠵᠤ ᠠᠬᠤᠢᠯᠠᠯ᠎ᠢ ᠪᠣᠢᠵᠢᠭᠤᠯᠤᠨ᠎ᠠ ᠭᠡᠵᠦ ᠢᠯᠡᠳᠭᠡᠪᠡ᠃

(ᠰᠢᠨᠬᠤᠸᠠ ᠬᠤᠷᠢᠶᠠᠨ᠎ᠤ ᠪᠡᠭᠡᠵᠢᠩ᠎ᠤᠨ 10 ᠰᠠᠷ᠎ᠠ ᠵᠢᠨ 21᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号