ᠰᠦᠯᠵᠢᠶᠡᠨ ᠨᠠᠢᠵᠠ ᠵᠢᠨᠰᠦᠯᠵᠢᠶᠡᠨ ᠳᠡᠭᠡᠷ᠎ᠡ ᠪᠡᠯᠡ ᠣᠷᠣᠭᠤᠯᠤᠨ ᠡᠳ᠋᠎ᠦᠨ ᠶᠠᠪᠤᠳᠠᠯ᠎ᠤᠨ ᠬᠠᠮᠢᠶᠠᠷᠤᠯᠳᠠ ᠪᠡᠷ ᠳᠠᠮᠵᠢᠨ ᠦᠨᠳᠦᠷ ᠦᠷ᠎ᠠ ᠠᠰᠢᠭ ᠤᠯᠬᠤ ᠵᠢ ᠢᠳᠡᠭᠡᠭᠡᠳ ᠬᠦᠬᠡᠬᠣᠲᠠ᠎ᠵᠢᠨ ᠬᠤᠶᠠᠷ ᠠᠪᠠᠬᠠᠢ 300 ᠭᠠᠷᠤᠢ ᠲᠦᠮᠡᠨ ᠲᠦᠭᠦᠷᠢᠭ ᠮᠡᠬᠡᠯᠡᠭ᠌ᠳᠡᠪᠡ᠃
8 ᠰᠠᠷ᠎ᠠ᠎ᠶ᠋ᠢᠨ ᠦᠶ᠎ᠠ ᠪᠡᠷ ᠂ ᠢᠦᠢᠴᠢᠤᠸᠠᠨ ᠲᠣᠭᠣᠷᠢᠭ᠎ᠤᠨ ᠬᠠᠷᠢᠶ᠎ᠠ ᠣᠷᠣᠨ᠎ᠤ ᠰᠠᠭᠤᠭᠠᠯᠢ ᠠᠷᠠᠳ ᠭᠤᠤ ᠠᠪᠠᠬᠠᠶ ᠴᠠᠭ᠍ᠳᠠᠭ᠎ᠠ᠎ᠳᠤ᠂ ᠰᠦᠯᠵᠢᠶᠡᠨ ᠳᠡᠭᠡᠷ᠎ᠡ ᠪᠤᠰᠤᠳ᠎ᠲᠠᠶ ᠨᠠᠢᠵᠠᠯᠠᠭ᠍ᠰᠠᠨᠤ ᠳᠠᠷᠠᠭ᠎ᠠ᠂ ᠬᠤᠳᠠᠯ ᠬᠠᠭᠤᠷᠮᠠᠭ APP ᠳᠡᠭᠡᠷ᠎ᠡ 78 ᠲᠦᠮᠡ ᠭᠠᠷᠤᠶ ᠲᠥᠭᠥᠷᠢᠭ ᠮᠡᠬᠡᠯᠡᠭ᠌ᠳᠡᠪᠡ ᠭᠡᠵᠤ ᠬᠡᠷᠡᠭ ᠮᠡᠳᠡᠬᠦᠯᠪᠡ᠃ ᠬᠡᠷᠡᠭ ᠤ᠋ᠨ ᠮᠡᠳᠡᠭᠦᠯᠦᠯᠲᠡ᠎ᠶ᠋ᠢ ᠳᠤᠰᠤᠭ᠍ᠰᠠᠨ᠎ᠤ ᠳᠠᠷᠠᠭ᠎ᠠ᠂ ᠢᠦᠢᠴᠢᠤᠸᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠡᠷᠡᠭ᠎ᠲᠦ ᠬᠣᠯᠪᠣᠭ᠍ᠳᠠᠭ᠍ᠰᠠᠨ 17 ᠪᠠᠡᠭᠭᠢ ᠵᠢᠨ ᠺᠠᠷᠲ ᠤ᠋ᠨ ᠵᠤᠭᠤᠰ ᠭᠠᠷᠭᠠᠨ ᠠᠪᠬᠤ᠂ ᠭᠤᠪᠢᠭᠤᠯᠬᠤ ᠵᠢᠴᠢ ᠪᠠᠢᠴᠠᠭᠠᠨ ᠯᠠᠪᠯᠠᠬᠤ ᠵᠢ ᠲᠦᠷ ᠵᠤᠬᠰᠤᠭᠠᠵᠤ᠂ ᠲᠣᠰ ᠬᠡᠷᠡᠭ᠎ᠲᠦ ᠬᠣᠯᠪᠣᠭ᠍ᠳᠠᠭ᠍ᠰᠠᠨ ᠪᠠᠯᠠ ᠮᠥᠩᠭᠥᠨ᠎ᠦ ᠭᠦᠶ᠋ᠯᠭᠡᠭᠡ ᠪᠠ ᠮᠡᠳᠡᠭᠡ ᠵᠠᠩᠭᠢ᠎ᠶ᠋ᠢᠨ ᠢᠷᠡᠯᠲᠡ᠎ᠶ᠋ᠢ ᠰᠤᠳᠤᠯᠤᠨ ᠮᠠᠭᠠᠳᠯᠠᠵᠤ᠂ ᠮᠡᠬᠡᠯᠡᠯ᠎ᠳᠦ ᠬᠣᠯᠪᠣᠭ᠍ᠳᠠᠭ᠍ᠰᠠᠨ APP ᠶ᠋ᠢ ᠵᠠᠳᠠᠯᠤᠨ ᠱᠢᠨᠵᠢᠯᠡᠵᠦ᠍᠂ ᠬᠡᠷᠡᠭ᠎ᠲᠦ ᠬᠣᠯᠪᠣᠭ᠍ᠳᠠᠭ᠍ᠰᠠᠨ ᠵᠣᠭᠣᠰ ᠮᠥᠩᠭᠥᠨ᠎ᠦ ᠪᠣᠳᠠᠲᠠᠶ ᠤᠷᠤᠨ ᠪᠠᠢᠷᠢ᠎ᠶ᠋ᠢ ᠡᠵᠡᠮᠱᠢᠵᠦ᠂ ᠶᠠᠯ᠎ᠠ ᠵᠢᠨ ᠰᠡᠵᠢᠭ᠌ᠳᠡᠨ ᠤ᠋ ᠪᠠᠢᠳᠠᠯ᠎ᠢ ᠠᠩᠬ᠎ᠠ ᠠᠯᠬᠤᠮ ᠨᠤᠲᠠᠯᠠᠪᠠ᠃ ᠡᠯ᠎ᠡ ᠲᠠᠯ᠎ᠠ᠎ᠶ᠋ᠢᠨ ᠬᠢᠨ᠎ᠦ ᠵᠣᠬᠢᠴᠠᠭᠤᠯᠭ᠎ᠠ ᠳᠣᠣᠷ᠎ᠠ᠂ ᠤᠯᠠᠭᠠᠨᠬᠠᠳᠠ ᠬᠣᠲᠠ᠎ᠶ᠋ᠢᠨ ᠨᠢᠩᠴᠧᠩ ᠱᠢᠶᠠᠨ ᠡᠴᠡ ᠶᠠᠯ᠎ᠠ ᠬᠢᠭ᠌ᠰᠡᠨ ᠰᠡᠵᠢᠭ᠌ᠳᠡᠨ ᠶᠣᠣ ᠣᠪᠣᠭ᠍ᠲᠤ᠂ ᠼᠦᠢ ᠣᠪᠣᠭ᠍ᠲᠤ᠎ᠶ᠋ᠢ ᠪᠠᠷᠢᠪᠴᠢᠯᠠᠪᠠ᠃
ᠠᠳᠠᠯᠢᠬᠠᠨ ᠵᠢᠡᠷ ᠯᠢᠦ ᠠᠪᠠᠬᠠᠶ ᠰᠦᠯᠵᠢᠶ᠎ᠡ᠎ᠪᠡᠷ ᠳᠡᠮᠵᠢᠨ ᠨᠢᠭᠡᠨ ᠡᠷᠡᠭ᠌ᠲᠡᠶ᠎ᠲᠡᠶ ᠢᠨᠠᠬᠯᠠᠵᠤ᠂ ᠲᠣᠰ ᠡᠷᠡᠭ᠌ᠲᠡᠶ᠎ᠶ᠋ᠢᠨ ᠲᠠᠨᠢᠯᠴᠠᠭᠤᠯᠤᠬᠰᠠᠨ ᠵᠢᠡᠷ ᠯᠢᠦ ᠠᠪᠠᠬᠠᠶ 《ᠮᠥᠩᠭᠥᠨ ᠭᠦᠶ᠋ᠯᠭᠡᠭᠡᠨ᠎ᠦ ᠳᠤᠮᠳᠠᠳᠤ ᠤᠯᠤᠰ》 ᠭᠡᠭᠦ APP ᠳ᠋ᠤ 230 ᠲᠦᠮᠡᠨ ᠲᠥᠭᠥᠷᠢᠭ᠎ᠦᠨ ᠡᠳ᠋᠎ᠦᠨ ᠶᠠᠪᠤᠳᠠᠯ᠎ᠤᠨ ᠬᠠᠮᠢᠶᠠᠷᠤᠯᠲᠠ ᠬᠢᠵᠤ ᠦᠨᠳᠦᠷ ᠠᠰᠢᠭ ᠤᠯᠬᠤ ᠭᠡᠳ ᠬᠣᠵᠢᠮ ᠨᠢ ᠪᠡᠯᠡ ᠮᠥᠩᠭᠥ᠌ ᠪᠠᠨ ᠭᠠᠷᠭᠠᠨ ᠠᠪᠬᠤ᠎ᠶ᠋ᠢᠨ ᠠᠷᠭ᠎ᠠ ᠥᠬᠡᠶ ᠪᠣᠯᠵᠦ᠂ ᠰᠠᠢᠬᠠᠨ ᠲᠣᠭᠣᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠳᠤ ᠬᠡᠷᠡᠭ ᠮᠡᠳᠡᠭᠦᠯᠪᠡ᠃ ᠬᠡᠷᠡᠭ᠎ᠦᠨ ᠮᠡᠳᠡᠭᠦᠯᠦᠯᠲᠡ᠎ᠶ᠋ᠢ ᠲᠤᠰᠤᠭ᠍ᠰᠠᠨᠤ ᠳᠠᠷᠠᠭ᠎ᠠ᠂ ᠲᠤᠰ ᠳᠤᠪᠴᠢᠶᠠᠨ᠎ᠤ ᠠᠷᠠᠳ ᠤ᠋ᠨ ᠴᠠᠬᠳᠠᠭ᠎ᠠ ᠮᠡᠳᠡᠭᠡ ᠵᠠᠩᠭᠢ᠎ᠶ᠋ᠢ ᠰᠤᠳᠤᠯᠤᠨ ᠮᠠᠭᠠᠳᠯᠠᠬᠤ᠂ ᠪᠠᠢᠴᠠᠭᠠᠨ ᠰᠤᠷᠪᠤᠯᠵᠢᠯᠠᠬᠤ᠂ ᠬᠢᠨᠠᠨ ᠡᠵᠡᠮᠳᠡᠬᠦ᠌᠎ᠪᠡᠷ ᠳᠡᠮᠵᠢᠨ᠂ ᠲᠣᠰ ᠬᠡᠷᠡᠭ᠎ᠦᠨ ᠪᠠᠡᠭᠭᠢ ᠵᠢᠨ ᠺᠠᠷᠲ᠎ᠤᠨ ᠡᠵᠡᠨ᠎ᠦ ᠪᠡᠶ᠎ᠡ ᠵᠢᠨ ᠭᠠᠷᠤᠯ᠎ᠤᠨ ᠮᠡᠳᠡᠭᠡ ᠵᠠᠩᠭᠢ᠎ᠶ᠋ᠢ ᠲᠣᠭ᠍ᠲᠠᠭᠠᠵᠤ᠂ ᠯᠢᠶᠣᠤᠨᠢᠩ ᠮᠤᠵᠢ᠎ᠶ᠋ᠢᠨ ᠳ᠋ᠠᠯᠢᠶᠠᠨ ᠬᠣᠲᠠ ᠡᠴᠡ ᠶᠠᠯ᠎ᠠ ᠵᠢᠨ ᠰᠡᠵᠢᠭ᠌ᠳᠡᠨ ᠴᠢᠶᠣᠤ ᠣᠪᠣᠭ᠍ᠲᠤ᠎ᠶ᠋ᠢ ᠪᠠᠷᠢᠪᠴᠢᠯᠠᠪᠠ᠃
ᠣᠳᠣᠬᠠᠨ᠎ᠳᠤ ᠂ ᠮᠠᠰᠢ ᠤᠯᠠᠨ ᠬᠦᠮᠦᠨ ᠰᠦᠯᠵᠢᠶᠡᠨ ᠳᠡᠭᠡᠷ᠎ᠡ ᠪᠡᠯᠡ ᠤᠷᠤᠭᠤᠯᠬᠤ ᠪᠤᠶᠤ ᠡᠳ᠋᠎ᠦᠨ ᠶᠠᠪᠤᠳᠠᠯ᠎ᠤᠨ ᠬᠠᠮᠢᠶᠠᠷᠤᠯᠳᠠ ᠪᠡᠷ ᠳᠠᠮᠵᠢᠨ ᠠᠰᠢᠭ ᠤᠯᠬᠤ ᠪᠤᠯᠵᠠᠢ᠃ ᠠᠷᠠᠳ᠎ᠤᠨ ᠴᠠᠭ᠍ᠳᠠᠭ᠎ᠠ ᠡᠴᠨ᠂ ᠶᠠᠮᠠᠷᠪᠠ ᠪᠠᠯᠠ ᠣᠷᠣᠭᠤᠯᠤᠯᠲᠠ᠎ᠳᠤ ᠴᠥᠮ ᠠᠶᠤᠯ ᠲᠦᠭ᠌ᠰᠢᠭᠦᠷᠢ ᠣᠷᠣᠱᠢᠵᠤ᠂ ᠬᠤᠳᠠ ᠵᠢᠨ ᠠᠷᠠᠳ ᠥᠨᠳᠥᠷ ᠠᠰᠢᠭ ᠤᠯᠤᠬᠰᠠᠨ ᠭᠡᠬᠦ ᠮᠡᠳᠦ ᠵᠢᠨ ᠬᠡᠷᠡᠭ᠎ᠦᠨ ᠵᠢᠱ᠌ᠢᠶ᠎ᠡ ᠵᠢ ᠬᠢᠴᠢᠶᠡᠬᠦ ᠬᠡᠷᠡᠭᠳᠡᠢ ᠂ ᠰᠦᠯᠵᠢᠶᠡᠨ ᠲᠡᠭᠡᠷᠡᠬᠢ ᠪᠠᠯᠠ ᠣᠷᠣᠭᠤᠯᠬᠤ ᠲᠠᠪᠴᠠᠩ᠎ᠢ ᠪᠣᠯᠭᠣᠮᠵᠢᠲᠠᠶ ᠰᠣᠩᠭᠣᠵᠤ᠂ ᠪᠠᠯᠠ ᠣᠷᠣᠭᠤᠯᠬᠤ ᠲᠠᠪᠴᠠᠩ᠎ᠤᠨ ᠬᠠᠤᠯᠢ ᠲᠤᠬᠳᠠᠭᠠᠯ ᠳ᠋ᠤ ᠨᠡᠢᠴᠡᠬᠦ᠌ ᠡᠰᠡᠬᠦ᠌᠎ᠶ᠋ᠢ ᠱᠢᠯᠭᠠᠨ ᠪᠠᠲᠤᠯᠠᠬᠤ ᠬᠡᠷᠡᠭ᠌ᠲᠡᠶ᠃ ᠡᠭᠦᠨ᠎ᠡᠴᠡ ᠭᠠᠳᠠᠨ᠎ᠠ᠂ ᠰᠦᠯᠵᠢᠶᠠᠨ ᠲᠡᠭᠡᠷ᠎ᠠ ᠵᠤᠭᠤᠰ ᠭᠤᠪᠢᠭᠤᠯᠤᠬᠰᠠᠨ ᠪᠤᠶᠤ ᠲᠠᠩᠰᠠ ᠱᠢᠯᠵᠢᠭᠦᠯᠦᠭ᠌ᠰᠡᠨ ᠪᠤᠯ ᠭᠡᠷᠡᠴᠢ ᠪᠠᠷᠢᠮᠲᠠ᠎ᠪᠠᠨ ᠬᠠᠳᠠᠭᠠᠯᠠᠵᠤ ᠂ ᠮᠡᠬᠡᠯᠡᠯ᠎ᠳᠦ ᠤᠴᠠᠷᠠᠪᠠᠯ ᠳᠠᠷᠤᠶ ᠲᠦᠷᠭᠡᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠳ᠋ᠤ ᠬᠡᠷᠡᠭ ᠮᠡᠳᠡᠬᠦᠯᠬᠦ ᠬᠡᠷᠡᠭᠳᠡᠢ ᠭᠡᠵᠦ ᠰᠠᠨᠠᠭᠤᠯᠪᠠ᠃