ᠱᠢᠨ᠎ᠡ᠎ᠶ᠋ᠢ ᠡᠭᠦᠳᠬᠦ᠌ ᠬᠡᠯᠪᠡᠷᠢ᠎ᠪᠡᠷ ᠨᠠᠮ᠎ᠤᠨ ᠲᠡᠦᠬᠡ᠎ᠶ᠋ᠢ ᠰᠤᠷᠤᠯᠴᠠᠵᠤ ᠂ ᠨᠠᠮ᠎ᠤᠨ ᠲᠡᠦᠬᠡ᠎ᠶ᠋ᠢ ᠲᠤᠭᠤᠷᠢᠨ ᠦᠵᠡᠵᠦ ᠰᠤᠷᠤᠯᠴᠠᠨ ᠣᠢᠯᠠᠭᠠᠨ᠎ᠠ ᠁ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠦᠭ᠌ᠰᠡᠨ᠎ᠡᠴᠡ ᠨᠠᠭᠠᠰᠢ ᠂ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠰᠠᠭᠤᠷᠢᠨ᠎ᠤ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ ᠂ ᠦᠵᠡᠰᠭᠦᠯᠡᠩ᠎ᠤᠨ ᠪᠦᠲᠦᠭᠡᠯ᠎ᠢᠶᠡᠷ ᠠᠴᠢᠶᠠᠯᠠᠪᠤᠷᠢ ᠪᠣᠯᠭᠠᠵᠤ ᠂ ᠤᠳᠬ᠎ᠠ ᠤᠷᠠᠯᠢᠭ᠎ᠤᠨ ᠦᠭᠡ ᠬᠡᠯᠡ᠎ᠪᠡᠷ ᠳᠡᠷᠭᠡᠳᠡᠬᠢ ᠬᠤᠪᠢᠰᠭᠠᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ ᠂ 《ᠭᠤᠤ᠎ᠠ ᠰᠠᠢᠬᠠᠨ᠎ᠤ ᠬᠥᠮᠦᠵᠢᠯ + ᠨᠠᠮ᠎ᠤᠨ ᠪᠠᠢᠭᠤᠯᠤᠯᠲᠠ》 ᠵᠢᠨ ᠵᠠᠭ᠍ᠪᠤᠷ᠎ᠢ ᠦᠷᠭᠦᠯᠵᠢᠯᠡᠨ ᠠᠭᠤᠰᠤᠯᠴᠠᠭᠤᠯᠵᠤ ᠂ ᠬᠤᠪᠢᠰᠭᠠᠯ᠎ᠤᠨ ᠦᠵᠡᠰᠭᠦᠯᠡᠩ᠎ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ ᠵᠢᠨ ᠬᠠᠯᠠᠮᠰᠢᠯ ᠠᠭᠤᠯᠭ᠎ᠠ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠬᠤ᠎ᠶ᠋ᠢ ᠠᠬᠢᠭᠤᠯᠪᠠ᠃
《ᠤᠭ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠎ᠡ》 ᠂ 《 ᠪᠢᠳᠡ ᠤᠯᠠᠭᠠᠨ ᠲᠤᠭ᠎ᠤᠨ ᠳᠣᠣᠷ᠎ᠠ ᠲᠦᠷᠦᠵᠦ ᠂ ᠬᠠᠪᠤᠷ᠎ᠤᠨ ᠤᠷᠢᠬᠠᠨ ᠰᠠᠯᠬᠢᠨ᠎ᠳᠤ ᠬᠦᠮᠦᠵᠢᠭᠳᠡᠨ᠎ᠡ᠂ ᠠᠷᠠᠳ ᠲᠦᠮᠡᠨ ᠢᠲᠡᠭᠡᠯ ᠪᠢᠱᠢᠷᠡᠯ᠎ᠲᠡᠶ ᠪᠤᠯ ᠤᠯᠤᠰ ᠣᠷᠣᠨ ᠬᠦᠴᠦᠨ ᠴᠢᠳᠠᠯ᠎ᠲᠠᠶ︾᠁ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠤ ᠦᠭᠡ ᠦᠯᠡᠳᠡᠭᠡᠬᠦ᠌ ᠰᠠᠮᠪᠠᠷ᠎ᠠ ᠳᠡᠭᠡᠷ᠎ᠡ ᠦᠵᠡᠰᠭᠦᠯᠡᠩ᠎ᠤᠨ ᠲᠤᠬᠠᠢ ᠲᠦᠷᠦᠭ᠌ᠳᠡᠯ ᠳᠦᠭᠦᠷᠡᠩ ᠪᠢᠴᠢᠭᠡᠰᠦᠳᠡᠢ ᠪᠠᠢᠯ᠎ᠠ᠃ ᠣᠢᠯᠠᠭᠠᠭ᠍ᠰᠠᠨ᠎ᠢᠶᠠᠷ ᠂ 7 ᠰᠠᠷ᠎ᠠ᠎ᠠᠴᠠ ᠨᠠᠭᠠᠰᠢ ᠂ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ ᠨᠠᠮ᠎ᠢᠶᠡᠨ ᠡᠭᠦᠷᠢᠳᠡ ᠲᠠᠭᠠᠨ᠎ᠠ ᠊᠊᠊᠊᠊᠊᠊《ᠬᠤᠪᠢᠰᠭᠠᠯᠲᠤ ᠵᠠᠭᠤᠨ ᠵᠢᠯ ᠤᠨ ᠥᠪᠥᠷ ᠮᠣᠩᠭᠣᠯ》 ᠭᠡᠬᠦ᠌ ᠲᠣᠰᠣᠨ ᠪᠤᠳᠤᠭ᠎ᠤᠨ ᠵᠢᠷᠤᠭ ᠱᠤᠭᠤᠮᠠᠯ᠎ᠤᠨ ᠦᠵᠡᠰᠭᠦᠯᠡᠩ ᠂ 《 ᠬᠤᠪᠢᠰᠭᠠᠯᠲᠤ ᠵᠠᠭᠤᠨ ᠵᠢᠯ᠎ᠤᠨ ᠭᠡᠷᠡᠯ ᠵᠢᠷᠤᠭ᠎ᠳᠡᠬᠢ ᠥᠪᠥᠷ ᠮᠣᠩᠭᠣᠯ 》 ᠭᠡᠬᠦ᠌ ᠲᠣᠮᠣ ᠬᠡᠯᠪᠡᠷᠢ᠎ᠶ᠋ᠢᠨ ᠭᠤᠤᠯ ᠰᠡᠳᠦᠪᠲᠦ ᠬᠡᠷᠡᠯ ᠵᠢᠷᠤᠭ᠎ᠤᠨ ᠦᠵᠡᠰᠭᠦᠯᠡᠩ ᠂ 《 ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ 》 ᠣᠷᠳᠣᠨ᠎ᠤ ᠬᠠᠳᠠᠭᠠᠯᠠᠮᠵᠢ᠎ᠶ᠋ᠢᠨ ᠪᠦᠲᠦᠭᠡᠯ᠎ᠦᠨ ᠦᠵᠡᠰᠭᠦᠯᠡᠩ ᠵᠡᠷᠭᠡ ᠭᠤᠷᠪᠠᠨ ᠶᠡᠬᠡ ᠬᠤᠪᠢᠰᠭᠠᠯ᠎ᠤᠨ ᠦᠵᠡᠰᠭᠦᠯᠡᠩ ᠭᠠᠷᠭᠠᠵᠤ ᠂ ᠥᠷᠭᠡᠨ ᠣᠯᠠᠨ ᠺᠠᠳ᠋ᠷ ᠣᠯᠠᠨ ᠲᠦᠮᠡᠨ᠎ᠦ ᠳᠤᠮᠳᠠ ᠲᠤᠭᠤᠷᠢᠨ ᠦᠵᠡᠵᠦ ᠨᠠᠮ᠎ᠤᠨ ᠲᠡᠦᠬᠡ᠎ᠶ᠋ᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ᠃ ᠡᠯ᠎ᠡ ᠨᠢᠭᠡᠴᠢ᠎ᠶ᠋ᠢᠨ ᠬᠢᠨ ᠨᠠᠮ᠎ᠤᠨ ᠭᠡᠱᠢᠭᠦᠨ᠂ ᠺᠠᠳ᠋ᠷ᠂ ᠠᠵᠢᠯᠳᠠᠨ ᠠᠵᠢᠯᠴᠢᠨ᠎ᠢᠶᠡᠨ ᠵᠣᠬᠢᠶᠠᠨ ᠪᠠᠢᠭᠤᠯᠤᠨ ᠲᠣᠭᠣᠷᠢᠨ ᠦᠵᠡᠭᠦᠯᠵᠦ᠍ ᠰᠤᠷᠤᠯᠴᠠᠭᠤᠯᠵᠤ ᠂ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠪᠡ᠃ ᠣᠳᠣᠬᠠᠨ ᠪᠣᠯᠲᠠᠯ᠎ᠠ ᠂ ᠨᠡᠢᠲᠡ 40 ᠭᠠᠷᠤᠶ ᠨᠠᠮ ᠵᠠᠰᠠᠭ᠎ᠤᠨ ᠪᠠᠢᠭᠤᠯᠭ᠎ᠠ ᠂ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ ᠂ ᠨᠡᠢᠭᠡᠮ᠎ᠦᠨ ᠪᠦᠯᠬᠦᠮ᠎ᠦᠨ ᠮᠢᠩᠭ᠎ᠠ ᠭᠠᠷᠤᠶ ᠬᠥᠮᠦᠨ ᠲᠣᠭᠣᠷᠢᠨ ᠦᠵᠡᠵᠦ᠍ ᠂ ᠨᠡᠢᠲᠡ ᠮᠢᠩᠭ᠎ᠠ ᠭᠠᠷᠤᠶ ᠵᠤᠷᠪᠤᠰ ᠦᠭᠡ ᠦᠯᠡᠳᠡᠭᠡᠭ᠌ᠰᠡᠨ ᠪᠠᠢᠨ᠎ᠠ᠃ ᠤᠯᠤᠰ᠎ᠤᠨ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ ᠨᠡᠢᠲᠡ 1.31 ᠲᠦᠮᠡᠨ ᠦᠵᠡᠭ᠌ᠴᠢᠳ᠎ᠢ ᠭᠥᠯᠢᠶᠡᠨ ᠠᠪᠴᠠᠶ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号