ᠳᠤᠰᠠᠯᠠᠬᠴᠢ ᠴᠠᠬᠳᠠᠭ᠎ᠠ ᠵᠢᠨ ᠡᠩᠨᠡᠭᠡᠨ᠎ᠤ ᠲᠦᠷᠢᠮᠵᠢᠭᠰᠡᠨ ᠪᠠᠢᠭᠤᠯᠤᠯᠳᠠ ᠵᠢᠨ ᠰᠢᠨ᠎ᠡ ᠠᠬᠢᠯᠳᠠ
2021-10-25 10:42:39
ᠵᠣᠬᠢᠶᠠᠭ᠍ᠴᠢ᠄
ᠰᠦᠨ ᠯᠢ ᠶᠢᠡᠭ ᠰᠢᠨᠡᠪᠢᠯᠢᠭ
ᠣᠩᠱᠢᠭ᠍ᠰᠠᠨ ᠣᠳᠠᠭ᠎ᠠ᠄
★★★☆☆

2021 ᠤᠨ᠎ᠤ 9 ᠰᠠᠷ᠎ᠠ ᠵᠢᠨ 29 ᠤ᠋ ᠡᠳᠦᠷ ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠡᠢᠨᠭᠭᠤ ᠵᠢᠨ ᠬᠤᠷᠢᠶᠠᠨ ᠤ᠋ ᠭᠤᠴᠢᠳᠤᠭᠠᠷ ᠬᠤᠷᠠᠯ ᠡᠴᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ᠎ᠤ ᠲᠦᠷᠢᠮ》 (ᠲᠤᠤᠷ᠎ᠠ 《ᠲᠦᠷᠢᠮ》ᠭᠡᠵᠦ ᠲᠤᠪᠴᠢᠯᠠᠨ᠎ᠠ) ᠢ᠋ ᠪᠠᠳᠤᠯᠠᠵᠤ ᠂ 2022 ᠣᠨ᠎ᠤ 1 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃  ᠡᠨᠡ ᠪᠤᠯ ᠪᠦᠬᠦ ᠤᠷᠤᠨ᠎ᠤ ᠡᠯ᠎ᠠ ᠱᠠᠳᠤᠨ᠎ᠤ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠴᠢ 4 ᠲᠦᠮᠡ ᠭᠠᠷᠤᠢ ᠲᠤᠰᠠᠯᠠᠬᠴᠢ ᠴᠠᠬᠳᠠᠭ᠎ᠠ ᠲᠠᠢ ᠬᠤᠯᠪᠤᠬᠳᠠᠬᠰᠠᠨ ᠲᠤᠮᠤ ᠶᠠᠪᠤᠳᠠᠯ᠂ ᠪᠠᠶᠠᠷᠳᠤ ᠶᠠᠪᠤᠳᠠᠯ᠂ ᠰᠠᠢᠨ ᠶᠠᠪᠤᠳᠠᠯ ᠪᠠᠢᠵᠤ᠂ ᠮᠠᠨ᠎ᠤ ᠤᠷᠤᠨ ᠤ᠋ ᠲᠤᠰᠠᠯᠠᠬᠴᠢ ᠴᠠᠬᠳᠠᠭᠠᠨ ᠤ᠋ ᠡᠡᠭᠨᠡᠭᠡᠨ ᠤ᠋ ᠲᠦᠷᠢᠮᠵᠢᠭᠰᠡᠨ ᠪᠠᠢᠭᠤᠯᠤᠯᠳᠠ ᠵᠢᠨ ᠬᠠᠤᠯᠢᠵᠢᠯ᠎ᠤᠨ ᠲᠦᠷᠭᠡᠨ ᠵᠠᠮ᠎ᠳᠤ ᠤᠷᠤᠬᠰᠠᠨ ᠢ᠋ ᠬᠠᠷᠠᠭᠤᠯᠵᠤ ᠪᠠᠢᠨ᠎ᠠ᠃

ᠴᠠᠭ᠍ᠳᠠᠭᠠᠨ᠎ᠤ ᠶᠠᠪᠤᠳᠠᠯ᠎ᠤᠨ ᠲᠤᠰᠠᠯᠠᠬᠤ ᠠᠵᠢᠯᠳᠠᠨ ᠢ᠋ ᠪᠠᠰᠠ ᠲᠤᠰᠠᠯᠠᠬᠴᠢ ᠴᠠᠭ᠍ᠳᠠᠭ᠎ᠠ ᠭᠡᠳᠡᠭ᠂ ᠲᠡᠷᠡ ᠨᠢ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠬᠡᠷᠡᠭ᠌ᠴᠡᠭᠡ᠎ᠶ᠋ᠢ ᠦᠨᠳᠦᠰᠦᠯᠡᠨ᠂ ᠪᠦᠬᠦ ᠨᠡᠢᠭᠡᠮ ᠡᠴᠨ ᠤᠷᠢᠨ ᠡᠯᠰᠡᠵᠦ᠍᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠡᠳᠦᠷ ᠲᠤᠲᠤᠮ᠎ᠤᠨ ᠠᠵᠢᠯᠯᠠᠭᠠᠨ ᠪᠠ ᠴᠠᠭ᠍ᠳᠠᠭᠠᠨ᠎ᠤ ᠶᠠᠪᠤᠳᠠᠯ᠎ᠤᠨ ᠠᠵᠢᠯᠯᠠᠭ᠎ᠠ᠎ᠳᠤ ᠬᠠᠪᠰᠤᠷᠤᠯᠭ᠎ᠠ ᠳᠡᠮᠵᠢᠯᠭᠡ ᠬᠠᠩᠭᠠᠬᠤ ᠠᠷᠠᠳ᠎ᠤᠨ ᠴᠠᠭ᠍ᠳᠠᠭ᠎ᠠ᠎ᠶ᠋ᠢᠨ ᠪᠤᠰᠤ ᠪᠡᠶ᠎ᠡ ᠬᠡᠮ᠎ᠦᠨ ᠠᠵᠢᠯᠲᠠᠨ᠎ᠢ ᠵᠢᠭᠠᠵᠤ ᠂ ᠡᠭᠦᠨ᠎ᠳᠤ ᠪᠢᠴᠢᠭ᠎ᠦᠨ ᠲᠤᠱᠢᠶᠠᠯ᠎ᠤᠨ ᠲᠤᠰᠠᠯᠠᠬᠤ ᠴᠠᠭ᠍ᠳᠠᠭ᠎ᠠ ᠪᠠ ᠦᠶ᠋ᠯᠡᠴᠢᠯᠡᠭᠡᠨ᠎ᠦ ᠲᠤᠰᠠᠯᠠᠬᠴᠢ ᠴᠠᠭ᠍ᠳᠠᠭ᠎ᠠ ᠭᠡᠵᠦ ᠬᠤᠪᠢᠶᠠᠨ᠎ᠠ᠃ ᠠᠳᠠᠯᠢ ᠪᠤᠰᠤ ᠬᠠᠤᠯᠢ ᠬᠡᠷᠡᠭ᠌ᠵᠢᠭᠦᠯᠬᠦ᠌ ᠲᠠᠯᠠᠪᠤᠷ᠎ᠲᠤ ᠲᠤᠰᠠᠯᠠᠬᠴᠢ ᠴᠠᠬᠳᠠᠭ᠎ᠠ ᠴᠠᠭ᠍ᠳᠠᠭᠠᠨ᠎ᠤ ᠬᠦᠴᠦᠨ᠎ᠦ ᠬᠦᠷᠦᠯᠴᠡᠬᠦ᠌ ᠦᠭᠡᠢ ᠲᠠᠯ᠎ᠠ᠎ᠶ᠋ᠢ ᠨᠥᠬᠥᠪᠥᠷᠢᠯᠡᠵᠦ᠍᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠵᠤ ᠂ ᠤᠯᠠᠨ ᠲᠦᠮᠡᠨ᠎ᠦ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ ᠳ᠋ᠤ ᠴᠢᠬᠤᠯᠠ ᠦᠢᠯᠡᠳᠦᠯ ᠦᠵᠡᠬᠦᠯᠵᠦ᠂ ᠳᠣᠲᠣᠭᠠᠳᠤ᠎ᠶ᠋ᠢ ᠬᠠᠮᠠᠭᠠᠯᠠᠬᠤ ᠡᠩᠨᠡᠭᠡᠨ᠎ᠦ ᠳᠤᠲᠠᠭ᠍ᠳᠠᠵᠤ ᠪᠣᠯᠤᠰᠢ ᠦᠭᠡᠢ ᠬᠦᠴᠦᠨ ᠴᠢᠳᠠᠯ ᠪᠣᠯᠵᠠᠢ᠃

ᠭᠡᠲᠡᠯ᠎ᠡ ᠣᠷᠳᠣ ᠬᠤᠭᠤᠴᠠᠭᠠᠨ᠎ᠤ ᠲᠤᠷᠰᠢ᠂ ᠲᠤᠰᠠᠯᠠᠬᠴᠢ ᠴᠠᠭ᠍ᠳᠠᠭ᠎ᠠ᠎ᠶ᠋ᠢᠨ ᠬᠠᠤᠯᠢ ᠴᠠᠭᠠᠵᠠ᠎ᠶ᠋ᠢᠨ ᠪᠠᠢᠷᠢ ᠰᠠᠭᠤᠷᠢ ᠨᠢ ᠲᠣᠳᠣᠷᠬᠠᠶ ᠥᠬᠡᠶ᠂ ᠲᠤᠱᠢᠶᠠᠯ ᠬᠠᠷᠢᠭᠤᠴᠠᠯᠭ᠎ᠠ ᠡᠷᠬᠡ᠎ᠶ᠋ᠢᠨ ᠬᠢᠵᠠᠭᠠᠷ ᠨᠢ ᠲᠣᠳᠣᠷᠬᠠᠶ ᠥᠬᠡᠶ᠂ ᠠᠵᠢᠯᠲᠠᠨ᠎ᠤ ᠲᠣᠭ᠎ᠠ᠎ᠶ᠋ᠢᠨ ᠬᠠᠮᠢᠶᠠᠷᠤᠯᠲᠠ ᠨᠢ ᠵᠢᠷᠤᠮᠵᠢᠯ ᠥᠬᠡᠶ᠂ ᠴᠠᠯᠢᠩ ᠣᠯᠭᠣᠮᠵᠢ ᠨᠢ ᠳᠤᠤᠷ᠎ᠠ ᠵᠡᠷᠭᠡ ᠠᠰᠠᠭᠤᠳᠠᠯ ᠤᠷᠤᠰᠢᠵᠤ᠂ ᠲᠤᠰᠠᠯᠠᠬᠴᠢ ᠴᠠᠭ᠍ᠳᠠᠭ᠎ᠠ᠎ᠶ᠋ᠢᠨ ᠡᠩᠨᠡᠭᠡ᠎ᠶ᠋ᠢᠨ ᠲᠣᠰ ᠪᠡᠶ᠎ᠡ᠎ᠶ᠋ᠢᠨ ᠭᠦᠭᠵᠢᠯᠳᠠ ᠵᠢ ᠨᠦᠯᠦᠭᠡᠯᠡᠭᠰᠡᠨ ᠵᠢᠡᠷ ᠪᠠᠷᠠᠬᠤ ᠥᠬᠡᠶ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠳ᠋ᠤ ᠴᠸ᠋ ᠪᠠᠭ᠎ᠠ ᠪᠤᠰᠤ ᠦᠷᠢᠰᠦᠯᠳᠦᠭᠡᠨ ᠢ᠋ ᠠᠪᠴᠢᠷᠠᠵᠤ ᠦᠭᠪᠡ᠃

ᠲᠤᠰᠠᠯᠠᠬᠴᠢ ᠴᠠᠭ᠍ᠳᠠᠭ᠎ᠠ᠎ᠶ᠋ᠢᠨ ᠡᠩᠨᠡᠭᠡ᠎ᠶ᠋ᠢᠨ ᠲᠦᠷᠢᠮᠵᠢᠭᠰᠡᠨ ᠪᠠᠢᠭᠤᠯᠤᠯᠲᠠ᠎ᠶ᠋ᠢ ᠴᠢᠨᠠᠬᠰᠢᠳᠠ ᠴᠢᠩᠭᠠᠳᠭᠠᠬᠤ᠎ᠶ᠋ᠢᠨ ᠲᠥᠯᠥᠭᠡ ᠂ 2019 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠲᠤᠰᠠᠯᠠᠬᠴᠢ ᠴᠠᠭ᠍ᠳᠠᠭ᠎ᠠ᠎ᠶ᠋ᠢᠨ ᠬᠠᠤᠯᠢ ᠲᠣᠭ᠍ᠲᠠᠭᠠᠬᠤ ᠠᠵᠢᠯ᠎ᠤᠨ ᠲᠤᠰᠭᠠᠶ ᠠᠩᠭᠢ ᠪᠠᠢᠭᠤᠯᠵᠤ᠂ ᠥᠷᠭᠡᠨ᠎ᠢᠶᠡᠷ ᠪᠠᠢᠴᠠᠭᠠᠨ ᠰᠤᠳᠤᠯᠤᠯᠲᠠ ᠬᠢᠵᠦ᠍᠂ ᠭᠦᠶ᠋ᠴᠡᠳ ᠨᠤᠲᠠᠯᠠᠭ᠍ᠰᠠᠨ ᠤ᠋ ᠰᠠᠭᠤᠷᠢᠨ ᠳᠡᠭᠡᠷ᠎ᠡ 《ᠲᠦᠷᠢᠮ》 ᠤ᠋ᠨ ᠲᠥᠰᠦᠯ᠎ᠢ ᠲᠤᠭᠤᠷᠪᠢᠪᠠ᠃ ᠨᠢᠳᠤᠨᠤᠨ᠎ᠤ 4 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠡᠴᠨ ᠲᠤᠰᠠᠯᠠᠬᠴᠢ ᠴᠠᠭ᠍ᠳᠠᠭ᠎ᠠ᠎ᠶ᠋ᠢᠨ ᠬᠠᠤᠯᠢ ᠲᠣᠭ᠍ᠲᠠᠭᠠᠬᠤ ᠠᠵᠢᠯ᠎ᠢ ᠬᠠᠤᠯᠢ ᠲᠣᠭ᠍ᠲᠠᠭᠠᠬᠤ ᠲᠥᠯᠥᠪᠯᠡᠭᠡ᠎ᠳᠡᠭᠡᠨ ᠣᠷᠣᠭᠤᠯᠪᠠ᠃

ᠤᠢᠯᠠᠭᠠᠬᠰᠠᠨ ᠵᠢᠡᠷ ᠂ 《 ᠲᠦᠷᠢᠮ 》 ᠢ᠋ ᠲᠣᠭ᠍ᠲᠠᠭᠠᠬᠤ ᠶᠠᠪᠤᠴᠠ᠎ᠳᠤ ᠨᠡᠢᠭᠡᠮ ᠨᠡᠢᠲᠡ᠎ᠡᠴᠡ 2 ᠤᠳᠠᠭ᠎ᠠ ᠢᠯᠡ᠎ᠪᠡᠷ ᠰᠠᠨᠠᠯ ᠰᠠᠨᠠᠭᠤᠯᠭ᠎ᠠ ᠬᠤᠷᠢᠶᠠᠵᠤ᠂ ᠬᠠᠤᠯᠢ ᠲᠣᠭ᠍ᠲᠠᠭᠠᠬᠤ ᠠᠭᠤᠯᠵᠠᠨ ᠶᠠᠷᠢᠯᠴᠠᠬᠤ ᠬᠤᠷᠠᠯ᠎ᠢ 15 ᠤᠳᠠᠭ᠎ᠠ ᠬᠤᠷᠠᠯᠳᠤᠵᠤ᠂ ᠲᠤᠰᠭᠠᠶ ᠮᠡᠷᠭᠡᠵᠢᠯᠲᠡᠨ ᠡᠷᠳᠡᠮᠲᠡᠨ᠂ ᠴᠠᠭ᠍ᠳᠠᠭᠠᠨ᠎ᠤ ᠲᠥᠷᠥᠯ ᠵᠢᠴᠢ ᠲᠤᠰᠠᠯᠠᠬᠴᠢ ᠴᠠᠭ᠍ᠳᠠᠭ᠎ᠠ᠎ᠶ᠋ᠢᠨ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠵᠤ ᠲᠤᠰᠭᠠᠶ ᠰᠡᠳᠦᠪ᠎ᠢᠶᠡᠷ 5 ᠤᠳᠠᠭ᠎ᠠ ᠨᠤᠲᠠᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢᠶᠠᠷ 1 ᠤᠳᠠᠭ᠎ᠠ ᠬᠢᠨᠠᠨ ᠵᠥᠪᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠦᠷᠢᠮ᠎ᠦᠨ ᠵᠥᠪᠯᠡᠯ ᠡᠴᠡ 2 ᠤᠳᠠᠭ᠎ᠠ ᠬᠢᠨᠠᠨ ᠵᠥᠪᠯᠡᠵᠦ᠍᠂ ᠨᠡᠢᠲᠡ 50 ᠭᠠᠷᠤᠶ ᠤᠳᠠᠭ᠎ᠠ ᠡᠬᠡ ᠨᠤᠤᠷᠠᠭ᠎ᠲᠤ ᠵᠠᠰᠠᠪᠤᠷᠢ ᠣᠷᠣᠭᠤᠯᠵᠤ᠂ ᠡᠯ᠎ᠡ ᠲᠠᠯ᠎ᠠ᠎ᠶ᠋ᠢᠨ ᠬᠢᠨ᠎ᠦ 300 ᠭᠠᠷᠤᠶ ᠰᠠᠨᠠᠯ ᠰᠠᠨᠠᠭᠤᠯᠭ᠎ᠠ᠎ᠶ᠋ᠢ ᠬᠣᠷᠢᠶᠠᠨ ᠣᠯᠵᠠᠶ᠃

《ᠳᠦᠷᠢᠮ》 ᠢ᠋ ᠨᠠᠷᠢᠪᠴᠢᠯᠠᠨ ᠦᠵᠡᠪᠡᠯ᠂  《ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ 》 ᠤᠢᠯᠠᠭᠠᠬᠳᠠᠬᠤᠨ᠎ᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠵᠦᠢᠯ ᠵᠤᠷᠪᠤᠰ ᠨᠢᠭᠡᠪᠦᠷᠢ ᠨᠢ ᠪᠦᠬᠦ᠌ ᠣᠷᠣᠨ᠎ᠤ ᠲᠤᠰᠠᠯᠠᠬᠴᠢ ᠴᠠᠭ᠍ᠳᠠᠭ᠎ᠠ᠎ᠶ᠋ᠢᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠂ ᠲᠤᠰᠠᠯᠠᠬᠴᠢ ᠴᠠᠬᠳᠠᠭ᠎ᠠ ᠤᠷᠢᠨ ᠡᠯᠰᠡᠬᠦ᠂ ᠲᠤᠰᠠᠯᠠᠬᠴᠢ ᠴᠠᠬᠳᠠᠭ᠎ᠠ ᠵᠢᠨ ᠪᠠᠲᠤᠯᠠᠭ᠎ᠠ ᠂ ᠲᠤᠰᠠᠯᠠᠬᠴᠢ ᠴᠠᠬᠳᠠᠭ᠎ᠠ ᠵᠢᠨ ᠬᠠᠮᠢᠶᠠᠷᠤᠯᠳᠠ ᠪᠠ ᠬᠢᠨᠠᠯᠲᠠ ᠲᠠᠯᠪᠢᠬᠤ ᠵᠡᠷᠭᠡ ᠦᠢᠯᠡᠳᠦᠯᠭᠡ᠎ᠶ᠋ᠢᠨ ᠱᠠᠭᠠᠷᠳᠠᠯᠭ᠎ᠠ᠎ᠳᠤ ᠨᠡᠢᠴᠡᠬᠦ᠌᠎ᠶ᠋ᠢ ᠦᠨᠡᠨ ᠬᠦ᠌ ᠪᠠᠲᠤᠯᠠᠬᠰᠠᠨ ᠪᠠᠢᠨ᠎ᠠ ᠃

《ᠲᠦᠷᠢᠮ》 ᠨᠢ ᠨᠡᠢ᠌ᠳᠡ 7  ᠪᠦᠯᠦᠭ 42 ᠵᠦᠢᠯ ᠵᠢᠡᠷ ᠪᠦᠷᠢᠯᠳᠦᠵᠦ᠂ ᠠᠵᠢᠯ᠎ᠤᠨ ᠲᠤᠱᠢᠶᠠᠯ ᠬᠠᠷᠢᠭᠤᠴᠠᠯᠭ᠎ᠠ ᠂ ᠤᠷᠢᠵᠤ ᠡᠯᠰᠡᠬᠦ᠂ ᠡᠷᠬᠡ ᠡᠭᠦᠷᠭᠡ ᠪᠠ ᠪᠠᠲᠤᠯᠠᠭ᠎ᠠ᠂ ᠬᠠᠮᠢᠶᠠᠷᠤᠯᠲᠠ ᠬᠢᠨᠠᠯᠲᠠ ᠲᠠᠯᠪᠢᠬᠤ᠂ ᠬᠠᠤᠯᠢ ᠴᠠᠭᠠᠵᠠ ᠵᠢᠨ ᠬᠠᠷᠢᠭᠤᠴᠠᠯᠭ᠎ᠠ ᠵᠡᠷᠭᠡ ᠠᠭᠤᠯᠭ᠎ᠠ᠎ᠶ᠋ᠢ ᠲᠣᠳᠣᠷᠬᠠᠢᠯᠠᠵᠠᠢ᠃ 《ᠲᠦᠷᠢᠮ》 ᠎ᠳ᠋ᠤ ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠲᠤᠰᠠᠯᠠᠬᠴᠢ ᠴᠠᠭ᠍ᠳᠠᠭ᠎ᠠ᠎ᠶ᠋ᠢᠨ ᠠᠵᠢᠯᠲᠠᠨ᠎ᠤ ᠵᠠᠷᠤᠳᠠᠯ᠂ ᠡᠳᠦᠷ ᠲᠤᠲᠤᠮ᠎ᠤᠨ ᠬᠠᠮᠢᠶᠠᠷᠤᠯᠲᠠ ᠪᠠ ᠠᠵᠢᠯ ᠥᠷᠨᠢᠭᠦᠯᠬᠦ᠌᠎ᠳᠦ ᠬᠡᠷᠡᠭ᠌ᠰᠡᠬᠦ᠌ ᠵᠠᠷᠤᠳᠠᠯ᠎ᠢ ᠲᠣᠰ ᠱᠠᠲᠤᠨ᠎ᠤ ᠡᠳ᠋᠎ᠦᠨ ᠵᠠᠰᠠᠭ᠎ᠤᠨ ᠲᠥᠰᠦᠪ᠎ᠲᠦ ᠣᠷᠣᠭᠤᠯᠵᠤ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠡᠳ᠋᠎ᠦᠨ ᠵᠠᠰᠠᠭ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ᠂ ᠲᠤᠬᠠᠶ᠎ᠶ᠋ᠢᠨ ᠭᠠᠵᠠᠷ᠎ᠤᠨ ᠲᠦᠷᠦᠭᠦᠦ ᠵᠢᠯ᠎ᠦᠨ ᠠᠵᠢᠯ᠎ᠤᠨ ᠪᠠᠢᠷᠢ᠎ᠳᠤ ᠪᠠᠢᠭ᠎ᠠ ᠠᠵᠢᠯᠲᠠᠨ ᠠᠵᠢᠯᠴᠢᠨ᠎ᠤ ᠴᠠᠯᠢᠡᠭ᠎ᠤᠨ ᠳᠤᠮᠳᠠᠴᠢ ᠲᠦᠪᠰᠢᠨ ᠵᠢᠡᠷ ᠯᠠᠪᠯᠠᠯᠲᠠ ᠪᠣᠯᠭᠠᠵᠤ᠂ ᠴᠠᠯᠢᠩ ᠬᠥᠯᠥᠰᠥ᠎ᠶ᠋ᠢᠨ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠭ᠍ᠲᠠᠭᠠᠬᠤ ᠬᠡᠷᠡᠭ᠌ᠲᠡᠶ ᠭᠡᠵᠦ ᠲᠤᠬᠳᠠᠭᠠᠪᠠ᠃

《ᠲᠦᠷᠢᠮ》ᠳ᠋ᠤ ᠪᠠᠰᠠ ᠲᠤᠰᠠᠯᠠᠬᠴᠢ ᠴᠠᠭ᠍ᠳᠠᠭ᠎ᠠ ᠤᠷᠢᠨ ᠡᠯᠰᠡᠬᠦ ᠠᠵᠢᠯ᠎ᠢ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠬᠠᠮᠲᠤ᠎ᠪᠠᠷ ᠬᠠᠷᠢᠭᠤᠴᠠᠵᠤ ᠂ ᠲᠤᠰᠠᠯᠠᠬᠴᠢ ᠴᠠᠭ᠍ᠳᠠᠭ᠎ᠠ᠎ᠶ᠋ᠢᠨ ᠣᠷᠣᠨ ᠲᠣᠭ᠎ᠠ᠎ᠶ᠋ᠢᠨ ᠳᠣᠲᠣᠷ᠎ᠠ ᠤᠷᠢᠨ ᠡᠯᠰᠡᠵᠦ᠂ ᠤᠷᠢᠨ ᠡᠯᠰᠡᠬᠦ᠎ᠠᠴᠠ ᠡᠮᠦᠨ᠎ᠡ ᠬᠢᠨᠠᠨ ᠵᠥᠪᠱᠢᠶᠡᠷᠡᠬᠦ᠌ ᠂ ᠤᠷᠢᠨ ᠡᠯᠰᠡᠭᠰᠡᠨ᠎ᠤ ᠲᠠᠷᠠᠭ᠎ᠠ ᠳᠠᠩᠰᠠᠯᠠᠬᠤ ᠲᠣᠭ᠍ᠲᠠᠴᠠ᠎ᠶ᠋ᠢ ᠪᠠᠢᠭᠤᠯᠵᠤ᠂ ᠤᠷᠢᠨ ᠡᠯᠰᠡᠭᠰᠡᠨ᠎ᠤ ᠲᠠᠷᠠᠭ᠎ᠠ ᠬᠠᠤᠯᠢ ᠶᠣᠰᠣᠭᠠᠷ ᠬᠥᠳᠡᠯᠮᠦᠷᠢ᠎ᠶ᠋ᠢᠨ ᠬᠠᠷᠢᠴᠠᠭ᠎ᠠ ᠪᠠᠢᠭᠤᠯᠬᠤ ᠬᠡᠷᠡᠭᠳᠡᠢ᠃ ᠠᠯᠪᠠᠲᠠᠨ᠎ᠤ ᠲᠤᠱᠢᠶᠠᠯ᠎ᠤᠨ ᠲᠤᠱᠢᠶᠠᠯ᠎ᠤᠨ ᠲᠠᠰ᠎ᠤᠨ ᠬᠠᠮᠢᠶᠠᠷᠤᠯᠲᠠ ᠎ᠶ᠋ᠢᠨ ᠵᠠᠭ᠍ᠪᠤᠷ᠎ᠢᠶᠠᠷ ᠯᠠᠪᠯᠠᠯᠲᠠ ᠪᠣᠯᠭᠠᠵᠤ᠂ ᠲᠤᠰᠠᠯᠠᠬᠴᠢ ᠴᠠᠭ᠍ᠳᠠᠭ᠎ᠠ᠎ᠳᠤ ᠲᠠᠰ ᠱᠠᠲᠤᠵᠢᠭᠤᠯᠤᠨ ᠬᠠᠮᠢᠶᠠᠷᠬᠤ᠂ ᠱᠢᠯᠭᠠᠨ ᠬᠢᠨᠠᠵᠤ ᠲᠠᠰ ᠳᠡᠪᠱᠢᠭᠦᠯᠬᠦ᠌ ᠪᠠ ᠥᠷᠢᠰᠥᠯᠳᠦᠭᠦᠯᠦᠨ ᠲᠠᠰ ᠳᠡᠪᠱᠢᠭᠦᠯᠬᠦ᠌᠎ᠶ᠋ᠢ ᠬᠡᠷᠡᠭ᠌ᠵᠢᠭᠦᠯᠵᠦ᠍᠂ ᠴᠠᠯᠢᠩ ᠣᠯᠭᠣᠮᠵᠢ᠎ᠯᠤᠭ᠎ᠠ ᠱᠢᠭᠤᠳ ᠬᠣᠯᠪᠣᠭ᠍ᠳᠠᠭᠤᠯᠬᠤ ᠬᠡᠷᠡᠭᠳᠡᠢ᠃ ᠣᠨᠴᠠ ᠱᠢᠯᠢᠳᠡᠭ ᠲᠤᠰᠠᠯᠠᠬᠴᠢ ᠴᠠᠬᠳᠠᠭ᠎ᠠ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠱᠢᠯᠭᠠᠯᠲᠠ᠎ᠳᠤ ᠨᠡᠷ᠎ᠡ ᠮᠡᠳᠡᠭᠦᠯᠬᠦ᠌ ᠳ᠋ᠤ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠤᠷᠢᠳ ᠵᠢᠠᠷ ᠡᠯᠰᠡᠨ ᠬᠡᠷᠡᠭ᠌ᠯᠡᠬᠦ᠌ ᠬᠡᠷᠡᠭ᠌ᠲᠡᠶ ᠭᠡᠵᠦ ᠲᠤᠬᠳᠠᠭᠠᠵᠠᠢ᠃ ᠡᠳᠡᠭᠡᠷ ᠲᠤᠬᠳᠠᠭᠠᠯ᠎ᠤᠳ ᠨᠢ ᠲᠤᠰᠠᠯᠠᠬᠴᠢ ᠴᠠᠭ᠍ᠳᠠᠭ᠎ᠠ᠎ᠶ᠋ᠢᠨ ᠠᠵᠢᠯ ᠮᠡᠷᠭᠡᠵᠢᠯ᠎ᠦᠨ ᠪᠠᠲᠤᠯᠠᠭ᠎ᠠ᠎ᠶ᠋ᠢ ᠴᠢᠩᠭᠠᠳᠭᠠᠬᠤ᠎ᠳᠤ ᠬᠠᠤᠯᠢ ᠲᠦᠷᠢᠮ ᠤ᠋ᠨ ᠦᠨᠳᠦᠰᠦᠯᠡᠯ ᠬᠠᠩᠭᠠᠵᠤ᠂ ᠲᠤᠰᠠᠯᠠᠬᠴᠢ ᠴᠠᠭ᠍ᠳᠠᠭ᠎ᠠ᠎ᠶ᠋ᠢᠨ ᠠᠵᠢᠯ ᠮᠡᠷᠭᠡᠵᠢᠯ᠎ᠦᠨ ᠣᠷᠣᠨ ᠵᠠᠢ᠎ᠶ᠋ᠢ ᠪᠦᠲᠦᠮᠵᠢᠲᠡᠢ ᠥᠷᠭᠡᠳᠭᠡᠵᠦ᠍᠂ ᠲᠤᠰᠠᠯᠠᠬᠴᠢ ᠴᠠᠭ᠍ᠳᠠᠭ᠎ᠠ᠎ᠶ᠋ᠢᠨ ᠡᠩᠨᠡᠭᠡ᠎ᠶ᠋ᠢᠨ ᠲᠣᠭ᠍ᠲᠠᠭᠤᠨ ᠪᠠᠢᠬᠤ ᠳ᠋ᠤ ᠪᠠᠲᠤᠯᠠᠭ᠎ᠠ ᠬᠠᠡᠭᠭᠠᠬᠤ ᠪᠤᠯᠤᠨ᠎ᠠ᠃

《ᠲᠦᠷᠢᠮ》 ᠢ᠋ ᠨᠡᠢᠲᠡᠯᠡᠬᠦ᠌᠎ᠡᠴᠡ ᠡᠮᠦᠨ᠎ᠡ᠂ ᠮᠠᠨ᠎ᠤ ᠣᠷᠣᠨ᠎ᠤ ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠨᠢᠭᠡᠨᠳᠡ ᠤᠯᠤᠰ᠎ᠤᠨ ᠱᠠᠭᠠᠷᠳᠠᠯᠭ᠎ᠠ ᠶᠣᠰᠣᠭᠠᠷ᠂ ᠴᠠᠭ᠍ᠳᠠᠭᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ᠎ᠤ ᠥᠭᠡᠷᠡᠴᠢᠯᠡᠯᠲᠡ᠎ᠶ᠋ᠢ ᠡᠬᠢᠯᠡᠭᠦᠯᠦᠭ᠌ᠰᠡᠨ ᠪᠥᠭᠡᠳ ᠢᠯᠡᠳᠲᠡ ᠦᠷ᠎ᠡ ᠪᠦᠲᠦᠮᠵᠢ ᠣᠯᠵᠠᠶ᠃ ᠢᠯᠠᠩᠭᠤᠶ᠎ᠠ 2019 ᠣᠨ᠎ᠤ ᠪᠥᠬᠥ᠌ ᠤᠯᠤᠰ ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠬᠤᠷᠠᠯ ᠎ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ 《ᠬᠣᠶᠠᠷ ᠵᠢᠯ ᠳ᠋ᠤ ᠭᠤᠷᠪᠠ ᠱᠢᠯᠭᠠᠵᠤ ᠵᠢᠩᠬᠢᠨᠢᠴᠢᠯᠡᠬᠦ》 ᠢᠨᠵᠧᠨᠧᠷᠢᠩ᠎ᠢ ᠡᠬᠢᠯᠡᠭᠦᠯᠵᠦ᠍᠂ ᠲᠤᠰᠠᠯᠠᠬᠴᠢ ᠴᠠᠭ᠍ᠳᠠᠭ᠎ᠠ ᠎ᠶ᠋ᠢ ᠪᠥᠬᠥ᠌ ᠲᠠᠯ᠎ᠠ᠎ᠪᠠᠷ ᠡᠮᠬᠢᠯᠡᠵᠦ᠍᠂ ᠨᠥᠬᠥᠴᠡᠯ᠎ᠳᠦ ᠨᠡᠢᠴᠡᠬᠦ᠌ ᠥᠬᠡᠶ ᠪᠣᠯ ᠲᠤᠰᠠᠯᠠᠬᠴᠢ ᠴᠠᠭ᠍ᠳᠠᠭ᠎ᠠ᠎ᠶ᠋ᠢᠨ ᠡᠩᠨᠡᠭᠡ ᠡᠴᠨ ᠭᠠᠷᠭᠠᠵᠤ ᠂ ᠨᠥᠬᠥᠴᠡᠯ᠎ᠳᠦ ᠨᠡᠢᠴᠡᠬᠦ᠌᠎ᠶ᠋ᠢ᠎ᠨᠢ ᠵᠢᠷᠤᠮᠵᠢᠭ᠍ᠰᠠᠨ ᠲᠠᠰ ᠳᠠᠷᠠᠭᠠᠯᠠᠯ ᠶᠣᠰᠣᠭᠠᠷ ᠪᠡᠶ᠎ᠡ᠎ᠶ᠋ᠢᠨ ᠭᠠᠷᠤᠯ᠎ᠢ᠎ᠨᠢ ᠮᠠᠭᠠᠳᠯᠠᠨ ᠲᠣᠭ᠍ᠲᠠᠭᠠᠬᠤ ᠵᠢᠨ ᠬᠠᠮᠳᠤ ᠬᠦᠯᠦᠰᠤ ᠣᠯᠭᠣᠮᠵᠢ᠎ᠶ᠋ᠢ᠎ᠨᠢ ᠨᠠᠢᠳᠠᠪᠤᠷᠢᠵᠢᠭᠤᠯᠪᠠ᠃ ᠲᠤᠰᠠᠯᠠᠬᠴᠢ ᠴᠠᠭ᠍ᠳᠠᠭ᠎ᠠ᠎ᠶ᠋ᠢᠨ ᠡᠩᠨᠡᠭᠡ᠎ᠶ᠋ᠢ ᠪᠦᠬᠦ᠌ ᠴᠠᠭ᠍ᠳᠠᠭ᠎ᠠ᠎ᠶ᠋ᠢᠨ ᠪᠣᠳᠠᠲᠤ ᠪᠠᠢᠯᠳᠤᠭᠠᠨ ᠤ᠋ ᠶᠡᠬᠡ  ᠪᠤᠯᠪᠠᠰᠤᠷᠠᠯ ᠤ᠋ᠨ ᠪᠦᠬᠦᠯᠢ ᠴᠣᠭ᠍ᠴᠠ᠎ᠶ᠋ᠢᠨ ᠠᠵᠢᠯ᠎ᠤᠨ ᠬᠡᠪᠴᠢᠶᠡᠨ᠎ᠳᠦ ᠣᠷᠣᠭᠤᠯᠵᠤ ᠂ ᠲᠤᠰᠠᠯᠠᠬᠴᠢ ᠴᠠᠭ᠍ᠳᠠᠭ᠎ᠠ᠎ᠶ᠋ᠢᠨ ᠤᠯᠤᠰ ᠲᠥᠷᠥ᠎ᠶ᠋ᠢᠨ ᠴᠢᠳᠠᠪᠤᠷᠢ ᠂ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠂ ᠪᠣᠳᠠᠲᠤ ᠪᠠᠢᠯᠳᠤᠭᠠᠨ᠎ᠤ ᠮᠡᠷᠭᠡᠵᠢᠯ ᠴᠢᠳᠠᠪᠤᠷᠢ ᠪᠠ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠪᠡ᠃ ᠲᠤᠰᠠᠯᠠᠬᠴᠢ ᠴᠠᠭ᠍ᠳᠠᠭ᠎ᠠ᠎ᠶ᠋ᠢᠨ ᠠᠵᠢᠯ ᠮᠡᠷᠭᠡᠵᠢᠯ᠎ᠦᠨ ᠪᠠᠲᠤᠯᠠᠭ᠎ᠠ᠎ᠶ᠋ᠢᠨ ᠡᠷᠴᠢᠮ ᠵᠢᠯ ᠳᠠᠷᠠᠭᠠᠯᠠᠨ ᠨᠡᠮᠡᠭ᠌ᠳᠡᠵᠦ᠍᠂ ᠣᠷᠣᠯᠭ᠎ᠠ᠂ ᠨᠡᠢᠭᠡᠮ᠎ᠦᠨ ᠳᠠᠭᠠᠳᠭᠠᠯ ᠲᠤᠱᠢᠶᠠᠬᠤ ᠨᠣᠷᠮ᠎ᠠ᠂ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠌ ᠲᠤᠱᠢᠶᠠᠬᠤ ᠨᠣᠷᠮ᠎ᠠ ᠥᠭᠡᠷᠡᠴᠢᠯᠡᠯᠲᠡ᠎ᠶ᠋ᠢᠨ ᠡᠮᠦᠨᠡᠬᠢ᠎ᠡᠴᠡ ᠶᠡᠬᠡ ᠬᠡᠮᠵᠢᠶ᠎ᠡ᠎ᠪᠡᠷ ᠨᠡᠮᠡᠭ᠌ᠳᠡᠪᠡ᠃

ᠲᠠᠷᠠᠭᠠᠴᠢ ᠪᠡᠷ ᠂ 《ᠲᠦᠷᠢᠮ》 ᠤ᠋ᠨ ᠬᠦᠴᠦᠳᠡᠢ ᠪᠠᠳᠤᠯᠠᠭ᠎ᠠ ᠲᠤᠤᠷ᠎ᠠ᠂ ᠲᠤᠰᠠᠯᠠᠬᠴᠢ ᠴᠠᠭ᠍ᠳᠠᠭ᠎ᠠ᠎ᠶ᠋ᠢᠨ ᠡᠬᠦᠷᠭᠡ ᠲᠤᠰᠢᠶᠠᠯ ᠵᠢᠡᠨ ᠬᠦᠢᠴᠡᠳᠭᠡᠭᠦ ᠠᠵᠢᠯᠯᠠᠭ᠎ᠠ ᠵᠢ ᠤᠯᠠᠮ ᠵᠢᠷᠤᠮᠵᠢᠭᠤᠯᠵᠤ᠂ ᠲᠤᠰᠠᠯᠠᠬᠴᠢ ᠴᠠᠬᠳᠠᠭ᠎ᠠ ᠵᠢᠨ ᠬᠠᠤᠯᠢ ᠶᠤᠰᠤᠨ᠎ᠤ ᠡᠷᠭᠡ ᠠᠰᠢᠭ᠎ᠢ ᠨᠠᠡᠭ ᠰᠠᠢᠳᠤᠷ ᠪᠠᠳᠤᠯᠠᠵᠤ᠂ ᠮᠠᠨ᠎ᠤ ᠤᠷᠤᠨ᠎ᠤ ᠲᠤᠰᠠᠯᠠᠬᠴᠢ ᠴᠠᠬᠳᠠᠭ᠎ᠠ ᠵᠢᠨ ᠡᠩᠨᠡᠭᠡ᠎ᠶ᠋ᠢᠨ ᠲᠦᠷᠢᠮᠵᠢᠭᠰᠡᠨ ᠬᠠᠤᠯᠢᠵᠢᠭᠰᠡᠨ ᠵᠢᠩᠬᠢᠨᠢᠴᠢᠯᠡᠭᠰᠡᠨ ᠪᠠᠢᠭᠤᠯᠤᠯᠳᠠ ᠵᠢ ᠦᠷᠬᠦᠯᠵᠢᠯᠡᠨ ᠠᠬᠢᠭᠤᠯᠵᠤ᠂ 4  ᠲᠦᠮᠡ ᠭᠠᠷᠤᠢ ᠲᠤᠰᠠᠯᠠᠬᠴᠢ ᠴᠠᠭ᠍ᠳᠠᠭ᠎ᠠ ᠦᠪᠡᠷ᠎ᠤᠨ ᠠᠵᠢᠯ ᠦᠢᠯᠡᠰ᠎ᠤᠨ ᠵᠢᠡᠨ ᠰᠠᠷᠠᠭᠤᠯ ᠢᠷᠡᠭᠡᠳᠦᠢ ᠪᠠᠨ ᠤᠭ᠍ᠲᠤᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号