ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠠᠶᠠᠨᠨᠠᠭᠤᠷ ᠬᠤᠳᠠ ᠳ᠋ᠤ ᠤᠬᠠᠨᠭᠤᠯᠤᠨ ᠲᠠᠢᠯᠪᠤᠷᠢᠯᠠᠪᠠ
2021-10-23 10:24:46
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 21 ᠪ ᠡᠳᠦᠷ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠮᠡᠳᠡᠭᠦᠯᠦᠯᠲᠡ᠎ᠶ᠋ᠢᠨ ᠬᠤᠷᠠᠯ ᠪᠠᠶᠠᠨᠨᠠᠭᠤᠷ ᠬᠤᠲᠠ᠎ᠳᠤ ᠶᠠᠪᠤᠭ᠍ᠳᠠᠪᠠ᠃ 

ᠲᠤᠰ ᠡᠳᠦᠷ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ  ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠦ ᠣᠨᠣᠯ᠎ᠤᠨ ᠵᠢᠭᠠᠨ ᠰᠤᠳᠤᠯᠬᠤ ᠬᠡᠯᠲᠡᠰ᠎ᠦᠨ ᠳᠡᠳ᠋ ᠫᠷᠤᠹᠧᠰᠰᠤᠷ ᠨᠢ ᠫᠢᠩ ᠪᠠᠶᠠᠨᠨᠠᠭᠤᠷ ᠬᠣᠲᠠ᠎ᠶ᠋ᠢᠨ ᠨᠠᠮ ᠵᠠᠰᠠᠭ᠎ᠤᠨ ᠲᠣᠮᠣ ᠠᠰᠠᠷ᠎ᠲᠤ ᠬᠦᠷᠴᠦ᠍᠂ 《ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠶ᠎ᠠ》 ᠭᠡᠬᠦ᠌ ᠰᠡᠳᠦᠪ᠎ᠢᠶᠡᠷ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠴᠠᠭ ᠦᠶ᠎ᠡ᠎ᠶ᠋ᠢᠨ ᠠᠬᠤᠶ ᠪᠠᠢᠳᠠᠯ ᠵᠢᠴᠢ ᠴᠢᠬᠤᠯᠠ ᠶᠡᠬᠡ ᠠᠴᠢ ᠬᠣᠯᠪᠣᠭ᠍ᠳᠠᠯ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢ ᠨᠠᠮ᠎ᠤᠨ ᠦᠨᠳᠦᠰᠦᠲᠡᠨ᠎ᠦ ᠠᠵᠢᠯ᠎ᠤᠨ ᠭᠤᠤᠯ ᠱᠢᠵᠢᠮ ᠪᠣᠯᠭᠠᠬᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠥᠷᠪᠡᠨ ᠲᠠᠯ᠎ᠠ᠎ᠪᠠᠷ ᠪᠠᠶᠠᠨᠨᠠᠭᠤᠷ ᠬᠣᠲᠠ᠎ᠶ᠋ᠢᠨ ᠨᠠᠮ ᠵᠠᠰᠠᠭ᠎ᠤᠨ ᠪᠠᠢᠭᠤᠯᠭ᠎ᠠ᠎ᠶ᠋ᠢᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠲᠤ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠠᠢᠯᠪᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠠᠴᠢ ᠬᠣᠯᠪᠣᠭ᠍ᠳᠠᠯ᠂ ᠭᠦᠨᠵᠡᠭᠡᠶ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠠᠷᠭ᠎ᠠ ᠵᠠᠮ᠎ᠢ ᠱᠢᠰᠲ᠋ᠧᠮ᠎ᠲᠡᠶ   ᠤᠬᠠᠭᠤᠯᠤᠨ ᠲᠠᠢᠯᠪᠤᠷᠢᠯᠠᠪᠠ᠃

ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠂ ᠤᠬᠠᠭᠤᠯᠤᠨ ᠲᠠᠢᠯᠪᠤᠷᠢᠯᠠᠯᠳᠠ ᠵᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠤᠤᠯᠳᠠᠯᠭ᠎ᠠ ᠨᠢ ᠲᠣᠪᠣᠢᠮ᠎ᠠ᠂ ᠲᠤᠭᠠᠴᠢᠯᠲᠠ ᠨᠢ ᠣᠨᠣᠪᠴᠢᠲᠠᠶ ᠪᠠᠢᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠴᠢᠨᠠᠬᠰᠢᠳᠠ ᠰᠤᠷᠤᠯᠴᠠᠨ ᠣᠢᠯᠠᠭᠠᠬᠤ᠎ᠳᠤ ᠮᠠᠰᠢ ᠰᠠᠢᠨ ᠵᠢᠯᠣᠭᠣᠳᠤᠨ ᠰᠡᠩᠬᠡᠷᠡᠭᠦᠯᠬᠦ᠌ ᠦᠶ᠋ᠯᠡᠳᠦᠯ᠎ᠲᠡᠶ ᠶᠤᠮ ᠭᠡᠵᠦ᠍ ᠢᠯᠡᠷᠭᠡᠢ᠌ᠯᠡᠵᠡᠭᠡᠪᠡ᠃

ᠨᠢ ᠫᠢᠩ᠄《ᠪᠢᠳᠡ〈ᠬᠣᠶᠠᠷ ᠶᠡᠷᠦᠩᠬᠡᠢ ᠪᠠᠢᠳᠠᠯ〉ᠢ᠋ ᠰᠡᠳᠭᠢᠯ᠎ᠳᠡᠭᠡᠨ ᠲᠤᠭ᠍ᠲᠠᠭᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠠᠶᠠᠨ ᠡᠴᠡ ᠣᠳᠣᠬᠢ ᠱᠠᠲᠤᠨ᠎ᠤ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ ᠪᠠ ᠴᠢᠬᠤᠯᠠ ᠡᠭᠦᠷᠭᠡ᠎ᠶ᠋ᠢ ᠡᠵᠡᠮᠳᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠳᠦᠨ᠂ ᠤᠨᠤᠪᠴᠢᠲᠠᠢ᠂ ᠪᠦᠬᠦ᠌ ᠲᠠᠯ᠎ᠠ᠎ᠪᠠᠷ ᠡᠵᠡᠮᠰᠢᠨ ᠲᠤᠭᠤᠱᠢᠯᠠᠭᠤᠯᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠵᠥᠪ ᠦᠵᠡᠯᠲᠡ᠎ᠶ᠋ᠢ ᠪᠠᠲᠤ ᠪᠡᠬᠢ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠪᠠ〈ᠬᠥᠲᠥᠯᠪᠦᠷᠢ〉 ᠪᠣᠯᠭᠠᠵᠤ᠂ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠢ ᠴᠢᠩᠭᠠᠳᠭᠠᠬᠤ᠎ᠶ᠋ᠢᠨ ᠲᠥᠯᠥᠭᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠠᠤᠭ᠎ᠠ ᠶᠡᠬᠡ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ》ᠬᠡᠵᠦ᠍ ᠬᠡᠯᠡᠪᠡ᠃

ᠪᠠᠶᠠᠨᠨᠠᠭᠤᠷ ᠬᠤᠳᠠ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠣᠭᠣᠷᠢᠨ ᠵᠢᠯᠣᠭᠣᠳᠭᠤ ᠳᠤᠭᠤᠢᠯᠠᠩ᠎ᠤᠨ ᠳᠠᠷᠤᠭ᠎ᠠ᠂  ᠪᠣᠷᠣᠲᠣᠬᠣᠢ ᠳᠡᠭᠡᠳᠦ ᠰᠤᠷᠭᠠᠭᠤᠯᠢ᠎ᠶ᠋ᠢᠨ ᠤᠤᠯ᠎ᠤᠨ ᠨᠠᠮ᠎ᠤᠨ ᠬᠣᠷᠢᠶᠠᠨ᠎ᠤ ᠭᠡᠱᠢᠭᠦᠨ᠂ ᠵᠠᠬᠢᠷᠤᠯ᠎ᠤᠨ ᠲᠤᠰᠠᠯᠠᠭ᠍ᠴᠢ᠂ ᠤᠬᠠᠭᠤᠯᠬᠤ ᠬᠡᠯᠲᠡᠰ᠎ᠦᠨ ᠳᠠᠷᠤᠭ᠎ᠠ ᠰᠦᠩ ᠴᠢ ᠴᠤᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠬᠰᠠᠨ᠎ᠤ ᠲᠠᠷᠠᠭ᠎ᠠ ᠄ 《ᠨᠢ ᠫᠢᠩ ᠫᠷᠤᠹᠧᠰᠰᠤᠷ᠎ᠤᠨ ᠤᠬᠠᠭᠤᠯᠤᠨ ᠲᠠᠢᠯᠪᠤᠷᠢᠯᠠᠯᠳᠠ ᠨᠢ ᠲᠦᠬᠦᠮ ᠣᠢᠯᠠᠭᠠᠮᠵᠢᠲᠠᠢ᠂ ᠠᠭᠤᠯᠭ᠎ᠠ ᠨᠢ ᠭᠦᠨᠴᠡ ᠲᠠᠢ ᠮᠦᠷᠲᠡᠭᠡᠨ ᠪᠤᠷᠤᠬᠵᠢᠭᠤᠨ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠣᠨᠣᠪᠴᠢᠲᠠᠢ ᠡᠵᠡᠮᠰᠢᠭᠰᠡᠨ ᠪᠦᠭᠡᠳ ᠦᠨᠳᠦᠰᠦᠨ ᠱᠠᠲᠤᠨ᠎ᠤ ᠪᠣᠳᠠᠲᠤ ᠪᠠᠢᠳᠠᠯ᠎ᠤᠨ ᠲᠤᠬᠠᠢ ᠣᠢᠯᠠᠭᠠᠯᠲᠠ᠎ᠲᠠᠶ᠂ ᠡᠨᠡ ᠬᠣᠶᠠᠷ᠎ᠤᠨ ᠬᠣᠭᠣᠷᠣᠨᠳᠣᠬᠢ ᠤᠶᠠᠯᠳᠤᠯ᠎ᠢ ᠮᠠᠰᠢ ᠰᠠᠢᠨ ᠠᠳᠭᠤᠪᠠ᠃ ᠡᠨᠡ ᠤᠳᠠᠭ᠎ᠠ᠎ᠶ᠋ᠢᠨ ᠰᠤᠷᠤᠯᠴᠠᠯᠭ᠎ᠠ᠎ᠪᠠᠷ ᠲᠠᠮᠵᠢᠨ᠂ ᠪᠢᠲᠡ ᠪᠣᠳᠠᠲᠤ ᠠᠵᠢᠯ᠎ᠤᠨ ᠳᠤᠮᠳᠠ᠎ᠪᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ ᠭᠣᠣᠯ ᠱᠢᠵᠢᠮ᠎ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠲᠤᠮᠳᠠ ᠲᠤᠭᠤᠱᠢᠯᠠᠭᠤᠯᠵᠤ᠂ ᠡᠨᠡ ᠬᠣᠶᠠᠷ᠎ᠢ ᠤᠶᠠᠯᠳᠤᠭᠤᠯᠵᠤ᠂ ᠠᠷᠠᠳ ᠤᠯᠠᠨ᠎ᠳᠤ ᠪᠣᠳᠠᠲᠤ ᠶᠠᠪᠤᠳᠠᠯ ᠬᠢᠵᠦ᠍ ᠥᠭ᠌ᠬᠦ ᠶᠠᠪᠤᠴᠠ᠎ᠪᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ ᠪᠣᠯᠤᠨ ᠠᠷᠠᠳ ᠤᠯᠠᠨ᠎ᠤ ᠲᠤᠰ ᠪᠡᠶ᠎ᠡ᠎ᠶ᠋ᠢᠨ ᠪᠠᠢᠷᠢ ᠲᠣᠭ᠍ᠲᠠᠭᠠᠯᠲᠠ ᠪᠠ ᠤᠬᠠᠮᠰᠠᠷ᠎ᠢ ᠴᠢᠩᠭᠠᠳᠭᠠᠪᠠᠯ ᠵᠤᠬᠢᠨ᠎ᠠ ᠭᠡᠳᠡᠭ᠎ᠢ ᠤᠬᠠᠪᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠪᠢᠳᠡᠨ᠎ᠦ ᠡᠷᠬᠡᠪᠰᠢ ᠡᠷᠡᠰ ᠭᠤᠢᠪᠢᠰᠢ ᠦᠭᠡᠢ᠎ᠪᠡᠷ ᠵᠠᠮᠨᠠᠬᠤ ᠵᠠᠮ ᠮᠥᠨ》 ᠬᠡᠵᠦ᠍ ᠭᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号