10 ᠰᠠᠷ᠎ᠠ᠎ᠶ᠋ᠢᠨ 22 ᠤᠨ ᠡᠳᠦᠷ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠬᠠᠳᠠ ᠬᠤᠳᠠ᠎ᠳᠤ ᠤᠬᠠᠭᠤᠯᠤᠨ ᠲᠠᠢ᠌ᠯᠪᠤᠷᠢᠯᠠᠪᠠ᠃
22 ᠤ᠋ᠨ ᠡᠳᠦᠷ᠎ᠤᠨ ᠦᠳᠡ᠎ᠶ᠋ᠢᠨ ᠡᠮᠦᠨ᠎ᠡ᠂ ᠤᠯᠠᠭᠠᠨᠬᠠᠳᠠ ᠬᠤᠲᠠ ᠵᠢᠨ ᠡᠳ᠋᠎ᠤᠨ ᠵᠠᠰᠠᠭ᠎ᠤᠨ ᠲᠤᠪᠴᠢᠶᠠᠨ᠎ᠤ ᠬᠤᠷᠠᠯ᠎ᠤᠨ ᠲᠢᠩᠬᠢᠮ ᠳ᠋ᠤ ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠦᠨᠳᠦᠰᠦᠲᠡᠨ᠎ᠦ ᠣᠨᠣᠯ ᠤᠨ ᠵᠢᠭᠠᠨ ᠰᠤᠳᠤᠯᠬᠤ ᠬᠡᠯᠲᠡᠰ᠎ᠦᠨ ᠬ᠍ᠤ ᠴᠢᠩ ᠬᠤᠢ ᠫᠷᠤᠹᠸᠰᠰᠤᠷ ᠡᠴᠡ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ》ᠭᠡᠬᠦ᠌ ᠰᠡᠳᠦᠪ᠎ᠢᠶᠡᠷ᠂ ᠣᠳᠣᠬᠢ ᠱᠠᠲᠤᠨ᠎ᠤ ᠦᠨᠳᠦᠰᠦᠲᠡᠨ᠎ᠦ ᠠᠵᠢᠯ᠎ᠤᠨ ᠴᠢᠬᠤᠯᠠ ᠡᠭᠦᠷᠭᠡ᠎ᠶ᠋ᠢ ᠭᠦᠨᠵᠡᠭᠡᠶ ᠵᠠᠳᠠᠯᠵᠤ ᠂ 《ᠬᠣᠶᠠᠷ ᠶᠡᠬᠡ ᠲᠠᠯ᠎ᠠ》 ᠳ᠋ᠤ ᠰᠠᠭᠤᠷᠢᠯᠠᠨ᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠦᠨᠳᠦᠰᠦᠲᠡᠨ᠎ᠦ ᠠᠵᠢᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌《ᠳᠦᠷᠪᠡᠨ ᠬᠠᠷᠢᠴᠠᠭ᠎ᠠ》 ᠶ᠋ᠢ ᠵᠦᠪ ᠡᠵᠡᠮᠱᠢᠬᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠵᠡᠷᠭᠡ ᠲᠠᠯ᠎ᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠣᠳᠣᠷᠬᠠᠢᠯᠠᠨ ᠦᠭᠦᠯᠡᠪᠡ᠃ ᠤᠬᠠᠭᠤᠯᠤᠨ ᠲᠠᠢ᠌ᠯᠪᠤᠷᠢᠯᠠᠯᠲᠠ ᠵᠢᠨ ᠭᠣᠣᠯ ᠰᠡᠳᠦᠪ ᠨᠢ ᠢᠯᠡ ᠲᠣᠳᠣ᠂ ᠠᠭᠤᠯᠤᠭ᠍ᠳᠠᠬᠤᠨ ᠨᠢ ᠡᠯᠪᠡᠭ ᠪᠠᠶᠠᠯᠢᠭ᠂ ᠦᠵᠡᠯ ᠰᠠᠨᠠᠭ᠎ᠠ ᠨᠢ ᠭᠦᠨᠵᠡᠭᠡᠢ ᠪᠠᠢᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ᠎ᠤ ᠭᠣᠣᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ᠂ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠮᠠᠰᠢ ᠨᠡᠪᠲᠡᠷᠬᠡᠢ ᠲᠠᠢᠯᠪᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠴᠢᠬᠤᠯᠠ ᠵᠢᠯᠣᠭᠣᠳᠭᠤ ᠠᠴᠢ ᠬᠣᠯᠪᠣᠭ᠍ᠳᠠᠯᠬᠠᠨᠭᠭᠠᠵᠠᠢ᠃
ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠤᠯᠠᠭᠠᠨᠬᠠᠳᠠ ᠬᠤᠳᠠ᠎ᠶ᠋ᠢᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠲᠦᠷᠦ᠍᠎ᠶ᠋ᠢᠨ ᠪᠤᠳᠤᠯᠭ᠎ᠠ ᠬᠠᠤᠯᠢ ᠲᠦᠷᠢᠮ᠎ᠦᠨ ᠰᠠᠯᠠᠭᠠᠨ᠎ᠤ ᠳᠠᠷᠤᠭ᠎ᠠ ᠵᠠᠨ ᠲᠢᠶᠠᠨ ᠭᠸ᠄《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠳᠤ ᠪᠦᠬᠦ᠌ ᠲᠠᠯ᠎ᠠ᠎ᠪᠠᠷ ᠭᠦᠨᠵᠡᠭᠡᠢ ᠲᠠᠢᠯᠤᠮᠵᠢ ᠬᠢᠵᠦ᠍᠂ ᠪᠢᠳᠡᠨ᠎ᠦ ᠲᠠᠷᠠᠭᠠᠴᠢ᠎ᠶ᠋ᠢᠨ ᠠᠯᠬᠤᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠤᠨᠤᠯ᠎ᠤᠨ ᠲᠠᠯ᠎ᠠ ᠵᠢᠨ ᠵᠢᠯᠤᠭᠤᠳᠤᠯᠭ᠎ᠠ ᠪᠠ ᠴᠢᠭ᠌ᠯᠡᠯ᠎ᠢ ᠳᠤᠲᠤᠷᠬᠠᠢ ᠵᠢᠭᠠᠵᠤ ᠦᠭ᠌ᠴᠦ᠂ ᠪᠢᠳᠡᠨ᠎ᠦ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠰᠠᠢᠲᠤᠷ ᠡᠵᠡᠮᠰᠢᠬᠦ᠌᠎ᠳᠦ ᠮᠠᠰᠢ ᠶᠡᠬᠡ ᠬᠠᠪᠰᠤᠷᠤᠯᠭ᠎ᠠ ᠦᠵᠡᠭᠦᠯᠪᠡ᠃ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ᠎ᠦᠨ ᠨᠢᠭᠡ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠤ ᠦᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠥᠷᠨᠢᠩᠭᠦᠢ ᠬᠥᠭ᠌ᠵᠢᠯᠲᠡ᠎ᠶ᠋ᠢ ᠠᠬᠢᠭᠤᠯᠬᠤ᠎ᠳᠤ ᠥᠪᠡᠷ᠎ᠦᠨ ᠬᠤᠪᠢ ᠨᠡᠮᠡᠷᠢ᠎ᠪᠡᠨ ᠦᠵᠡᠭᠦᠯᠦᠨ᠎ᠡ 》 ᠭᠡᠵᠦ᠍ ᠭᠦᠨ ᠲᠦᠷᠦᠭ᠌ᠳᠡᠯᠲᠡᠶᠬᠡᠯᠡᠪᠡ᠃
22 ᠤ᠋ᠨ ᠦᠳᠡ᠎ᠶ᠋ᠢᠨ ᠬᠣᠢᠨ᠎ᠠ᠂ ᠬ᠍ᠤ ᠴᠢᠩ ᠬᠤᠢ ᠫᠷᠤᠹᠸᠰᠰᠤᠷ ᠤᠯᠠᠭᠠᠨᠬᠠᠳᠠ ᠬᠤᠳᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ᠎ᠳᠤ ᠬᠦᠷᠴᠦ᠍᠂ ᠰᠤᠷᠭᠠᠨ ᠬᠥᠮᠦᠵᠢᠯ᠎ᠦᠨ ᠱᠢᠰᠲᠸᠮ᠎ᠤᠨ ᠠᠵᠢᠯᠳᠠᠨ ᠠᠵᠢᠯᠴᠢᠨ ᠪᠣᠯᠤᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠭᠤ᠎ᠪᠠᠷ ᠢᠷᠡᠭ᠌ᠰᠡᠨ ᠰᠤᠷᠤᠭ᠍ᠴᠢᠳ᠎ᠲᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠬᠢᠴᠢᠶᠡᠯ ᠣᠷᠣᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠬᠤ᠎ᠶ᠋ᠢᠨ ᠬᠠᠮᠲᠤ ᠲᠡᠳᠡᠨᠦᠰ ᠲᠠᠢ ᠨᠢᠭᠤᠷᠳᠠᠨ ᠶᠠᠷᠢᠯᠴᠠᠵᠤ᠂ ᠰᠠᠨᠠᠯ ᠵᠢᠡᠨ ᠰᠤᠯᠢᠯᠴᠠᠪᠠ᠃ ᠰᠤᠷᠤᠭ᠍ᠴᠢᠳ᠎ᠤᠨ ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ ᠳᠤᠮᠳᠠ ᠶᠡᠷᠦᠩᠬᠡᠢ ᠱᠦᠵᠢ ᠰᠢ᠎ᠶ᠋ᠢᠨ ᠫᠢᠩ᠎ᠦᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠳᠤᠭᠤᠱᠢᠯᠠᠭᠤᠯᠬᠤ ᠲᠤᠬᠠᠢ ᠠᠰᠠᠭᠤᠳᠠᠯ᠎ᠳᠤ ᠴᠢᠭ᠌ᠯᠡᠭᠦᠯᠦᠨ᠂ ᠬ᠍ᠤ ᠴᠢᠩ ᠬᠤᠢ᠄《ᠮᠠᠨ᠎ᠤ ᠤᠯᠤᠰ ᠪᠤᠯ ᠨᠢᠭᠡᠳᠦᠭ᠌ᠰᠡᠨ ᠤᠯᠠᠨ ᠦᠨᠳᠦᠰᠦᠲᠡᠨ᠎ᠲᠡᠶ ᠤᠯᠤᠰᠪᠤᠯᠬᠤ ᠦᠨᠳᠦᠰᠦᠨ ᠤᠯᠤᠰ᠎ᠤᠨ ᠪᠠᠢᠳᠠᠯ᠎ᠢ ᠣᠨᠣᠪᠴᠢᠲᠠᠢ ᠡᠵᠡᠮᠳᠡᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠬᠥᠭ᠌ᠵᠢᠯᠲᠡ᠎ᠶ᠋ᠢᠨ ᠠᠬᠢᠴᠠ᠎ᠶ᠋ᠢ ᠭᠦᠢᠴᠡᠳ ᠤᠢᠯᠠᠭᠠᠵᠤ᠂ ᠵᠥᠪ ᠲᠡᠦᠬᠡ᠎ᠶ᠋ᠢᠨ ᠦᠵᠡᠯᠲᠡ᠂ ᠤᠯᠤᠰ᠎ᠤᠨ ᠦᠵᠡᠯᠲᠡ᠂ ᠦᠨᠳᠦᠰᠦᠲᠡᠨ᠎ᠦ ᠦᠵᠡᠯᠲᠡ᠎ᠶ᠋ᠢ ᠪᠤᠢ ᠪᠣᠯᠭᠠᠵᠤ᠂ ᠡᠬᠡ ᠤᠯᠤᠰ᠎ᠤᠨ ᠨᠢᠭᠡᠳᠦᠯ᠎ᠢ ᠬᠠᠮᠠᠭᠠᠯᠠᠬᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ》 ᠭᠡᠵᠦ᠍ ᠬᠠᠷᠢᠭᠤᠯᠪᠠ᠃
ᠤᠯᠠᠭᠠᠨᠬᠠᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠥᠨᠳᠥᠷ ᠳᠤᠮᠳᠠᠳᠤ᠎ᠶ᠋ᠢᠨ ᠨᠢᠭᠡᠳᠦᠭᠡᠷ ᠠᠩᠭᠢ᠎ᠶ᠋ᠢᠨ ᠵᠠᠩ ᠮᠦ᠍ ᠬᠠᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠮᠠᠰᠢ ᠵᠣᠷᠢᠭ᠍ᠵᠢᠵᠤ᠄《ᠡᠨᠡ ᠤᠳᠠᠭ᠎ᠠ ᠬ᠍ᠤ ᠪᠠᠭ᠍ᠰᠢ᠎ᠶ᠋ᠢᠨ ᠮᠡᠳᠡᠭᠦᠯᠦᠯᠲᠡ᠎ᠶ᠋ᠢ ᠰᠣᠨᠣᠰᠭᠤ᠎ᠪᠠᠷ ᠳᠠᠮᠵᠢᠨ᠂ ᠪᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠬᠡᠷᠬᠢᠨ ᠴᠢᠩᠭᠠᠳᠭᠠᠬᠤ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠶ ᠪᠣᠯᠵᠠᠢ᠃ ᠬᠣᠢᠱᠢᠳᠠ᠎ᠶ᠋ᠢᠨ ᠰᠤᠷᠤᠯᠴᠠᠯᠭ᠎ᠠ ᠠᠮᠢᠳᠤᠷᠠᠯ ᠳᠤᠮᠳᠠ ᠪᠢ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠵᠤ᠂ ᠦᠨᠳᠦᠰᠦᠲᠡᠨ᠎ᠦ ᠪᠦᠯᠬᠦᠮᠳᠡᠯ᠎ᠳᠦ ᠥᠪᠡᠷ᠎ᠦᠨ ᠬᠤᠪᠢ ᠨᠡᠮᠡᠷᠢ᠎ᠪᠡᠨ ᠦᠵᠡᠭᠦᠯᠦᠨ᠎ᠡ》ᠭᠡᠪᠡ᠃