ᠪᠥᠬᠦ᠌ ᠤᠯᠤᠰ᠎ᠤᠨ ᠠᠩᠬᠠᠳᠤᠭᠠᠷ ᠬᠤᠭᠤᠴᠠᠭᠠᠨ᠎ᠤ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠶᠡᠭᠡ ᠬᠤᠷᠠᠯ ᠤᠯᠠᠭᠠᠨᠬᠠᠳᠠ᠎ᠳᠤ ᠬᠤᠷᠠᠯᠳᠤᠪᠠ
2021-10-24 09:11:14
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠪᠦᠬᠦ᠌ ᠤᠯᠤᠰ᠎ᠤᠨ ᠠᠩᠬᠠᠳᠤᠭᠠᠷ ᠬᠤᠭᠤᠴᠠᠭᠠᠨ᠎ᠤ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠶᠡᠭᠡ ᠬᠤᠷᠠᠯ᠎ᠤᠨ ᠡᠬᠢᠯᠡᠯᠲᠡ᠎ᠶ᠋ᠢᠨ ᠶᠣᠰᠣᠯᠠᠯ  ᠤᠢᠷ᠎ᠠ ᠎ᠳᠤ ᠬᠠᠷᠠᠴᠢᠨ ᠬᠤᠱᠢᠭᠤᠨ᠎ᠤ ᠨᠢᠦ ᠵᠢᠶᠠ ᠶᠢᠩᠽᠢ ᠪᠠᠯᠭᠠᠰᠤᠨ᠎ᠳᠤ ᠶᠠᠪᠤᠭ᠍ᠳᠠᠪᠠ᠃

ᠳᠤᠮᠳᠠᠳᠤ ᠤᠯᠤᠰ᠎ᠤᠨ ᠬᠢᠲᠠᠳ ᠡᠮ᠎ᠤᠨ ᠨᠡᠢᠭᠡᠮᠯᠢᠭ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠪᠥᠬᠦ᠌ ᠤᠯᠤᠰ᠎ᠤᠨ ᠡᠯ᠎ᠡ ᠭᠠᠵᠠᠷ᠎ᠤᠨ ᠲᠤᠰᠭᠠᠶ ᠮᠡᠷᠭᠡᠵᠢᠯᠲᠡᠨ᠂ ᠡᠷᠳᠡᠮᠲᠡᠨ᠂ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠢ ᠡᠵᠡᠩᠨᠡᠵᠥ᠍ ᠪᠠᠢᠭ᠎ᠠ ᠠᠵᠤ ᠠᠬᠤᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠵᠢᠴᠢ ᠲᠠᠷᠢᠮᠠᠯ᠎ᠤᠨ ᠡᠷᠦᠬᠡ᠎ᠶ᠋ᠢᠨ ᠲᠥᠯᠥᠭᠡᠯᠡᠭ᠌ᠴᠢ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠳᠤᠭᠤᠢᠯᠠᠩ ᠬᠤᠪᠢᠶᠠᠨ ᠬᠠᠷᠠᠴᠢᠨ ᠬᠤᠱᠢᠭᠤᠨ᠎ᠤ ᠨᠢᠦ ᠵᠢᠶᠠ ᠶᠢᠩᠽᠢ᠎ᠶ᠋ᠢᠨ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠦᠵᠡᠭᠦᠯᠭᠡ᠎ᠶ᠋ᠢᠨ ᠣᠷᠳᠣᠨ᠂ ᠤᠯᠠᠭᠠᠨᠬᠠᠳᠠ᠎ᠶ᠋ᠢᠨ ᠷᠦᠩ ᠱᠢᠩ ᠲᠠᠩ ᠡᠮ᠎ᠤᠨ ᠦᠢᠯᠡᠰ ᠎ᠤᠨ ᠬᠢᠵᠠᠭᠠᠷᠲᠤ ᠺᠣᠮᠫᠠᠨᠢ ᠪᠠ ᠬᠠᠷᠠᠴᠢᠨ ᠬᠤᠱᠢᠭᠤᠨ᠎ᠤ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠲᠠᠷᠢᠮᠠᠯ᠎ᠤᠨ ᠰᠠᠭᠤᠷᠢᠨ᠎ᠢ ᠲᠣᠭᠤᠷᠢᠨ ᠦᠵᠡᠪᠡ ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ ᠂ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠬᠥᠭ᠌ᠵᠢᠯᠲᠡ᠎ᠳᠤ ᠲᠣᠪᠤᠢᠮ᠎ᠠ ᠬᠤᠪᠢ ᠨᠡᠮᠡᠷᠢ ᠦᠵᠡᠭᠦᠯᠦᠭ᠌ᠰᠡᠨ ᠬᠥᠮᠦᠰ᠎ᠢ  ᠬᠥᠬᠢᠭᠦᠯᠦᠨ ᠱᠠᠩᠨᠠᠵᠠᠢ ᠃

ᠬᠠᠷᠠᠴᠢᠨ ᠬᠤᠱᠢᠭᠤ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠢ ᠬᠦᠭ᠌ᠵᠢᠬᠦᠯᠦᠭᠡᠳ ᠨᠢᠭᠡᠨᠲᠡ 300 ᠭᠠᠷᠤᠶ ᠵᠢᠯ ᠪᠤᠯᠵᠥ᠍ ᠪᠠᠢᠬᠤ ᠪᠦᠬᠡᠳ ᠮᠠᠨ᠎ᠤ ᠤᠯᠤᠰ᠎ᠤᠨ ᠤᠮᠠᠷᠠᠲᠤ ᠣᠷᠣᠨ᠎ᠤ ᠵᠢᠩᠬᠢᠨᠢ ᠪᠠᠢᠭᠠᠯᠢᠯᠢᠭ  ᠬᠢᠲᠠᠳ ᠡᠮ᠎ᠤᠨ ᠮᠠᠲ᠋ᠧᠷᠢᠶᠠᠯ᠎ᠤᠨ ᠭᠤᠤᠯ ᠭᠠᠷᠤᠯᠲᠠ᠎ᠶ᠋ᠢᠨ ᠣᠷᠣᠨ ᠪᠠ ᠪᠥᠬᠦ᠌ ᠤᠯᠤᠰ᠎ᠤᠨ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠲᠥᠪᠯᠡᠷᠡᠭᠦᠯᠦᠨ ᠲᠠᠷᠬᠠᠭᠠᠬᠤ ᠴᠢᠬᠤᠯᠠ ᠭᠠᠵᠠᠷ ᠂ ᠪᠥᠬᠦ᠌ ᠤᠯᠤᠰ᠎ᠤᠨ 《ᠪᠣᠬᠢᠷᠲᠤᠯ ᠥᠬᠡᠶ ᠬᠢᠲᠠᠳ ᠡᠮ ᠎ᠤᠨ ᠮᠠᠲ᠋ᠧᠷᠢᠶᠠᠯ᠎ᠤᠨ ᠵᠢᠷᠤᠮᠵᠢᠭᠤᠯᠤᠭ᠍ᠰᠠᠨ ᠲᠠᠷᠢᠮᠠᠯ᠎ᠤᠨ ᠲᠠᠪᠤᠨ ᠶᠡᠭᠡ ᠰᠠᠭᠤᠷᠢᠨ》 ᠂ 《ᠳᠤᠮᠳᠠᠳᠤ ᠤᠯᠤᠰ᠎ᠤᠨ ᠰᠤᠨᠠᠷ᠎ᠠ᠂ ᠬᠤᠷᠳᠤᠨ ᠴᠠᠭᠠᠨ᠎ᠤ ᠨᠤᠲᠤᠭ》 ᠴᠤᠯᠠ᠎ᠲᠠᠢ ᠂ 《ᠵᠢᠩᠬᠢᠨᠢ ᠪᠠᠢᠭᠠᠯᠢᠯᠢᠭ᠂ ᠴᠢᠨᠠᠷ ᠰᠠᠢᠲᠠᠶ ᠡᠮ᠎ᠤᠨ ᠮᠠᠲ᠋ᠧᠷᠢᠶᠠᠯ᠎ᠤᠨ ᠲᠠᠷᠢᠮᠠᠯ᠎ᠤᠨ ᠰᠠᠭᠤᠷᠢᠨ》 ᠬᠡᠮᠡᠬᠦ᠌ ᠦᠨᠡᠮᠯᠡᠯ ᠬᠦᠷᠲᠡᠵᠡᠢ ᠃ ᠰᠤᠨᠠᠷ᠎ᠠ ᠂ ᠬᠤᠷᠳᠤᠨ ᠴᠠᠭᠠᠨ᠎ᠤ ᠭᠠᠷᠤᠯᠲᠠ ᠲᠤᠰ ᠲᠤᠰ ᠪᠦᠬᠦ᠌ ᠤᠯᠤᠰ᠎ᠤᠨ ᠶᠡᠷᠦᠩᠬᠡᠶ ᠭᠠᠷᠤᠯᠲᠠ᠎ᠶ᠋ᠢᠨ 80% ᠪᠠ 60% ᠎ᠶ᠋ᠢ ᠡᠵᠡᠯᠡᠵᠦ᠍᠂ ᠵᠢᠯ᠎ᠤᠨ ᠠᠷᠠᠯᠵᠢᠶᠠᠨ᠎ᠤ ᠬᠡᠮᠵᠢᠶ᠎ᠡ 10 ᠳ᠋ᠦᠩᠱᠢᠭᠤᠷ ᠲᠥᠭᠦᠷᠢᠭ᠎ᠢ ᠳᠠᠪᠠᠵᠤ ᠪᠠᠢᠨ᠎ᠠ᠃

ᠬᠠᠷᠠᠴᠢᠨ ᠬᠤᠱᠢᠭᠤ ᠪᠣᠯ ᠮᠥᠨ ᠴᠦ᠍ ᠪᠦᠬᠦ᠌ ᠤᠯᠤᠰ᠎ᠤᠨ ᠬᠤᠨᠴᠢᠷ᠎ᠤᠨ ᠴᠢᠬᠢ ᠲᠡᠷᠢᠵᠥ᠍ ᠡᠵᠡᠩᠨᠡᠬᠦ᠌ ᠬᠠᠮᠤᠭ ᠎ᠤᠨ ᠲᠣᠮᠣ ᠰᠠᠭᠤᠷᠢᠨ ᠪᠠᠢᠵᠤ ᠂ ᠪᠦᠬᠦ᠌ ᠤᠯᠤᠰ᠎ᠤᠨ 90% ᠎ᠶ᠋ᠢᠨ ᠬᠤᠨᠴᠢᠷ᠎ᠤᠨ ᠴᠢᠬᠢ᠎ᠶ᠋ᠢ ᠬᠠᠩᠭᠠᠵᠤ ᠂ ᠱᠦᠭᠦᠷᠭᠡᠨ᠎ᠡ᠎ᠶ᠋ᠢᠨ ᠤᠨᠠᠯᠲᠠ ᠪᠦᠬᠦ᠌ ᠤᠯᠤᠰ᠎ᠤᠨ ᠶᠡᠷᠦᠩᠬᠡᠶ ᠤᠨᠠᠯᠲᠠ᠎ᠶ᠋ᠢᠨ 50% ᠎ᠶ᠋ᠢ  ᠡᠵᠡᠯᠡᠵᠤ ᠪᠠᠢᠨ᠎ᠡ᠃

ᠣᠢᠷ᠎ᠠ᠎ᠶ᠋ᠢᠨ ᠵᠢᠯ ᠎ᠳᠤ᠂ ᠲᠤᠰ ᠬᠤᠱᠢᠭᠤ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠪᠠᠷ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠬᠥᠳᠡᠯᠭᠡᠬᠦ᠌ ᠬᠦᠴᠦᠨ ᠪᠣᠯᠭᠠᠬᠤ᠎ᠶ᠋ᠢ ᠪᠠᠷᠢᠮᠲᠠᠯᠠᠵᠤ ᠂ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢ ᠶᠡᠭᠡ᠎ᠪᠠᠷ ᠠᠬᠢᠭᠤᠯᠪᠠ ᠃ ᠣᠳᠣ ᠲᠤᠰ ᠬᠤᠱᠢᠭᠤᠨ᠎ᠤ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠳᠠᠷᠢᠮᠠᠯ᠎ᠤᠨ ᠲᠠᠯᠠᠪᠠᠶ 10  ᠲᠦᠮᠡᠨ ᠎ᠮᠸ᠋᠎ᠳᠤ ᠬᠦᠷᠴᠦ᠍ ᠂ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠲᠥᠷᠥᠯ ᠵᠦᠢᠯ 27᠂ ᠠᠵᠤ ᠠᠬᠤᠢᠯᠠᠯ 25᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ 226᠂ ᠲᠤᠰᠭᠠᠶ ᠬᠤᠷᠱᠢᠶ᠎ᠠ 274 ᠂ ᠲᠠᠷᠢᠮᠠᠯ᠎ᠤᠨ ᠡᠷᠦᠬᠡ 1.4 ᠲᠦᠮᠡ ᠪᠠᠢᠨ᠎ᠠ ᠃ ᠦᠢᠯᠡᠳᠬᠦᠨ᠎ᠤ ᠥᠷᠲᠡᠭ 30 ᠳ᠋ᠦᠩᠱᠢᠭᠤᠷ ᠲᠥᠭᠦᠷᠢᠭ ᠎ᠢ ᠳᠠᠪᠠᠵᠤ᠂ ᠪᠦᠲᠦᠭᠡᠭ᠌ᠳᠡᠬᠦᠨ᠎ᠨᠢ ᠺᠣᠷᠢᠶᠠ᠂ ᠶᠠᠫᠣᠨ᠂ ᠱᠢᠩᠭᠠᠫᠣᠷ ᠵᠡᠷᠭᠡ ᠣᠯᠠᠨ ᠤᠯᠤᠰ᠎ᠲᠤ ᠪᠣᠷᠣᠯᠠᠭᠤᠯᠤᠭ᠍ᠳᠠᠵᠤ ᠪᠤᠢ ᠃

ᠲᠣᠰ ᠬᠤᠷᠠᠯ 《 ᠳᠤᠮᠳᠠᠳᠤ ᠤᠯᠤᠰ᠎ᠤᠨ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠢ ᠬᠥᠭ᠌ᠵᠢᠭᠦᠯᠵᠦ᠍ ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌》 ᠎ᠪᠠᠷ ᠭᠤᠤᠯ ᠰᠡᠳᠦᠪ ᠪᠣᠯᠭᠠᠵᠤ᠂ ᠪᠥᠬᠦ᠌ ᠤᠯᠤᠰ᠎ᠤᠨ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠢᠯ ᠲᠦᠷᠦᠯ᠎ᠤᠨ ᠭᠢᠨ᠎ᠳᠤ ᠪᠥᠬᠦ᠌ ᠲᠠᠯ᠎ᠠ᠎ᠶ᠋ᠢᠨ ᠰᠣᠯᠢᠯᠴᠠᠭᠠᠨ᠎ᠤ ᠲᠠᠪᠴᠠᠩ ᠬᠠᠩᠭᠠᠵᠤ᠂ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠲᠠᠸᠠᠷ᠎ᠤᠨ ᠠᠷᠠᠯᠵᠢᠶ᠎ᠠ ᠪᠠ ᠠᠷᠠᠯᠵᠢᠶᠠᠴᠢᠨ ᠤᠷᠢᠵᠤ ᠪᠠᠯᠠ ᠮᠦᠩᠭᠦ᠌ ᠤᠷᠤᠭᠤᠯᠤᠨ ᠠᠪᠴᠢᠷᠠᠬᠤ ᠴᠢᠬᠤᠯᠠ ᠠᠷᠭ᠎ᠠ ᠵᠠᠮ᠎ᠢ ᠨᠡᠬᠡᠬᠡᠵᠥ᠍᠂ ᠲᠤᠰ ᠬᠤᠱᠢᠭᠤᠨ᠎ᠤ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠦᠷ᠎ᠡ ᠪᠦᠲᠦᠭᠡᠯ᠎ᠢ ᠣᠯᠠᠨ ᠬᠠᠷᠠᠭᠠᠰᠤ᠎ᠠᠴᠠ ᠳᠡᠯᠭᠡᠨ ᠦᠵᠡᠭᠦᠯᠵᠦ᠍ ᠂ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠬᠤ᠎ᠪᠠᠷ ᠵᠤᠷᠢᠯᠲᠠ᠎ᠪᠠᠨ ᠪᠤᠯᠭᠠᠵᠠᠢ ᠃

ᠲᠤᠰ ᠤᠳᠠᠭ᠎ᠠ᠎ᠶ᠋ᠢᠨ ᠠᠵᠢᠯᠯᠠᠭ᠎ᠠ ᠬᠤᠶᠠᠷ ᠡᠳᠦᠷ ᠦᠷᠭᠦᠯᠵᠢᠯᠡᠵᠦ᠍᠂ ᠡᠬᠢᠯᠡᠯᠲᠡ᠎ᠶ᠋ᠢᠨ ᠶᠣᠰᠣᠯᠠᠯ᠎ᠠᠴᠠ ᠭᠠᠳᠠᠨ᠎ᠠ ᠂ ᠶᠡᠭᠡ ᠬᠤᠷᠠᠯ᠎ᠠᠴᠠ ᠪᠠᠰᠠ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠲᠤᠰᠭᠠᠶ ᠰᠡᠳᠦᠪᠲᠦ ᠲᠠᠢᠯᠤᠮᠵᠢ᠂ ᠮᠡᠷᠭᠡᠵᠢᠯ᠎ᠤᠨ ᠰᠣᠯᠢᠯᠴᠠᠭ᠎ᠠ᠂ ᠲᠤᠷᠱᠢᠯᠭ᠎ᠠ᠎ᠪᠠᠨ ᠬᠤᠪᠢᠶᠠᠯᠴᠠᠬᠤ ᠂ ᠡᠬᠢ ᠪᠠᠶᠠᠯᠢᠭ᠎ᠢ ᠵᠣᠯᠭᠠᠭᠤᠯᠬᠤ ᠂ ᠦᠢᠯᠡᠳᠬᠦᠨ᠎ᠤ ᠠᠷᠠᠯᠵᠢᠶ᠎ᠠ ᠂ ᠳᠡᠭᠡᠳᠦ ᠲᠠᠰ᠎ᠤᠨ ᠰᠤᠷᠪᠤᠯᠵᠢᠯᠠᠭ᠎ᠠ ᠂ ᠠᠵᠤ ᠦᠢᠯᠡᠰ᠎ᠤᠨ ᠦᠵᠡᠰᠭᠦᠯᠡᠩ ᠂ ᠲᠥᠷᠥᠯ ᠵᠦᠢᠯ᠎ᠤᠨ ᠵᠥᠪᠳᠡᠯᠴᠡᠬᠡᠷ ᠵᠡᠷᠭᠡ ᠪᠠᠶᠠᠯᠢᠭ ᠰᠠᠢᠬᠠᠨ ᠠᠵᠢᠯᠯᠠᠭ᠎ᠠ᠎ᠶ᠋ᠢ ᠲᠣᠬᠢᠷᠠᠭᠤᠯᠪᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号