ᠴᠠᠬ᠍ᠳᠠᠭ᠎ᠠ ᠨᠠᠷ ᠲᠦᠬᠡᠷᠢᠭ᠌ᠰᠡᠨ ᠪᠢᠴᠢᠬᠠᠨ ᠦᠬᠢᠨ᠎ᠢ ᠡᠵᠢ ᠲᠠᠢ ᠨᠢ ᠠᠭᠤᠯᠵᠠᠭᠤᠯᠪᠠ
2021-10-25 10:57:49
ᠵᠣᠬᠢᠶᠠᠭ᠍ᠴᠢ᠄
ᠬᠦᠸᠸ ᠯᠢ ᠵᠢᠶᠦᠢ᠍ᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ ᠵᠢᠨ ᠡᠳᠦᠷ᠂ ᠭᠡᠭᠡᠨ ᠭᠤᠤᠯ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠦᠷᠳᠡᠭᠦᠯᠦᠯ᠎ᠢ ᠡᠰᠡᠷᠭᠦᠴᠡᠬᠦ᠌ ᠪᠠ ᠣᠨᠴᠠ ᠲᠦᠷᠦᠯ᠎ᠤᠨ  ᠴᠠᠭ᠍ᠳᠠᠭᠠᠨ᠎ᠤ ᠶᠡᠬᠡ ᠠᠩᠭᠢ᠎ᠶ᠋ᠢᠨ  ᠴᠠᠭ᠍ᠳᠠᠭ᠎ᠠ  ᠨᠠᠷ ᠬᠡᠭᠡᠨ ᠭᠤᠤᠯ ᠬᠣᠲᠠ᠎ᠶ᠋ᠢᠨ ᠱ᠌ᠢ ᠵᠢᠶ ᠠᠭᠤᠳᠠᠮ ᠲᠠᠯᠠᠪᠠᠶ᠎ᠳᠤ ᠲᠣᠭᠣᠷᠢᠨ ᠴᠠᠭ᠍ᠳᠠᠬᠤ ᠶᠠᠪᠤᠴᠠ ᠳ᠋ᠠᠭᠠᠨ  ᠨᠢᠭᠡᠨ ᠲᠥᠭᠡᠷᠢᠭ᠌ᠰᠡᠨ ᠪᠢᠴᠢᠬᠠᠨ ᠦᠬᠢᠨ᠎ᠢ ᠤᠯᠵᠤ ᠮᠡᠳᠡᠪᠡ᠃

ᠪᠢᠴᠢᠬᠠᠨ ᠥᠬᠢᠨ ᠨᠢᠯᠪᠤᠰᠤ ᠤᠨᠠᠭᠠᠵᠤ ᠮᠠᠰᠢ ᠶᠡᠬᠡ ᠠᠶᠤᠵᠤ ᠰᠠᠨᠳᠤᠷᠴᠤ᠌ ᠪᠠᠢ᠌ᠯ᠎ᠠ᠃  ᠴᠠᠭ᠍ᠳᠠᠭ᠎ᠠ ᠨᠠᠷ ᠯᠠᠪᠯᠠᠨ ᠠᠰᠠᠭᠤᠬᠤ ᠪᠡᠷ ᠲᠠᠮᠵᠢᠨ ᠤᠢ᠍ᠢᠯᠠᠭᠠᠬ᠍ᠰᠠᠨ ᠵᠢᠡᠷ᠂ ᠪᠢᠴᠢᠬᠠᠨ ᠥᠬᠢᠨ ᠡᠵᠢ᠎ᠪᠡᠨ ᠳᠠᠭᠠᠵᠤ ᠱ᠌ᠢ ᠵᠶ᠋ᠢ ᠠᠭᠤᠳᠠᠮ ᠲᠠᠯᠠᠪᠠᠢ ᠳ᠋ᠤ ᠢᠷᠡᠵᠦ᠍᠂ ᠲᠤᠬ᠍ᠯᠠᠯᠳᠠ ᠦᠵᠡᠬᠦ᠌ ᠵᠠᠭᠤᠷ᠎ᠠ ᠪᠡᠨ ᠬᠥᠮᠦᠰ᠎ᠦᠨ ᠳᠤᠮᠳᠠ ᠲᠦᠬᠡᠷᠢᠬᠡᠳ᠂  ᠪᠢᠴᠢᠬᠠᠨ ᠥᠬᠢᠨ ᠡᠵᠢ᠎ᠪᠡᠨ ᠡᠷᠢᠬᠦ᠌ ᠶᠠᠪᠤᠴᠠ᠎ᠳᠤ  ᠴᠠᠬ᠍ᠳᠠᠭᠤᠯ ᠴᠠᠬ᠍ᠳᠠᠭ᠎ᠠ ᠳ᠋ᠤ ᠮᠡᠳᠡᠭ᠌ᠳᠡᠭ᠌ᠰᠡᠨ ᠪᠠᠢ᠌ᠯ᠎ᠠ᠃ ᠴᠠᠭ᠍ᠳᠠᠭ᠎ᠠ᠎ᠶ᠋ᠢᠨ ᠨᠠᠷᠢᠨ ᠬᠢᠨᠠᠮᠠᠭᠠᠶ ᠲᠠᠢ᠌ᠳᠭᠤᠷᠠᠭᠤᠯᠤᠯ ᠪᠠ ᠬᠦᠯᠢᠴᠡᠩᠭᠦᠶ ᠣᠢᠯᠠᠭᠠᠯᠲᠠ᠎ᠪᠠᠷ ᠳᠠᠮᠵᠢᠨ᠂ ᠪᠢᠴᠢᠬᠠᠨ ᠥᠬᠢᠨ᠎ᠦ ᠤᠷᠮ᠎ᠠ ᠰᠡᠳᠭᠢᠯᠬᠡ ᠨᠢ ᠰᠠᠢ᠌ᠵᠢᠷᠠᠵᠤ᠂ ᠴᠠᠬ᠍ᠳᠠᠭ᠎ᠠ ᠨᠠᠷ ᠲᠸ᠋ ᠡᠵᠢ ᠵᠢᠨ ᠵᠢᠡᠨ ᠭᠠᠷ ᠤᠳᠠᠰᠤᠨ᠎ᠤ ᠨᠤᠮᠸᠷ ᠢ᠋ ᠮᠡᠳᠡᠭ᠌ᠳᠡᠵᠦ᠍᠂ ᠴᠠᠭ᠍ᠳᠠᠭ᠎ᠠ ᠨᠠᠷ ᠲᠡᠷᠡ ᠳᠣᠣᠷ᠎ᠠ ᠨᠢ ᠪᠢᠴᠢᠬᠠᠨ ᠬᠡᠦᠬᠡᠨ᠎ᠦ ᠡᠵᠢ᠎ᠲᠡᠶ ᠤᠲᠠᠰᠤ᠎ᠪᠠᠷ ᠶᠠᠷᠢᠯᠴᠠᠵᠤ ᠡᠵᠢ ᠳ᠋ᠤᠨᠢ ᠱ᠌ᠢ ᠵᠶ᠋ᠢ ᠠᠭᠤᠳᠠᠮ ᠲᠠᠯᠠᠪᠠᠢ᠎ᠶ᠋ᠢᠨ ᠬᠣᠢᠲᠤ ᠡᠭᠦᠳᠡᠨ᠎ᠳᠦ ᠪᠠᠢᠬᠤ᠎ᠶ᠋ᠢ ᠮᠡᠳᠡᠭ᠌ᠳᠡᠪᠡ᠃ ᠡᠵᠢ  ᠨᠢ ᠮᠠᠰᠢ  ᠬᠤᠷᠳᠤᠨ ᠱ᠌ᠢ ᠵᠶ᠋ᠢ ᠠᠭᠤᠳᠠᠮ ᠲᠠᠯᠠᠪᠠᠢ  ᠶ᠋ᠢᠨ ᠬᠣᠢᠲᠤ ᠡᠭᠦᠳᠡᠨ᠎ᠳᠦ ᠬᠦᠷᠦᠨ ᠢᠷᠡᠵᠦ ᠬᠡᠦᠬᠡᠨ᠎ᠲᠡᠶ ᠪᠠᠨ ᠠᠭᠤᠯᠵᠠᠪᠠ ᠃

ᠭᠡᠭᠡᠨ ᠭᠤᠤᠯ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠦᠷᠳᠡᠭᠦᠯᠦᠯ᠎ᠢ ᠡᠰᠡᠷᠭᠦᠴᠡᠬᠦ᠌ ᠪᠠ ᠣᠨᠴᠠ ᠲᠥᠷᠥᠯ᠎ᠦᠨ  ᠴᠠᠭ᠍ᠳᠠᠭ᠎ᠠ᠎ᠶ᠋ᠢᠨ ᠶᠡᠬᠡ ᠠᠩᠭᠢ᠎ᠶ᠋ᠢᠨ ᠴᠠᠭ᠍ᠳᠠᠭ᠎ᠠ ᠨᠠᠷ ᠢᠮᠠᠭ᠍ᠲᠠ ᠠᠷᠠᠳ ᠲᠦᠮᠡᠨ᠎ᠢᠶᠡᠷ ᠭᠤᠤᠯ ᠪᠣᠯᠭᠠᠬᠤ ᠦᠶ᠋ᠯᠡᠴᠢᠯᠡᠭᠡᠨ᠎ᠦ ᠣᠢᠯᠠᠭᠠᠭ᠍ᠳᠠᠬᠤᠨ᠎ᠢ ᠪᠠᠷᠢᠮᠲᠠᠯᠠᠵᠤ᠂ ᠪᠠᠭ᠎ᠠ ᠶᠠᠪᠤᠳᠠᠯ᠎ᠢᠶᠠᠷ ᠠᠷᠠᠳ᠎ᠤᠨ ᠰᠡᠳᠭᠢᠯ᠎ᠢ ᠳᠤᠯᠠᠭᠠᠴᠠᠭᠤᠯᠵᠤ ᠂ ᠴᠠᠭ ᠢᠮᠠᠭ᠍ᠲᠠ  ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ᠎ᠶ᠋ᠢ ᠰᠡᠳᠭᠢᠯ᠎ᠳᠡᠭᠡᠨ ᠪᠤᠳᠤᠵᠤ᠂ ᠠᠵᠢᠯ᠎ᠤᠨ ᠳᠤᠮᠳᠠ᠎ᠪᠠᠨ ᠨᠠᠢ᠌ᠳᠠᠪᠤᠷᠢᠵᠢᠭᠤᠯᠤᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号