ᠳᠣᠲᠣᠨᠣ ᠦᠶ᠋ᠯᠡᠴᠢᠯᠡᠭᠡ ᠪᠡᠷ ᠵᠢᠡᠨ ᠰᠠᠭᠤᠭᠠᠯᠢ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠠ ᠊᠊᠊᠊᠊᠊᠊᠊ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠤᠯᠬᠤ ᠪᠦᠯᠬᠦᠮᠳᠡᠯ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠢ ᠲᠡᠮᠳᠡᠭ᠌ᠯᠡᠪᠡ
2021-10-23 10:36:22
ᠵᠣᠬᠢᠶᠠᠭ᠍ᠴᠢ᠄
ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

ᠠᠵᠢᠯᠯᠠᠭᠠᠨ᠎ᠤ ᠲᠠᠰᠤᠭ᠂ ᠡᠳᠦᠷ ᠲᠤᠲᠤᠮ᠎ᠤᠨ ᠬᠠᠷᠠᠭᠠᠯᠵᠠᠯ᠎ᠤᠨ ᠲᠠᠰᠤᠭ᠂ ᠡᠷᠡᠭᠦᠯᠵᠢᠯ᠎ᠤᠨ ᠪᠣᠯᠪᠠᠰᠤᠷᠠᠯ᠎ᠤᠨ ᠲᠠᠰᠤᠭ ᠂ ᠣᠨᠴᠠᠯᠢᠬᠳᠤ ᠨᠠᠰᠤᠵᠢᠯ᠎ᠤᠨ ᠠᠰᠠᠷᠠᠮᠵᠢ᠎ᠶᠢᠨ ᠦᠶ᠋ᠯᠡᠴᠢᠯᠡᠭᠡ ᠁ ᠲᠦᠷᠦᠭᠦᠬᠡᠨ ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠰᠢ ᠮᠸᠨ ᠵᠡᠭᠡᠯᠢ ᠭᠤᠳᠤᠮᠵᠢ᠎ᠶ᠋ᠢᠨ ᠪᠦᠯᠬᠦᠮᠳᠡᠯ ᠨᠡᠢᠭᠡᠮ ᠲᠣᠭᠣᠷᠢᠭ ᠎ᠤᠨ ᠬᠢᠨ ᠨᠡᠢᠭᠡᠮ ᠲᠣᠭᠣᠷᠢᠭ᠎ᠤᠨ ᠬᠡᠷ᠎ᠲᠡᠭᠡᠨ ᠨᠠᠰᠤᠵᠢᠯ᠎ᠤᠨ ᠠᠰᠠᠷᠠᠮᠵᠢ ᠬᠦᠷᠳᠡᠭᠡᠬᠦ ᠦᠶ᠋ᠯᠡᠴᠢᠯᠡᠭᠡᠨ᠎ᠦ ᠲᠥᠪ᠎ᠢ ᠶᠠᠭᠠᠷᠠᠯᠲᠠᠶ ᠪᠠᠢᠭᠤᠯᠤᠨ᠎ᠠ ᠃ 《ᠦᠶ᠋ᠯᠡᠴᠢᠯᠡᠭᠡᠨ᠎ᠦ ᠲᠥᠪ ᠠᠱᠢᠭ᠍ᠯᠠᠯᠲᠠ᠎ᠳᠤ ᠣᠷᠣᠭᠰᠠᠨ ᠡᠴᠡ ᠨᠠᠭᠠᠰᠢ ᠂ ᠬᠠᠷᠢᠶ᠎ᠠ ᠣᠷᠣᠨ᠎ᠤ ᠨᠠᠰᠤᠲᠠᠢᠴᠤᠳ᠎ᠲᠤ 15 ᠮᠢᠨᠦ᠋ᠲ᠎ᠦᠨ ᠠᠷᠠᠳ᠎ᠲᠤ ᠲᠥᠬᠥᠮ ᠦᠵᠡᠭᠦᠯᠬᠦ᠌ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠪᠦᠯᠦᠭᠵᠢᠯ ᠪᠠᠢᠭᠤᠯᠵᠤ ᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ᠎ᠢ ᠨᠡᠮᠡᠭ᠌ᠳᠡᠭᠦᠯᠦᠨ᠎ᠡ 》 ᠭᠡᠵᠦ ᠪᠦᠯᠬᠦᠮᠳᠡᠯ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠸᠠᠩ ᠲᠢᠶᠠᠨ ᠵᠢᠶᠤᠤ ᠪᠠᠶᠠᠷᠳᠠᠢᠬᠠᠨ ᠶᠠᠷᠢᠨ᠎ᠠ ᠃


QQ图片20211023103507.png


ᠪᠦᠯᠬᠦᠮᠳᠡᠯ ᠨᠡᠢᠭᠡᠮ ᠲᠣᠭᠣᠷᠢᠭ 2002 ᠣᠨ᠎ᠤ 7 ᠰᠠᠷ᠎ᠠ᠎ᠳᠤ ᠪᠠᠢᠭᠤᠯᠤᠭ᠍ᠳᠠᠵᠤ᠂ ᠤᠳᠤ ᠪᠠᠢᠩᠭᠤ ᠰᠠᠭᠤᠭ᠎ᠠ ᠰᠠᠭᠤᠭᠠᠯᠢ ᠠᠷᠠᠳ 5592 ᠡᠷᠤᠭᠡ᠂ 12023 ᠬᠥᠮᠦᠨ ᠠᠮᠠ᠎ᠲᠠᠶ ᠃ ᠪᠦᠯᠬᠦᠮᠳᠡᠯ ᠨᠡᠢᠭᠡᠮ ᠲᠣᠭᠣᠷᠢᠭ᠎ᠤᠨ ᠨᠠᠮ᠎ᠤᠨ ᠡᠭᠦᠷ ᠎ᠤᠨ ᠬᠢᠨ ᠨᠡᠢᠭᠡᠮ ᠲᠣᠭᠣᠷᠢᠭ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ ᠂ ᠨᠠᠮ᠎ᠤᠨ ᠭᠡᠱᠢᠭᠦᠨ᠎ᠦ ᠡᠩᠨᠡᠭᠡ᠎ᠶ᠋ᠢᠨ ᠪᠦᠲᠦᠴᠡ᠎ᠪᠡᠨ ᠢᠳᠡᠪᠬᠢᠳᠠᠢ ᠱᠢᠯᠢᠳᠡᠭ᠌ᠵᠢᠭᠦᠯᠵᠤ ᠂ ᠣᠲᠣ ᠨᠠᠮ᠎ᠤᠨ ᠡᠭᠦᠷ᠎ᠦᠨ ᠭᠡᠱᠢᠭᠦᠨ 5 ᠪᠠᠢᠵᠤ ᠂ ᠨᠡᠢᠭᠡᠮ ᠲᠣᠭᠣᠷᠢᠭ᠎ᠡᠴᠡ ᠱᠢᠭᠤᠳ ᠬᠠᠮᠢᠶᠠᠷᠴᠤ ᠪᠦᠬᠦᠢ ᠵᠢᠩᠬᠢᠨᠢ ᠨᠠᠮ᠎ᠤᠨ ᠭᠡᠱᠢᠭᠦᠨ 48᠂ ᠪᠡᠯᠡᠳᠭᠡᠯ ᠨᠠᠮ᠎ᠤᠨ ᠭᠡᠱᠢᠭᠦᠨ 1 ᠪᠤᠢ ᠃ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠤᠨ ᠬᠢᠨ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ ᠂ ᠨᠠᠮ᠎ᠤᠨ ᠭᠡᠱᠢᠭᠦᠨ᠎ᠦ ᠬᠡᠷᠡᠭ ᠵᠥᠪᠯᠡᠬᠦ᠌ ᠬᠤᠷᠠᠯ ᠵᠡᠷᠭᠡ ᠠᠴᠢᠶᠠᠯᠠᠪᠤᠷᠢ᠎ᠶ᠋ᠢ ᠪᠠᠢᠭᠤᠯᠬᠤ᠎ᠪᠠᠷ ᠳᠠᠮᠵᠢᠨ᠂ ᠨᠠᠮ᠎ᠤᠨ ᠭᠡᠱᠢᠭᠦᠨ᠎ᠦ ᠨᠡᠢᠭᠡᠮ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠢᠳᠡᠪᠬᠢᠵᠢᠯ᠎ᠢ ᠶᠡᠭᠡ ᠪᠡᠷ ᠳᠠᠢᠴᠢᠯᠠᠨ᠂ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠨᠡᠢᠭᠡᠮ ᠲᠣᠭᠣᠷᠢᠭ᠎ᠤᠨ ᠠᠵᠢᠯ᠎ᠳᠠᠬᠢ ᠵᠣᠬᠢᠶᠠᠨ ᠪᠠᠢᠭᠤᠯᠵᠤ ᠵᠣᠬᠢᠴᠠᠭᠤᠯᠬᠤ ᠴᠢᠳᠠᠪᠤᠷᠢ᠎ᠶ᠋ᠢ ᠲᠠᠰᠤᠷᠠᠯᠲᠠ ᠤᠢ᠍ᠭᠡᠢ ᠴᠢᠩᠭᠠᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠯᠳᠤᠬᠤ ᠬᠦᠴᠦᠨ᠎ᠢ ᠨᠠᠡᠭ ᠴᠢᠡᠭᠭᠠᠷᠠᠭᠤᠯᠪᠠ ᠃

ᠬᠣᠶᠠᠷ ᠵᠢᠯ᠎ᠦᠨ ᠡᠮᠦᠨ᠎ᠡ ᠂ ᠨᠡᠢᠭᠡᠮ ᠲᠣᠭᠣᠷᠢᠭ᠎ᠤᠨ ᠠᠵᠢᠯ᠎ᠤᠨ ᠪᠠᠢᠷᠢ᠎ᠳᠤ ᠪᠠᠢᠭ᠎ᠠ ᠨᠠᠮ᠎ᠤᠨ ᠭᠡᠱᠢᠭᠦᠨ ᠰᠥᠩ ᠿᠢ ᠬᠣᠩ ᠪᠣᠯᠤᠨ ᠮᠠᠤ ᠵᠢᠩ ᠳ᠋ᠦᠩ ᠲᠦᠩᠯᠢᠶᠣᠤ ᠬᠣᠲᠠ᠎ᠶ᠋ᠢᠨ ᠰᠡᠳᠭᠢᠴᠡ᠎ᠶ᠋ᠢᠨ ᠯᠠᠪᠯᠠᠭ᠎ᠠ ᠦᠢᠯᠡᠴᠢᠯᠡᠭᠡ᠎ᠶᠢᠨ ᠨᠡᠢᠭᠡᠮᠯᠢᠭ᠎ᠢ ᠵᠣᠬᠢᠶᠠᠨ ᠪᠠᠢᠭᠤᠯᠵᠤ ᠂ ᠬᠠᠷᠢᠶ᠎ᠠ ᠣᠷᠣᠨ᠎ᠤ ᠣᠯᠠᠨ ᠲᠦᠮᠡᠨ᠎ᠳᠦ ᠰᠦᠶ᠋ᠳᠭᠡᠯ ᠬᠤᠷᠢᠶᠠᠬᠤ ᠥᠬᠡᠶ᠎ᠪᠡᠷ ᠰᠡᠳᠭᠢᠴᠡ᠎ᠶ᠋ᠢᠨ ᠯᠠᠪᠯᠠᠭ᠎ᠠ ᠦᠢᠯᠡᠴᠢᠯᠡᠭᠡ ᠬᠠᠩᠭᠠᠭ᠍ᠰᠠᠨ ᠪᠥᠭᠡᠳ ᠭᠠᠷᠠᠭ᠎ᠤᠨ ᠵᠢᠷᠭᠤᠭᠠᠨ᠎ᠤ ᠦᠳᠡ᠎ᠶ᠋ᠢᠨ ᠬᠣᠢᠨ᠎ᠠ ᠪᠦᠷᠢ᠎ᠳᠤ ᠰᠡᠳᠭᠢᠴᠡ᠎ᠶ᠋ᠢᠨ ᠵᠢᠯᠣᠭᠣᠳᠣᠮᠵᠢ᠎ᠶ᠋ᠢᠨ ᠬᠢᠴᠢᠶᠠᠯ ᠤᠷᠤᠵᠤ᠂ ᠬᠠᠪᠰᠤᠷᠤᠨ ᠵᠢᠯᠣᠭᠣᠳᠭᠤ᠎ᠪᠠᠷ ᠳᠡᠮᠵᠢᠨ ᠵᠠᠷᠢᠮ ᠰᠠᠭᠤᠭᠠᠯᠢ ᠠᠷᠠᠳ᠎ᠤᠨ ᠬᠣᠭᠣᠷᠣᠨᠳᠣᠬᠢ ᠵᠥᠷᠢᠴᠡᠯ᠎ᠢ ᠤᠷᠤᠭ᠍ᠰᠢᠲᠠᠶ ᠱᠢᠶ᠋ᠳᠪᠦᠷᠢᠯᠡᠵᠦ᠍ ᠂ ᠨᠡᠢᠭᠡᠮ ᠲᠣᠭᠣᠷᠢᠭ᠎ᠤᠨ ᠲᠤᠰᠠᠯᠠᠮᠵᠢ ᠭᠤᠶᠤᠴᠢᠯᠠᠭ᠍ᠰᠠᠳ ᠲᠦ᠍ ᠲᠡᠮᠵᠢᠯᠭᠡ ᠦᠵᠡᠬᠦᠯᠪᠠ ᠃ ᠡᠨᠡ ᠪᠣᠯ ᠪᠦᠯᠬᠦᠮᠳᠡᠯ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠤᠨ ᠬᠢᠨ᠎ᠤ ᠤᠯᠠᠨ ᠲᠦᠮᠡᠨ᠎ᠤ ᠬᠦᠴᠢᠷᠳᠠᠯ ᠲᠦᠪᠡᠭᠳᠡᠯ᠎ᠢ ᠰᠢᠢᠳᠪᠤᠷᠢᠯᠡᠵᠤ ᠂ ᠦᠨᠡᠨ ᠬᠦ᠌ ᠪᠣᠳᠠᠲᠠᠢ ᠰᠠᠢᠨ ᠶᠠᠪᠤᠳᠠᠯ ᠬᠢᠵᠦ᠍ ᠥᠭᠴᠤ ᠪᠠᠢᠭ᠎ᠠ᠎ᠶᠢᠨ ᠬᠤᠷᠢᠶᠠᠡᠭᠭᠤᠢ ᠲᠤᠰᠬᠠᠯ ᠪᠤᠯᠬᠤ ᠶᠤᠮ᠃

ᠨᠡᠢᠭᠡᠮ ᠲᠣᠭᠣᠷᠢᠭ᠎ᠤᠨ ᠦᠶ᠋ᠯᠡᠴᠢᠯᠡᠭᠡᠨ᠎ᠦ ᠲᠦᠪᠱᠢᠨ ᠵᠢᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ ᠂ ᠲᠣᠰ ᠨᠠᠮ᠎ᠤᠨ ᠡᠭᠦᠷ᠎ᠤᠨ ᠬᠢᠨ ᠲᠦᠩᠯᠢᠶᠣᠤ ᠬᠣᠲᠠ᠎ᠶ᠋ᠢᠨ ᠰᠡᠳᠭᠢᠴᠡ᠎ᠶ᠋ᠢᠨ ᠯᠠᠪᠯᠠᠭ᠎ᠠ ᠦᠢᠯᠡᠴᠢᠯᠡᠭᠡ᠎ᠶᠢᠨ ᠨᠡᠢᠭᠡᠮᠯᠢᠭ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠂ ᠵᠡᠮᠳᠡᠭ᠌ᠴᠦᠳ᠎ᠢ ᠲᠤᠰᠠᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠵᠡᠷᠭᠡ 15 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠪᠠ᠃ ᠲᠠᠳᠠ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶᠠᠨ᠎ᠤ ᠲᠤᠰᠭᠠᠶ ᠮᠡᠷᠭᠡᠵᠢᠯᠲᠡᠨ᠎ᠢ ᠨᠡᠢᠭᠡᠮ ᠲᠣᠭᠣᠷᠢᠭ ᠲᠠᠭᠠᠨ ᠤᠷᠢᠵᠤ ᠠᠯᠪᠠᠨ ᠵᠢᠷᠤᠮ᠎ᠤᠨ ᠡᠮᠴᠢᠯᠡᠭᠡ᠎ᠬᠢᠯᠭᠡᠵᠤ ᠂ ᠲᠠᠷᠠᠴᠢᠯᠠᠨ ᠵᠢᠯ ᠴᠠᠭᠠᠨ ᠰᠠᠷ᠎ᠠ᠎ᠳᠤ ᠠᠮᠢᠳᠤᠷᠠᠯ ᠨᠢ  ᠬᠦᠴᠢᠷᠳᠡᠯᠲᠡᠶ ᠣᠯᠠᠨ ᠲᠦᠮᠡᠨ᠎ᠳᠦ ᠪᠠᠩᠰᠢ ᠪᠠᠷᠢᠵᠤ ᠦᠭᠬᠦ ᠂ ᠬᠢᠵᠢᠭ᠎ᠢ ᠰᠡᠷᠭᠡᠢᠯᠡᠬᠦ᠌ ᠴᠡᠭ᠎ᠦᠨ ᠠᠵᠢᠯᠲᠠᠳ ᠲᠦ᠍ ᠰᠦᠶ᠋ᠳᠭᠡᠯ ᠬᠤᠷᠢᠶᠠᠬᠤ ᠥᠬᠡᠶ᠎ᠪᠡᠷ ᠦᠳᠡ᠎ᠶ᠋ᠢᠨ ᠬᠣᠭᠣᠯᠠ ᠬᠦᠷᠭᠡᠬᠦ ᠵᠡᠷᠭᠡ ᠠᠵᠢᠯᠯᠠᠭ᠎ᠠ ᠦᠷᠨᠢᠭᠦᠯᠵᠡᠢ ᠁ ᠳᠣᠲᠣᠨᠣ ᠦᠶ᠋ᠯᠡᠴᠢᠯᠡᠭᠡ᠎ᠨᠢ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠰᠡᠳᠬᠢᠯ᠎ᠢ ᠳᠤᠯᠠᠭᠠᠴᠠᠭᠤᠯᠤᠭ᠍ᠰᠠᠨ᠎ᠢᠶᠠᠷ ᠪᠠᠷᠠᠬᠤ ᠥᠬᠡᠶ ᠪᠠᠰᠠ ᠣᠯᠠᠨ ᠲᠦᠮᠡᠨ᠎ᠢ ᠳᠠᠢᠴᠢᠯᠠᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠭᠤᠯᠵᠠᠶ ᠃ ᠬᠠᠷᠢᠶ᠎ᠠ ᠣᠷᠣᠨ᠎ᠤ ᠬᠢᠨ᠎ᠤ ᠨᠢᠭᠡᠨ ᠬᠤᠪᠴᠠᠰᠤ ᠤᠬᠢᠶᠠᠬᠤ ᠭᠠᠵᠠᠷ᠎ᠤᠨ ᠲᠠᠭᠠᠭᠠᠮᠠᠯ ᠯᠢ ᠪᠢᠩ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠳᠠᠭᠠᠭᠤᠯᠭ᠎ᠠ ᠳᠤᠤᠷ᠎ᠠ ᠂ ᠠᠷᠠᠳ᠎ᠲᠤ ᠲᠥᠬᠥᠮ ᠦᠵᠡᠭᠦᠯᠬᠦ᠌ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡ᠎ᠳᠦ ᠢᠳᠡᠪᠬᠢᠳᠠᠢ ᠣᠷᠣᠯᠴᠠᠵᠤ ᠂ ᠭᠤᠤᠨᠢ ᠨᠠᠰᠤᠳᠠᠢᠴᠤᠳ ᠲᠦ᠍ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠦᠶ᠋ᠳᠭᠡᠯ ᠬᠤᠷᠢᠶᠠᠬᠤ ᠥᠬᠡᠶ᠎ᠪᠡᠷ ᠬᠤᠪᠴᠠᠰᠤ ᠬᠤᠨᠠᠷ ᠂ ᠬᠥᠪᠥᠩ ᠬᠥᠨᠵᠢᠯᠡ᠎ᠶ᠋ᠢ ᠨᠢ ᠤᠬᠢᠶᠠᠨ ᠦᠭᠴᠤ ᠂ ᠨᠠᠰᠤᠲᠠᠢᠴᠤᠳ᠎ᠤᠨ ᠬᠦᠷᠢᠶᠠᠯᠠᠯ᠎ᠢ ᠬᠦᠷᠳᠡᠨ᠎ᠠ ᠃

ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ᠎ᠶ᠋ᠢᠨ ᠲᠥᠯᠥᠭᠡ ᠂ ᠲᠣᠰ ᠨᠠᠮ᠎ᠤᠨ ᠡᠭᠦᠷ ᠎ᠤᠨ ᠬᠢᠨ ᠰᠠᠭᠤᠭᠠᠯᠢ ᠠᠷᠠᠳ᠎ᠤᠨ ᠲᠠᠷᠬᠠᠯᠲᠠ ᠪᠠ ᠬᠥᠮᠦᠨ ᠠᠮᠠ᠎ᠶ᠋ᠢᠨ ᠪᠦᠲᠦᠴᠡ ᠵᠡᠷᠭᠡ ᠪᠠᠢᠳᠠᠯ᠎ᠢ ᠦᠨᠳᠦᠰᠦᠯᠡᠨ ᠂ ᠨᠡᠢᠭᠡᠮ ᠲᠣᠭᠣᠷᠢᠭ᠎ᠢ 14 ᠲᠤᠤᠷ ᠴᠡᠭ ᠬᠤᠪᠢᠶᠠᠵᠤ ᠂ ᠬᠠᠷᠢᠭᠤᠴᠠᠯᠭᠠᠲᠤ ᠤᠪᠤᠷ ᠲᠠᠢ ᠂ ᠠᠵᠢᠯ᠎ᠳᠠᠭᠠᠨ ᠭᠠᠷᠮᠠᠭᠠᠢ ᠲᠤᠤᠷᠵᠢᠭᠤᠯᠤᠯᠳᠠ᠎ᠶᠢᠨ ᠠᠵᠢᠯᠲᠠᠨ᠎ᠢ ᠰᠣᠩᠭᠣᠨ ᠲᠣᠬᠢᠷᠠᠭᠤᠯᠵᠤ᠂ ᠰᠦᠯᠵᠢᠶ᠎ᠡ ᠲᠠᠪᠴᠠᠩ᠎ᠢᠶᠠᠷ ᠳᠠᠮᠵᠢᠭᠤᠯᠤᠨ᠂ ᠰᠠᠭᠤᠭᠠᠯᠢ ᠠᠷᠠᠳ᠎ᠤᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠭᠥᠯᠢᠶᠡᠨ ᠠᠪᠴᠤ᠌ ᠂ ᠨᠡᠢᠭᠡᠮ ᠲᠣᠭᠣᠷᠢᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠠᠰᠠᠭᠤᠳᠠᠯ᠎ᠢ ᠬᠠᠷᠢᠭᠤ ᠲᠤᠰᠭᠠᠬᠤ᠎ᠶ᠋ᠢᠨ ᠬᠠᠮᠲᠤ ᠬᠣᠯᠪᠣᠭ᠍ᠳᠠᠯ ᠪᠥᠬᠥᠶ ᠬᠥᠮᠦᠨ᠎ᠢ ᠳᠣᠭᠢᠷᠠᠭᠤᠯᠤᠨ ᠱᠢᠶ᠋ᠳᠪᠦᠷᠢᠯᠡᠭᠦᠯᠪᠡ ᠃ ᠪᠤᠳᠠᠳᠤ ᠴᠤᠭᠴᠠ ᠵᠢᠨ ᠲᠤᠤᠷᠵᠢᠭᠤᠯᠤᠯᠳᠠ᠎ᠶᠢᠨ ᠠᠵᠢᠯᠲᠠᠨ ᠨᠢᠭᠡ ᠪᠦᠷᠢ 300 ᠭᠠᠷᠤᠢ ᠡᠷᠦᠬᠡ ᠎ᠶᠢᠨ ᠰᠠᠭᠤᠭᠠᠯᠢ ᠠᠷᠠᠳ᠎ᠢ ᠬᠠᠷᠢᠭᠤᠴᠠᠵᠤ᠂ ᠨᠠᠮ᠎ᠤᠨ ᠭᠡᠱᠢᠭᠦᠨ᠎ᠲᠤᠤᠷᠵᠢᠭᠤᠯᠤᠯᠳᠠ᠎ᠶᠢᠨ ᠬᠠᠷᠢᠭᠤᠴᠠᠯᠭᠠᠲᠠᠨ ᠊᠊᠊᠊᠊᠊᠊᠊ ᠬᠠᠪᠰᠤᠷᠤᠨ ᠬᠠᠮᠢᠶᠠᠷᠤᠭ᠍ᠴᠢ  ᠊᠊᠊᠊᠊᠊᠊᠊ ᠬᠢᠨᠠᠯᠲᠠ ᠲᠠᠯᠪᠢᠭ᠍ᠴᠢ᠎ᠪᠠᠷ ᠭᠣᠣᠯ ᠪᠣᠯᠭᠠᠭ᠍ᠰᠠᠨ ᠲᠤᠤᠷᠵᠢᠭᠤᠯᠤᠯᠳᠠ᠎ᠶᠢᠨ ᠨᠠᠮ᠎ᠤᠨ ᠭᠡᠱᠢᠭᠦᠨ᠎ᠦ ᠬᠠᠮᠢᠶᠠᠷᠤᠯᠲᠠ ᠦᠢᠯᠡᠴᠢᠯᠡᠭᠡᠨ᠎ᠦ ᠡᠩᠨᠡᠭᠡ᠎ᠶ᠋ᠢ ᠪᠠᠢᠭᠤᠯᠵᠤ᠂ ᠬᠠᠮᠢᠶᠠᠷᠤᠯᠲᠠ᠎ᠶ᠋ᠢᠨ ᠠᠵᠢᠯ᠎ᠢ ᠨᠠᠷᠢᠯᠢᠬ᠍ᠵᠢᠭᠤᠯᠤᠨ ᠂ ᠰᠦᠯᠵᠢᠶ᠎ᠡ ᠪᠠ ᠪᠤᠳᠠᠳᠤ ᠴᠤᠭᠴᠠ᠎ᠶ᠋ᠢ ᠤᠶᠠᠯᠳᠤᠭᠤᠯᠤᠭ᠍ᠰᠠᠨ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠪᠦᠷᠢᠯᠳᠤᠬᠦᠯᠵᠤ᠂ ᠡᠷᠦᠭᠡ᠎ᠪᠤᠯᠭᠠᠨ᠎ᠳᠤ ᠬᠦᠷᠬᠦ ᠂ ᠪᠤᠳᠤᠯ ᠰᠠᠨᠠᠯ  ᠵᠢᠡᠨ ᠲᠤᠰᠭᠠᠬᠤ ᠠᠷᠭ᠎ᠠ ᠵᠠᠮ᠎ᠢ ᠰᠠᠭᠠᠳ ᠦᠭᠡᠢ ᠨᠡᠪᠳᠡᠷᠡᠬᠦᠯᠬᠦ᠂ ᠦᠢᠯᠡᠴᠢᠯᠡᠭᠡ ᠬᠠᠮᠢᠶᠠᠷᠤᠯᠲᠠ᠎ᠶ᠋ᠢ ᠨᠡᠢᠳᠡᠮ ᠪᠦᠷᠬᠦᠬᠦᠯᠬᠦ᠌᠎ᠶ᠋ᠢ ᠪᠡᠶᠡᠯᠡᠭᠦᠯᠵᠦ᠍᠂ ᠬᠠᠮᠢᠶᠠᠷᠤᠯᠲᠠ᠎ᠶ᠋ᠢᠨ ᠪᠦᠲᠦᠮᠵᠢᠲᠦ ᠴᠢᠨᠠᠷ ᠪᠠ ᠦᠢᠯᠡᠴᠢᠯᠡᠭᠡᠨ᠎ᠦ ᠬᠠᠨᠳᠤᠯᠭᠠᠲᠤ ᠴᠢᠨᠠᠷ᠎ᠢ ᠶᠡᠬᠡ᠎ᠪᠡᠷ ᠳᠡᠭᠡᠭ᠌ᠰᠢᠯᠡᠭᠦᠯᠪᠡ ᠃

ᠪᠦᠯᠬᠦᠮᠳᠡᠯ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠤᠨ ᠬᠢᠨ᠎ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠶ᠋ᠯᠡᠳᠦᠯ᠎ᠢ ᠪᠠᠳᠠᠷᠠᠭᠤᠯᠵᠤ ᠂ ᠨᠡᠢᠭᠡᠮ ᠲᠣᠭᠣᠷᠢᠭ᠎ᠤᠨ ᠡᠬᠢ ᠪᠠᠶᠠᠯᠢᠭ᠎ᠢ ᠢᠳᠡᠪᠬᠢᠲᠡᠶ ᠨᠡᠢᠳᠭᠡᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠨᠡᠢᠭᠡᠮ ᠲᠣᠭᠣᠷᠢᠭ᠎ᠤᠨ ᠦᠶ᠋ᠯᠡᠴᠢᠯᠡᠭᠡ᠎ᠪᠠᠨ ᠰᠢᠯᠢᠳᠡᠭᠵᠢᠬᠦᠯᠤᠨ ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠡᠷᠭᠡ ᠢᠷᠠᠭᠤ ᠠᠯᠳᠠᠷ᠎ᠢ  ᠬᠦᠷᠳᠡᠭᠰᠡᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号