ᠳᠤᠮᠳᠠᠳᠤ ᠫᠠᠺᠢᠰᠲ᠋ᠠᠨ᠎ᠤ ᠠᠵᠤ ᠠᠬᠤᠶ᠎ᠶ᠋ᠢᠨ ᠬᠣᠩᠭᠢᠯ᠎ᠢ ᠪᠥᠲᠥᠭᠡᠨ ᠪᠠᠢᠭᠤᠯᠤᠬᠰᠠᠨ 8 ᠵᠢᠯ᠎ᠤᠨ ᠲᠤᠷᠰᠢ ᠫᠠᠺᠢᠰᠲ᠋ᠠᠨ᠎ᠳᠤ 254 ᠳ᠋ᠦᠩᠱᠢᠭᠤᠷ ᠳ᠋ᠣᠯᠯᠠᠷ᠎ᠤᠨ ᠱᠢᠭᠤᠳ ᠪᠠᠯᠠ ᠣᠷᠣᠭᠤᠯᠤᠯᠲᠠ ᠬᠠᠩᠭᠠᠵᠠᠢ
2021-10-25 16:49:31
ᠵᠣᠬᠢᠶᠠᠭ᠍ᠴᠢ᠄
ᠱᠢᠶ᠍ᠸ ᠰᠢ ᠶᠣᠣ ᠠᠨ ᠪᠸᠢ
ᠣᠩᠱᠢᠭ᠍ᠰᠠᠨ ᠣᠳᠠᠭ᠎ᠠ᠄
★★★☆☆

ᠳᠤᠮᠳᠠᠳᠤ ᠫᠠᠺᠢᠰᠲ᠋ᠠᠨ᠎ᠤ ᠠᠵᠤ ᠠᠬᠤᠢ᠎ᠶ᠋ᠢᠨ ᠬᠤᠩᠬᠢᠯ᠎ᠤᠨ ᠬᠠᠮᠲᠤᠷᠠᠭ᠍ᠰᠠᠨ ᠬᠠᠮᠲᠤᠷᠠᠯᠴᠠᠭᠠᠨ᠎ᠤ ᠵᠥᠪᠯᠡᠯ᠎ᠦᠨ ᠠᠷᠪᠠᠳᠤᠭᠠᠷ ᠤᠳᠠᠭ᠎ᠠ᠎ᠶ᠋ᠢᠨ ᠬᠤᠷᠠᠯ 23 ᠤ᠋ ᠡᠳᠦᠷ ᠸᠢᠳᠢᠣ᠋ ᠬᠡᠯᠪᠡᠷᠢ᠎ᠪᠡᠷ ᠬᠤᠷᠠᠯᠳᠤᠪᠠ᠃ ᠳᠤᠮᠳᠠᠳᠤ ᠫᠠᠺᠢᠰᠲ᠋ᠠᠨ᠎ᠤ ᠠᠵᠤ ᠠᠬᠤᠢ᠎ᠶ᠋ᠢᠨ ᠬᠤᠩᠬᠢᠯ᠎ᠤᠨ ᠬᠠᠮᠲᠤᠷᠠᠭ᠍ᠰᠠᠨ ᠬᠠᠮᠲᠤᠷᠠᠯᠴᠠᠭᠠᠨ᠎ᠤ ᠵᠥᠪᠯᠡᠯ᠎ᠦᠨ ᠳᠤᠮᠳᠠᠳᠤ᠎ᠶ᠋ᠢᠨ ᠲᠠᠯ᠎ᠠ᠎ᠶ᠋ᠢᠨ ᠲᠡᠷᠢᠭᠦᠯᠡᠭ᠌ᠴᠢ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠨᠢᠩ ᠵᠶ᠋ᠢ ᠵᠸ ᠬᠤᠷᠠᠯ ᠳᠡᠭᠡᠷ᠎ᠡ᠂ ᠳᠤᠮᠳᠠᠳᠤ ᠫᠠᠺᠢᠰᠲ᠋ᠠᠨ᠎ᠤ ᠠᠵᠤ ᠠᠬᠤᠢ᠎ᠶ᠋ᠢᠨ ᠬᠤᠩᠬᠢᠯ ᠪᠣᠯ《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠬᠡᠨ ᠪᠠᠢᠭᠤᠯᠬᠤ ᠪᠡᠯᠭᠡ ᠳᠡᠮᠳᠡᠭ᠎ᠦᠨ ᠴᠢᠨᠠᠷᠲᠠᠢ ᠢᠨᠵᠧᠨᠧᠷᠢᠩ ᠪᠦᠬᠡᠳ ᠤᠷᠢᠳ᠎ᠢᠶᠠᠷ ᠬᠡᠷᠡᠭ᠌ᠵᠢᠭᠦᠯᠵᠦ᠍ ᠤᠷᠢᠳ᠎ᠢᠶᠠᠷ ᠲᠤᠷᠱᠢᠬᠤ ᠳᠦᠷᠦᠯ ᠵᠦᠢᠯ ᠪᠣᠯᠤᠨ᠎ᠠ᠂ 8 ᠵᠢᠯ ᠭᠠᠷᠤᠢ᠎ᠶ᠋ᠢᠨ ᠲᠤᠷᠰᠢ᠂ ᠬᠤᠩᠬᠢᠯ᠎ᠤᠨ ᠪᠦᠳᠦᠬᠡᠨ ᠪᠠᠢᠭᠤᠯᠤᠯᠳᠠ ᠨᠢ ᠫᠠᠺᠢᠰᠲ᠋ᠠᠨ᠎ᠳᠤ ᠨᠡᠢ᠌ᠳᠡ 254 ᠳ᠋ᠦᠩᠱᠢᠭᠤᠷ ᠳ᠋ᠣᠯᠯᠠᠷ᠎ᠤᠨ ᠱᠢᠭᠤᠳ ᠪᠡᠯᠡ ᠣᠷᠣᠭᠤᠯᠤᠯᠲᠠ ᠬᠠᠩᠭᠠᠵᠤ᠂ ᠮᠠᠰᠢ ᠤᠯᠠᠨ ᠠᠵᠢᠯ᠎ᠤᠨ ᠪᠠᠢᠷᠢ ᠤᠯᠭᠤᠵᠠᠢ ᠭᠡᠪᠡ᠃

ᠨᠢᠩ ᠵᠢᠢ ᠵᠸ ᠬᠤᠷᠠᠯ ᠳᠡᠭᠡᠷ᠎ᠡ᠂ ᠲᠠᠷᠠᠭᠠᠴᠢ᠎ᠶ᠋ᠢᠨ ᠠᠯᠬᠤᠮ᠎ᠳᠤ ᠬᠣᠶᠠᠷ ᠤᠯᠤᠰ᠎ᠤᠨ ᠤᠳᠤᠷᠢᠳᠭᠤ ᠬᠥᠮᠦᠨ᠎ᠦ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠳᠤᠮᠳᠠᠳᠤ ᠫᠠᠺᠢᠰᠲ᠋ᠠᠨ ᠤ᠋ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠣᠶ᠎ᠪᠠᠷ ᠲᠣᠬᠢᠶᠠᠯ ᠪᠣᠯᠭᠠᠵᠤ᠂ ᠬᠣᠩᠭᠢᠯ᠎ᠤᠨ ᠪᠥᠲᠥᠭᠡᠨ ᠪᠠᠢᠭᠤᠯᠤᠯᠲᠠ᠎ᠪᠠᠷ ᠭᠤᠤᠯ ᠪᠣᠯᠭᠠᠵᠤ᠂ ᠭᠤᠸᠠᠳ᠋ᠸᠷ ᠭᠠᠷᠠᠮ᠂ ᠡᠨᠧᠷᠭᠢ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠠᠵᠤ ᠦᠶ᠋ᠯᠡᠰ᠎ᠦᠨ ᠬᠠᠮᠲᠤᠷᠠᠯᠴᠠᠭ᠎ᠠ᠎ᠪᠠᠷ ᠭᠤᠤᠯᠳᠠᠯᠭ᠎ᠠ ᠪᠣᠯᠭᠠᠭ᠍ᠰᠠᠨ《1 + 4》 ᠬᠠᠮᠲᠤᠷᠠᠯᠴᠠᠭᠠᠨ᠎ᠤ ᠪᠠᠢᠷᠢᠱᠢᠭᠤᠯᠤᠯᠲᠠ ᠵᠢᠨ ᠲᠤᠭᠤᠷᠢᠨ ᠳ᠋ᠤ᠂ ᠣᠲᠣ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠠᠱᠢᠭ᠍ᠯᠠᠯᠲᠠ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠦᠨ᠎ᠠ᠃ ᠬᠣᠩᠭᠢᠯ᠎ᠤᠨ ᠡᠷᠡᠭᠦᠯ᠂ ᠪᠣᠬᠢᠷᠲᠤᠯ ᠥᠬᠡᠶ᠂ ᠲᠣᠭᠠᠴᠢᠯᠠᠭ᠍ᠰᠠᠨ ᠱᠢᠨᠵᠢ ᠴᠢᠨᠠᠷ᠎ᠢ ᠳᠣᠪᠣᠢᠯᠭᠠᠵᠤ᠂ ᠠᠵᠤ ᠦᠶ᠋ᠯᠡᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠬᠥᠳᠡᠭᠡ ᠠᠵᠤ ᠠᠬᠤᠶ᠂ ᠨᠡᠢᠭᠡᠮ ᠠᠷᠠᠳ᠎ᠤᠨ ᠠᠮᠢᠳᠤᠷᠠᠯ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠡᠷᠡᠭᠦᠯ ᠬᠣᠩᠭᠢᠯ᠎ᠢ ᠰᠡᠳᠭᠢᠯ ᠳᠡᠯᠪᠢᠨ ᠪᠠᠢᠭᠤᠯᠵᠤ᠂ ᠠᠵᠤ ᠦᠶ᠋ᠯᠡᠰ᠎ᠦᠨ ᠬᠣᠩᠭᠢᠯ᠎ᠢ ᠢᠳᠡᠪᠬᠢᠲᠡᠶ ᠪᠠᠢᠭᠤᠯᠵᠤ᠂ ᠠᠷᠠᠯᠵᠢᠶᠠᠨ᠎ᠤ ᠬᠣᠩᠭᠢᠯ᠎ᠢ ᠱᠢᠯᠤᠭᠤᠳᠭᠠᠬᠤ᠎ᠶ᠋ᠢ ᠲᠦᠷᠭᠡᠳᠭᠡᠵᠦ᠍᠂ ᠲᠣᠭᠠᠴᠢᠯᠠᠭ᠍ᠰᠠᠨ ᠬᠣᠩᠭᠢᠯ᠎ᠢ ᠨᠠᠷᠢᠨ ᠨᠢᠮᠪᠠᠶ ᠪᠠᠢᠭᠤᠯᠵᠤ᠂ ᠪᠣᠬᠢᠷᠲᠤᠯ ᠥᠬᠡᠶ ᠬᠣᠩᠭᠢᠯ ᠢ᠋ ᠪᠠᠢᠭᠤᠯᠵᠤ᠂ ᠬᠣᠩᠭᠢᠯ ᠨᠢ ᠥᠨᠳᠥᠷ ᠲᠦᠪᠱᠢᠨ ᠪᠥᠬᠥᠶ ᠠᠮᠤᠷ ᠲᠦᠪᠱᠢᠨ᠎ᠦ ᠪᠠᠲᠤᠯᠠᠭ᠎ᠠ ᠳᠤᠤᠷ᠎ᠠ ᠴᠢᠨᠠᠷ ᠰᠠᠢᠲᠠᠶ ᠠᠵᠢᠯᠯᠠᠬᠤ᠎ᠶ᠋ᠢ ᠦᠨᠡᠨ ᠬᠦ᠌ ᠠᠬᠢᠭᠤᠯᠵᠤ᠂ ᠬᠣᠩᠭᠢᠯ᠎ᠢ《ᠨᠢᠭᠡ ᠪᠦᠰᠡ ᠨᠢᠭᠡ ᠵᠠᠮ》 ᠤ᠋ᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠪᠣᠯᠭᠠᠨ ᠪᠠᠢᠭᠤᠯᠵᠤ᠂ ᠭᠠᠷ ᠬᠣᠯᠪᠣᠨ ᠱᠢᠨ᠎ᠡ ᠴᠠᠭ ᠦᠶ᠎ᠡ᠎ᠶ᠋ᠢᠨ ᠨᠠᠩ ᠨᠢᠭ᠍ᠲᠠ ᠳᠤᠮᠳᠠᠳᠤ ᠫᠠᠺᠢᠰᠲ᠋ᠠᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠤᠨ᠎ᠠ ᠭᠡᠵᠤ ᠢᠯᠡᠳᠭᠡᠵᠠᠢ᠃

ᠬᠤᠷᠠᠯ ᠡᠴᠡ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠠᠵᠤ ᠦᠢᠯᠡᠰ᠎ᠦᠨ ᠬᠠᠮᠲᠤᠷᠠᠭ᠍ᠰᠠᠨ ᠠᠵᠢᠯᠯᠠᠬᠤ ᠳᠤᠭᠤᠢᠯᠠᠩ ᠪᠠᠢᠭᠤᠯᠤᠭ᠍ᠳᠠᠭ᠍ᠰᠠᠨ ᠎ᠢ ᠨᠡᠢᠲᠡᠯᠡᠪᠡ᠃ ᠳᠤᠮᠳᠠᠳᠤ ᠫᠠᠺᠢᠰᠲ᠋ᠠᠨ ᠬᠣᠶᠠᠷ ᠲᠠᠯ᠎ᠠ᠎ᠪᠠᠷ᠎ᠢᠶᠠᠨ ᠬᠤᠷᠠᠯ᠎ᠤᠨ ᠲᠣᠪᠴᠢ ᠲᠡᠮᠳᠡᠭ᠌ᠯᠡᠯ ᠵᠡᠷᠭᠡ 5 ᠬᠤᠪᠢ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠭ᠍ᠰᠠᠨ ᠪᠥᠭᠡᠳ ᠠᠵᠤ ᠠᠬᠤᠢᠯᠠᠯ᠎ᠤᠨ ᠬᠣᠭᠣᠷᠣᠨᠳᠣᠬᠢ ᠬᠠᠮᠲᠤᠷᠠᠯᠴᠠᠭᠠᠨ᠎ᠤ 3 ᠬᠤᠪᠢ ᠬᠡᠯᠡᠯᠴᠡᠭᠡᠷ᠎ᠲᠦ ᠭᠠᠷ᠎ᠤᠨ ᠦᠰᠦᠭ ᠵᠢᠷᠤᠪᠠ ᠭᠡᠵᠦ᠍ ᠨᠡᠢᠲᠡᠯᠡᠪᠡ ᠃ ᠳᠤᠮᠳᠠᠳᠤ ᠫᠠᠺᠢᠰᠲ᠋ᠠᠨ ᠬᠣᠶᠠᠷ ᠤᠯᠤᠰ᠎ᠤᠨ ᠵᠠᠰᠠᠭ᠎ᠤᠨ ᠣᠷᠳᠣᠨ᠂ ᠮᠥᠩᠭᠥᠨ ᠭᠦᠢᠯᠭᠡᠭᠡᠨ᠎ᠦ ᠪᠠᠢᠭᠤᠯᠤᠮᠵᠢ ᠪᠣᠯᠤᠨ ᠠᠵᠤ ᠠᠬᠤᠢᠯᠠᠯ᠎ᠤᠨ  ᠲᠥᠯᠥᠭᠡᠯᠡᠭ᠌ᠴᠢ ᠵᠡᠷᠭᠡ ᠪᠠᠷᠤᠭ 200 ᠬᠥᠮᠦᠨ ᠬᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号