ᠶᠣᠰᠣ ᠳᠦᠷᠢᠮ᠎ᠢ ᠴᠢᠩᠭ᠎ᠠ ᠰᠠᠬᠢᠵᠤ ᠡᠷᠳᠡᠮ ᠴᠢᠳᠠᠪᠤᠷᠢ᠎ᠪᠠᠨ ᠳᠡᠭᠡᠭ᠌ᠰᠢᠯᠡᠭᠦᠯᠰᠦᠭᠡᠢ
2021-10-25 16:21:07
ᠵᠣᠬᠢᠶᠠᠭ᠍ᠴᠢ᠄
ᠠᠷᠠᠳ᠎ᠤᠨ ᠡᠳᠦᠷ᠎ᠤᠨ ᠰᠤᠨᠢᠨ᠎ᠤ ᠰᠢᠬᠦᠮᠵᠢᠯᠡᠭᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ᠎ᠶ᠋ᠢᠨ ᠫᠢᠩ᠎ᠦᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ᠎ᠶ᠋ᠢᠨ ᠬᠢᠴᠢᠶᠡᠯ ᠡᠬᠢᠯᠡᠬᠦ᠌ ᠶᠣᠰᠣᠯᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌ ᠨᠢ


ᠮᠤᠷᠠᠯ ᠴᠢᠳᠠᠪᠤᠷᠢ ᠬᠣᠣᠰᠯᠠᠪᠠᠯ ᠰᠠᠶᠢ ᠬᠦᠨᠳᠦ ᠡᠭᠦᠷᠭᠡ᠎ᠶ᠋ᠢ ᠡᠭᠦᠷᠭᠡᠯᠡᠵᠦ᠍ ᠴᠢᠳᠠᠨ᠎ᠠ᠃ 2021 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠤ ᠲᠥᠪ᠎ᠦᠨ ᠨᠠᠮ᠎ᠤᠨ ᠰᠤᠷᠭᠠᠭᠤᠯᠢ(ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ )ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ᠎ᠶ᠋ᠢᠨ ᠬᠢᠴᠢᠶᠡᠯ ᠡᠬᠢᠯᠡᠬᠦ᠌ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠵᠠᠯᠠᠭᠤ ᠺᠠᠳ᠋ᠷᠴᠤᠳ᠎ᠤᠨ ᠳᠣᠲᠣᠷ ᠲᠠᠮᠢᠷ᠎ᠢᠶᠠᠨ ᠰᠠᠢᠲᠤᠷ ᠪᠣᠯᠪᠠᠰᠤᠷᠠᠭᠤᠯᠬᠤ᠂  ᠭᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠂  ᠡᠬᠦᠨ ᠳ᠋ᠦ《ᠶᠣᠰᠣ ᠲᠦᠷᠢᠮ᠎ᠢ ᠴᠢᠩᠭ᠎ᠠ ᠰᠠᠬᠢᠵᠤ᠂ ᠬᠣᠷᠢᠭ᠎ᠠ ᠱᠤᠭᠤᠮ᠎ᠢ ᠦᠯᠦ᠍ ᠳᠠᠪᠠᠬᠤ》᠂ 《ᠱᠢᠷᠭᠠᠭᠤ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠬᠦ》 ᠪᠣᠯ ᠴᠢᠬᠤᠯᠠ ᠲᠠᠯ᠎ᠠ ᠪᠣᠯᠤᠨ᠎ᠠ᠃

ᠨᠢᠭᠡ ᠲᠦᠷᠦ᠍᠎ᠶ᠋ᠢᠨ ᠨᠠᠮ᠂ ᠨᠢᠭᠡ ᠤᠯᠤᠰ ᠱᠢᠯᠢᠳᠡᠭ ᠤᠳᠤᠷᠢᠳᠭᠤ ᠴᠢᠳᠠᠪᠤᠷᠢᠲᠠᠨ᠎ᠢ ᠲᠠᠰᠤᠷᠠᠯᠲᠠ ᠦᠭᠡᠢ ᠬᠥᠮᠦᠵᠢᠭᠦᠯᠦᠨ ᠭᠠᠷᠭᠠᠵᠤ ᠴᠢᠳᠠᠬᠤ ᠡᠰᠡᠬᠦ᠌ ᠨᠢ ᠶᠡᠭᠡᠩᠬᠢ ᠲᠠᠯ᠎ᠠ ᠳᠡᠭᠡᠷ᠎ᠠ ᠪᠡᠨ ᠡᠨᠡ ᠬᠦ᠌ ᠲᠦᠷᠦ᠍᠎ᠶ᠋ᠢᠨ ᠨᠠᠮ᠂ ᠡᠨᠡ ᠬᠦ᠌ ᠤᠯᠤᠰ᠎ᠤᠨ ᠮᠠᠨᠳᠤᠵᠤ ᠮᠥᠬᠥᠬᠦ᠌᠎ᠶ᠋ᠢ ᠲᠣᠭ᠍ᠲᠠᠭᠠᠵᠤ ᠪᠠᠢᠳᠠᠭ ᠭᠡᠳᠡᠭ᠎ᠢ ᠲᠡᠤᠬᠡ ᠪᠤᠯᠤᠨ ᠪᠤᠳᠠᠳᠤ ᠠᠬᠤᠢ ᠭᠡᠷᠡᠴᠢᠯᠡᠪᠡ᠃ ᠮᠠᠨ᠎ᠤ ᠨᠠᠮ ᠶᠡᠷᠦ᠍᠎ᠡᠴᠡ ᠡᠷᠳᠡᠮᠲᠡᠨ ᠮᠡᠷᠭᠡᠳ᠎ᠢ ᠰᠣᠩᠭᠣᠨ ᠬᠡᠷᠡᠭ᠌ᠯᠡᠬᠦ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠭᠰᠠᠭᠠᠷ ᠢᠷᠡᠵᠤ᠂ ᠬᠥᠮᠦᠨ ᠰᠣᠩᠭᠣᠨ ᠬᠡᠷᠡᠭ᠌ᠯᠡᠬᠦ᠌᠎ᠶ᠋ᠢ ᠨᠠᠮ ᠪᠠ ᠠᠷᠠᠳ ᠲᠦᠮᠡᠨ᠎ᠦ ᠦᠢᠯᠡᠰ᠎ᠲᠦ ᠬᠣᠯᠪᠣᠭ᠍ᠳᠠᠬᠤ ᠵᠠᠩᠭᠢᠯᠠᠭ᠎ᠠ᠎ᠶ᠋ᠢᠨ ᠴᠢᠨᠠᠷᠲᠠᠢ᠂ ᠦᠨᠳᠦᠰᠦᠨ ᠴᠢᠨᠠᠷᠲᠠᠢ ᠠᠰᠠᠭᠤᠳᠠᠯ ᠪᠣᠯᠭᠠᠨ ᠠᠳᠭᠤᠭ᠍ᠰᠠᠭᠠᠷ ᠢᠷᠡᠪᠡ᠃ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠳᠤ ᠮᠣᠷᠠᠯ ᠴᠢᠳᠠᠪᠤᠷᠢ᠎ᠶ᠋ᠢ ᠬᠣᠣᠰᠯᠠᠭᠤᠯᠬᠤ᠂ ᠮᠣᠷᠠᠯ᠎ᠢ ᠲᠡᠷᠢᠭᠦᠨ᠎ᠳᠦ ᠲᠠᠯᠪᠢᠬᠤ᠂ ᠡᠷᠳᠡᠮᠲᠡᠨ ᠮᠡᠷᠭᠡᠳ᠎ᠢ ᠬᠡᠷᠡᠭ᠌ᠯᠡᠬᠦ᠌ ᠴᠢᠭ᠌ᠯᠡᠯᠲᠡ᠎ᠶ᠋ᠢ ᠪᠠᠷᠢᠮᠳᠠᠯᠠᠨ᠎ᠠ ᠭᠡᠵᠦ ᠳᠤᠷᠠᠳᠤᠨ ᠭᠠᠷᠭᠠᠭ᠍ᠰᠠᠨ ᠨᠢ ᠳᠠᠷᠤᠢ ᠺᠠᠳ᠋ᠷ᠎ᠢ ᠱᠢᠯᠢᠨ ᠰᠣᠩᠭᠣᠬᠤ᠂ ᠴᠢᠳᠠᠪᠤᠷᠢᠲᠠᠨ᠎ᠢ ᠬᠡᠷᠡᠭ᠌ᠯᠡᠬᠦ᠌᠎ᠳᠦ ᠶᠣᠰᠣ ᠮᠣᠷᠠᠯ᠎ᠢ ᠴᠢᠬᠤᠯᠠᠴᠢᠯᠠᠬᠤ᠎ᠪᠠᠷ ᠪᠠᠷᠠᠬᠤ ᠦᠭᠡᠢ ᠡᠷᠳᠡᠮ ᠴᠢᠳᠠᠪᠤᠷᠢ᠎ᠶ᠋ᠢ ᠴᠤ᠌ ᠣᠮᠲᠣᠭᠠᠢᠯᠠᠵᠤ ᠪᠣᠯᠬᠤ ᠦᠭᠡᠢ ᠭᠡᠳᠡᠭ᠎ᠢ ᠴᠢᠬᠤᠯᠠᠴᠢᠯᠠᠭ᠍ᠰᠠᠨ ᠶᠠᠪᠤᠳᠠᠯ ᠪᠣᠯᠤᠨ᠎ᠠ᠃ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠳᠠᠭᠠᠨ ᠮᠣᠷᠳᠠᠬᠤ᠎ᠳᠤ᠂ ᠭᠠᠭ᠍ᠴᠠ ᠬᠦ᠌ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠶ ᠺᠠᠳ᠋ᠷ᠎ᠤᠨ ᠡᠩᠨᠡᠭᠡ᠎ᠶ᠋ᠢ ᠴᠢᠷᠮᠠᠢᠨ ᠪᠠᠢᠭᠤᠯᠪᠠᠯ ᠰᠠᠶ᠍ᠢ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠵᠤ ᠴᠢᠳᠠᠨ᠎ᠠ᠃ ᠵᠠᠯᠠᠭᠤ ᠺᠠᠳ᠋ᠷᠴᠤᠳ ᠭᠠᠭ᠍ᠴᠠ ᠬᠦ᠌ ᠠᠷᠢᠭᠤᠨ ᠴᠢᠬᠡᠴᠢ ᠪᠠᠢᠬᠤ ᠪᠠ ᠬᠠᠷᠢᠭᠤᠴᠠᠯᠭ᠎ᠠ ᠡᠭᠦᠷᠭᠡᠯᠡᠬᠦ᠌᠂ ᠠᠵᠢᠯᠴᠢ ᠵᠠᠰᠠᠭ ᠪᠠ ᠴᠢᠬᠡᠴᠢ ᠵᠠᠰᠠᠭ᠎ᠢ ᠨᠢᠭᠡᠳᠭᠡᠵᠦ᠍᠂ ᠶᠣᠰᠣ ᠲᠦᠷᠢᠮ᠎ᠢ ᠴᠢᠩᠭ᠎ᠠ ᠰᠠᠬᠢᠵᠤ᠂ ᠬᠤᠷᠢᠭ᠎ᠠ ᠱᠤᠭᠤᠮ ᠡᠴᠡ ᠳᠠᠪᠠᠬᠤ ᠦᠭᠡᠢ᠂ ᠱᠢᠷᠭᠠᠭᠤ ᠰᠤᠷᠤᠯᠴᠠᠵᠤ ᠬᠠᠳᠠᠭᠤᠵᠢᠯᠳᠠᠢ ᠪᠣᠯᠪᠠᠰᠤᠷᠠᠵᠤ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠦᠨ᠂ ᠦᠪᠡᠷ ᠵᠢᠡᠨ ᠲᠥᠪ ᠱᠢᠳᠤᠷᠭᠤ᠂ ᠦᠪᠡᠷ ᠵᠢᠡᠨ ᠠᠷᠢᠭᠤᠨ ᠴᠢᠬᠡᠴᠢ᠂ ᠦᠪᠡᠷ ᠵᠢᠡᠨ ᠬᠠᠲᠠᠭᠤ ᠴᠢᠩᠭ᠎ᠠ ᠪᠠᠢᠬᠤ᠎ᠶ᠋ᠢ ᠪᠡᠶᠡᠯᠡᠭᠦᠯᠵᠦ᠍᠂ ᠠᠵᠢᠯ ᠶᠠᠪᠤᠳᠠᠯ ᠬᠢᠬᠦ᠌ ᠰᠠᠨᠠᠭ᠎ᠠ᠎ᠲᠠᠶ᠂ ᠠᠵᠢᠯ ᠶᠠᠪᠤᠳᠠᠯ ᠬᠢᠵᠦ᠍ ᠴᠢᠳᠠᠬᠤ ᠮᠥᠷᠲᠡᠭᠡᠨ ᠪᠠᠰᠠ ᠠᠵᠢᠯ ᠶᠠᠪᠤᠳᠠᠯ ᠪᠦᠲᠦᠭᠡᠵᠦ᠍ ᠴᠢᠳᠠᠬᠤ᠂ ᠤᠷᠰᠢᠭ ᠶᠠᠷᠰᠢᠭ ᠲᠠᠲᠠᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠪᠠᠯ ᠰᠠᠶᠢ ᠶᠡᠬᠡ ᠬᠡᠷᠡᠭ᠌ᠴᠡᠭᠡ᠎ᠲᠡᠶ᠂ ᠬᠦᠨᠳᠦ ᠡᠭᠦᠷᠭᠡ᠎ᠶ᠋ᠢ ᠡᠭᠦᠷᠭᠡᠯᠡᠵᠦ᠍ ᠴᠢᠳᠠᠬᠤ ᠨᠢᠷᠤᠭᠤ ᠲᠤᠯᠭᠠᠭᠤᠷᠢ ᠪᠤᠯᠵᠤ᠂ ᠨᠠᠮ ᠪᠠ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠵᠤ ᠴᠢᠳᠠᠨ᠎ᠠ᠃

ᠶᠡᠷᠦᠩᠬᠡᠢ ᠱᠦᠵᠢ ᠰᠢ᠎ᠶ᠋ᠢᠨ ᠫᠢᠩ᠄《ᠮᠠᠨ᠎ᠤ ᠡᠪ ᠬᠠᠮᠲᠤᠴᠤᠳ ᠶᠡᠬᠡ ᠨᠡᠢᠲᠡ᠎ᠶ᠋ᠢᠨ ᠲᠥᠯᠥᠭᠡ᠂ ᠶᠡᠬᠡ ᠵᠢᠷᠤᠮ᠎ᠢ ᠰᠠᠬᠢᠵᠤ᠂ ᠶᠡᠬᠡ᠎ᠮᠢᠨᠦ ᠲᠦᠯᠦᠭᠡ ᠵᠢᠳᠭᠦᠳᠡᠭ᠂ ᠨᠡᠩ ᠴᠤ᠌ ᠲᠥᠪ ᠶᠣᠰᠣ᠎ᠶ᠋ᠢ ᠪᠠᠷᠢᠵᠤ᠂ ᠶᠣᠰᠣ ᠮᠤᠷᠠᠯ᠎ᠢ ᠡᠷᠬᠢᠮᠯᠡᠨ ᠪᠡᠶ᠎ᠡ᠎ᠪᠡᠨ ᠬᠦᠨᠳᠦᠳᠭᠡᠵᠦ᠍᠂ ᠢᠮᠠᠭ᠍ᠲᠠ ᠨᠠᠮ ᠪᠠ ᠠᠷᠠᠳ ᠲᠦᠮᠡᠨ᠎ᠢ ᠰᠡᠳᠭᠢᠯ ᠵᠢᠷᠦᠬᠡᠨ᠎ᠦ ᠬᠢ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠨᠢᠭᠡ ᠰᠡᠳᠭᠢᠯ᠎ᠢᠶᠡᠷ ᠨᠡᠢᠲᠡ᠎ᠶ᠋ᠢᠨ ᠲᠥᠯᠥᠭᠡ ᠵᠢᠳᠬᠦᠵᠦ᠍᠂ ᠲᠥᠪ ᠭᠤᠤᠯᠴᠢ ᠪᠦᠭᠡᠳ ᠠᠷᠢᠭᠤᠨ ᠴᠢᠬᠡᠴᠢ ᠬᠥᠮᠦᠨ ᠪᠣᠯᠬᠤ ᠬᠡᠷᠡᠭ᠌ᠲᠡᠢ》ᠭᠡᠵᠦ ᠵᠢᠭᠠᠵᠤ ᠭᠠᠷᠭᠠᠪᠠ᠃ ᠵᠠᠰᠠᠭ ᠶᠠᠪᠤᠭᠤᠯᠬᠤ ᠶᠣᠰᠣᠨ ᠠᠨᠤ ᠪᠡᠶ᠎ᠡ᠎ᠪᠡᠨ ᠵᠠᠰᠠᠬᠤ᠎ᠪᠠᠷ ᠦᠨᠳᠦᠰᠦ ᠪᠣᠯᠭᠠᠮᠤᠶ᠃ ᠪᠡᠶ᠎ᠡ᠎ᠪᠡᠨ ᠴᠢᠩᠭ᠎ᠠ ᠵᠠᠰᠠᠪᠠᠯ ᠰᠠᠶᠢ ᠪᠡᠶ᠎ᠡ᠎ᠪᠡᠨ ᠴᠢᠩᠭ᠎ᠠ ᠱᠠᠭᠠᠷᠳᠠᠵᠤ ᠴᠢᠳᠠᠨ᠎ᠠ᠃ ᠨᠢᠭᠡᠨ ᠺᠠᠳ᠋ᠷ ᠭᠠᠭ᠍ᠴᠠ ᠬᠦ᠌ ᠶᠢᠷᠲᠢᠨᠴᠦ᠍᠎ᠶ᠋ᠢᠨ ᠦᠵᠡᠯᠲᠡ᠂ ᠠᠮᠢᠳᠤᠷᠠᠬᠤᠢ᠎ᠶ᠋ᠢᠨ ᠦᠵᠡᠯᠲᠡ᠂ ᠦᠷᠲᠡᠭ᠎ᠦᠨ ᠦᠵᠡᠯᠲᠡ᠎ᠶ᠋ᠢᠨ ᠶᠡᠷᠦᠩᠬᠡᠢ ᠨᠡᠭᠡᠭᠡᠯᠭᠡ᠎ᠶ᠋ᠢ ᠴᠢᠩᠭᠠᠯᠠᠵᠤ᠂ ᠦᠵᠡᠯ ᠰᠠᠨᠠᠭᠠᠨ᠎ᠤ ᠤᠬᠠᠮᠰᠠᠷ᠂ ᠤᠶᠤᠨ ᠰᠠᠨᠠᠭᠠᠨ᠎ᠤ ᠠᠬᠤᠢ ᠪᠠᠢᠳᠠᠯ᠎ᠢᠶᠠᠨ ᠳᠡᠭᠡᠭ᠌ᠰᠢᠯᠡᠭᠦᠯᠪᠡᠯ ᠰᠠᠶᠢ ᠢᠯᠵᠠᠷᠠᠬᠤ ᠡᠴᠡ ᠵᠢᠷᠦᠭᠡᠰᠢᠶᠡᠵᠦ ᠪᠠᠢᠭ᠍ᠰᠠᠨ ᠡᠴᠡ᠎ᠪᠠᠨ ᠢᠯᠵᠠᠷᠠᠬᠤ᠎ᠶ᠋ᠢ ᠪᠤᠳᠤᠬᠤ ᠦᠭᠡᠢ ᠪᠤᠯᠵᠤ ᠴᠢᠳᠠᠨ᠎ᠠ᠃ ᠨᠠᠮ᠎ᠳᠠᠭᠠᠨ ᠦᠨᠡᠨᠴᠢ ᠱᠢᠳᠤᠷᠭᠤ ᠪᠠᠢᠬᠤ ᠶᠡᠬᠡ ᠮᠣᠷᠠᠯ᠎ᠢ ᠡᠷᠬᠢᠮᠯᠡᠨ ᠳᠡᠭᠡᠳᠦᠯᠡᠵᠦ᠍᠂ ᠢᠮᠠᠭ᠍ᠲᠠ ᠨᠠᠮ᠎ᠳᠠᠭᠠᠨ ᠦᠨᠡᠨᠴᠢ ᠱᠢᠳᠤᠷᠭᠤ᠂ ᠨᠠᠮ᠎ᠤᠨ ᠦᠢᠯᠡᠰ᠎ᠲᠦ ᠦᠨᠡᠨᠴᠢ ᠱᠢᠳᠤᠷᠭᠤ ᠪᠠᠢᠵᠤ᠂ ᠨᠠᠮ᠎ᠢᠶᠠᠨ ᠡᠷᠡᠰ ᠲᠠᠭᠠᠵᠤ᠂ ᠦᠬᠦᠨ ᠦᠬᠦᠳᠡᠯ᠎ᠠ᠎ᠪᠡᠨ ᠬᠠᠷᠠᠮᠰᠠᠬᠤ ᠦᠭᠡᠢ ᠪᠠᠢᠬᠤ ᠬᠡᠷᠡᠭ᠌ᠲᠡᠢ; ᠠᠷᠠᠳ ᠲᠦᠮᠡᠨ᠎ᠳᠦ ᠪᠤᠶᠠᠨ ᠦᠶ᠋ᠯᠡᠳᠬᠦ᠌ ᠨᠡᠢᠲᠡ᠎ᠶ᠋ᠢᠨ ᠶᠣᠰᠣ ᠮᠣᠷᠠᠯ᠎ᠢ ᠡᠷᠬᠢᠮᠯᠡᠵᠦ᠍᠂ ᠠᠷᠠᠳ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠢᠮᠠᠭ᠍ᠲᠠ ᠠᠷᠠᠳ ᠲᠦᠮᠡᠨ᠎ᠲᠡᠶ ᠬᠠᠲᠠᠭᠤ ᠪᠡᠷᠬᠡᠱᠢᠶᠡᠯ᠎ᠢ ᠬᠠᠮᠲᠤ᠎ᠪᠠᠷ ᠳᠤᠭᠤᠯᠵᠤ᠂ ᠥᠭᠦᠵᠦ᠍ ᠰᠡᠭᠡᠬᠦ᠌᠎ᠪᠡᠨ ᠬᠠᠮᠲᠤᠳᠭᠠᠵᠤ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠶ ᠠᠵᠢᠯᠯᠠᠵᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠶ᠋ᠢ ᠦᠨᠡᠨ ᠬᠦ᠌ ᠬᠠᠮᠤᠭ᠎ᠤᠨ ᠦᠨᠳᠦᠰᠦᠨ ᠡᠭᠦᠷᠭᠡ ᠬᠠᠷᠢᠭᠤᠴᠠᠯᠭ᠎ᠠ᠎ᠪᠠᠨ ᠪᠣᠯᠭᠠᠬᠤ ᠬᠡᠷᠡᠭᠲᠡᠢ; ᠪᠡᠶ᠎ᠡ᠎ᠪᠡᠨ ᠴᠢᠩᠭ᠎ᠠ ᠱᠠᠭᠠᠷᠳᠠᠬᠤ ᠵᠠᠩ ᠮᠣᠷᠠᠯ᠎ᠢ ᠡᠷᠬᠢᠮᠯᠡᠵᠦ᠍᠂ ᠵᠢᠵᠢᠭ ᠰᠠᠵᠢᠭ ᠶᠠᠪᠤᠳᠠᠯ ᠡᠴᠡ ᠡᠬᠢᠯᠡᠨ ᠪᠡᠶ᠎ᠡ᠎ᠪᠡᠨ ᠪᠠᠷᠢᠵᠤ᠂ ᠠᠷᠢᠭᠤᠨ ᠴᠢᠬᠡᠴᠢ ᠶᠠᠪᠤᠵᠤ᠂ ᠲᠦᠪ ᠴᠢᠬᠡᠴᠢ᠎ᠪᠡᠷ ᠠᠵᠢᠯ ᠬᠢᠵᠦ᠍᠂ ᠡᠷᠬᠢᠮ ᠳᠡᠭᠡᠳᠦ ᠬᠥᠮᠦᠨ᠂ ᠠᠷᠢᠭᠤᠨ ᠴᠢᠭᠡᠴᠢ ᠬᠥᠮᠦᠨ᠂ ᠶᠣᠰᠣ ᠮᠣᠷᠠᠯ᠎ᠲᠠᠶ ᠬᠥᠮᠦᠨ᠂  ᠪᠤᠯᠬᠢ ᠮᠠᠭᠤᠬᠠᠢ ᠳᠤᠷᠠᠱᠢᠯ᠎ᠠᠴᠠ ᠠᠩᠭᠢᠵᠢᠷᠠᠭ᠍ᠰᠠᠨ ᠬᠥᠮᠦᠨ᠂ ᠠᠷᠠᠳ ᠲᠦᠮᠡᠨ᠎ᠳᠦ ᠲᠤᠰᠠᠲᠠᠢ ᠬᠥᠮᠦᠨ ᠪᠣᠯᠬᠤ᠎ᠪᠠᠷ ᠴᠢᠷᠮᠠᠢᠬᠤ ᠬᠡᠷᠡᠭ᠌ᠲᠡᠢ᠃ ᠶᠣᠰᠣ ᠳᠦᠷᠢᠮ᠎ᠢ ᠡᠷᠬᠢᠮᠯᠡᠵᠦ᠍᠂ ᠬᠣᠷᠢᠭ᠎ᠠ ᠱᠤᠭᠤᠮ᠎ᠢ ᠰᠠᠬᠢᠬᠤ᠎ᠳᠤ ᠶᠠᠭᠤᠨ᠎ᠤ ᠡᠮᠦᠨ᠎ᠡ ᠪᠢᠱᠢᠷᠡᠨ ᠵᠢᠷᠦᠬᠡᠱᠢᠶᠡᠬᠦ᠌ ᠰᠡᠳᠭᠢᠯ᠎ᠲᠡᠶ ᠪᠠᠢᠬᠤ ᠬᠡᠷᠡᠭ᠌ᠲᠡᠢ᠃  ᠵᠢᠷᠦᠬᠡᠱᠢᠶᠡᠬᠦ ᠰᠡᠳᠭᠢᠯ᠎ᠲᠠᠢ ᠪᠠᠢᠪᠠᠯ ᠰᠠᠶᠢ ᠦᠭᠡ ᠶᠠᠷᠢᠶ᠎ᠠ ᠦᠢᠯᠡ ᠠᠵᠢᠯᠯᠠᠭ᠎ᠠ ᠵᠢᠨ ᠲᠠᠯ᠎ᠠ ᠪᠡᠷ ᠬᠤᠷᠢᠭ᠎ᠠ ᠴᠡᠭᠡᠷ ᠲᠠᠢ ᠪᠠᠢᠵᠦ ᠴᠢᠳᠠᠨ᠎ᠠ᠃ ᠺᠠᠳ᠋ᠷᠴᠤᠳ ᠵᠠᠪᠠᠯ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠵᠦ᠂ ᠬᠤᠷᠢᠭ᠎ᠠ ᠴᠡᠭᠡᠷ᠎ᠢ ᠰᠡᠷᠭᠡᠢᠯᠡᠵᠦ᠂ ᠬᠤᠷᠢᠭ᠎ᠠ ᠱᠤᠭᠤᠮ᠎ᠢ ᠰᠠᠬᠢᠵᠤ᠂ ᠨᠠᠮ᠎ᠢ ᠬᠦᠨᠳᠦᠳᠭᠡᠵᠦ ᠠᠷᠠᠳ ᠲᠦᠮᠡᠨ᠎ᠢ ᠬᠦᠨᠳᠦᠳᠭᠡᠵᠦ᠂ ᠬᠠᠤᠯᠢ ᠰᠠᠬᠢᠯᠭ᠎ᠠ᠎ᠶ᠋ᠢ ᠬᠦᠨᠳᠦᠳᠭᠡᠵᠦ᠂ ᠢᠮᠠᠭ᠍ᠲᠠ ᠪᠢᠱᠢᠷᠡᠨ ᠵᠢᠷᠦᠬᠡᠱᠢᠶᠡᠬᠦ᠌ ᠰᠡᠳᠭᠢᠯᠭᠡ᠎ᠲᠡᠶ ᠪᠠᠢᠵᠤ᠂ ᠬᠡᠮᠵᠢᠶ᠎ᠡ ᠬᠢᠵᠠᠭᠠᠷ᠎ᠢ ᠠᠨᠭᠬᠠᠷᠤᠨ᠂ ᠢᠮᠠᠭ᠍ᠲᠠ ᠪᠡᠶ᠎ᠡ ᠪᠠᠨ ᠰᠤᠯᠠ ᠲᠠᠯᠪᠢᠬᠤ ᠦᠭᠡᠢ᠂  ᠶᠣᠰᠣ ᠳᠦᠷᠢᠮ᠎ᠡᠴᠡ ᠵᠥᠷᠢᠴᠡᠬᠦ᠌ ᠦᠭᠡᠢ ᠪᠠᠢᠬᠤ ᠬᠡᠷᠡᠭ᠌ᠲᠡᠢ᠃

ᠶᠡᠷᠦᠩᠬᠡᠢ ᠱᠦᠵᠢ ᠰᠢ᠎ᠶ᠋ᠢᠨ ᠫᠢᠩ᠄《ᠪᠢᠳᠡ ᠤᠷᠢᠳ ᠡᠮᠦᠨ᠎ᠡ ᠪᠠᠢᠭ᠎ᠠ ᠦᠭᠡᠢ ᠬᠤᠪᠢᠰᠤᠯᠲᠠ᠎ᠶ᠋ᠢᠨ ᠴᠠᠭ ᠦᠶ᠎ᠡ᠎ᠳᠦ ᠣᠷᠣᠱᠢᠵᠤ᠂ ᠤᠷᠢᠳ ᠡᠮᠦᠨ᠎ᠡ ᠪᠠᠢᠭ᠎ᠠ ᠦᠭᠡᠢ ᠠᠭᠤᠤ ᠶᠡᠬᠡ ᠦᠢᠯᠡᠰ᠎ᠢ ᠬᠢᠵᠦ᠍ ᠪᠠᠢᠨ᠎ᠠ᠂ ᠬᠡᠷᠪᠡ ᠮᠡᠳᠡᠯᠭᠡ ᠮᠡᠬᠦᠰ᠂ ᠬᠠᠷᠠᠴᠠ ᠦᠷᠭᠡᠨ ᠪᠤᠰᠤ᠂ ᠴᠢᠳᠠᠪᠤᠷᠢ ᠶᠡᠭᠡ ᠪᠢᠰᠢ ᠪᠣᠯ ᠤᠴᠢᠷ ᠶᠠᠪᠤᠳᠠᠯ᠎ᠢ ᠰᠠᠭᠠᠲᠠᠭᠠᠬᠤ ᠪᠣᠯᠤᠨ᠎ᠠ》ᠬᠡᠵᠤ ᠴᠢᠬᠤᠯᠠᠴᠢᠯᠠᠪᠠ᠃ ᠮᠦᠷᠤ ᠵᠦᠭᠡᠯᠡᠨ ᠪᠤᠯᠪᠠᠰᠤ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠦᠭᠡᠢ᠃ ᠠᠵᠢᠯ ᠬᠢᠵᠦ᠍ ᠦᠢᠯᠡᠰ ᠪᠤᠰᠭᠠᠬᠤ ᠭᠡᠰᠡᠨ ᠴᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠭᠡᠰᠡᠨ ᠴᠦ᠍᠂ ᠮᠦᠷᠤ ᠦᠷᠭᠡᠨ ᠬᠠᠳᠠᠭᠤ ᠪᠠᠢᠬᠤ ᠭᠡᠷᠡᠭᠳᠠᠢ; ᠤᠯᠤᠰ ᠲᠦᠷᠦ᠍ ᠪᠠᠲᠤ ᠴᠢᠩᠭ᠎ᠠ ᠪᠠᠢᠬᠤ᠎ᠶ᠋ᠢ ᠱᠠᠭᠠᠷᠳᠠᠬᠤ᠎ᠪᠠᠷ ᠪᠠᠷᠠᠬᠤ ᠦᠭᠡᠢ ᠪᠠᠰᠠ ᠡᠷᠳᠡᠮ ᠴᠢᠳᠠᠪᠤᠷᠢ ᠤᠷᠤᠢᠯᠠᠬᠰᠠᠨ ᠪᠠᠢᠬᠤ᠎ᠶ᠋ᠢ ᠱᠠᠭᠠᠷᠳᠠᠨ᠎ᠠ᠃ ᠵᠠᠯᠠᠭᠤ ᠺᠠᠳ᠋ᠷᠴᠤᠳ ᠤᠶᠤᠨ ᠴᠢᠳᠠᠯ ᠲᠡᠭᠦᠯᠳᠡᠷ᠂ ᠰᠡᠳᠭᠢᠬᠦᠢ ᠬᠥᠭ᠌ᠵᠢᠶᠡᠨᠲᠡᠢ᠂ ᠬᠦᠯᠢᠶᠡᠨ ᠠᠪᠬᠤ ᠴᠢᠳᠠᠪᠤᠷᠢ ᠴᠢᠩᠭ᠎ᠠ ᠪᠠᠢᠵᠤ᠂ ᠶᠠᠭ ᠰᠠᠢᠬᠠᠨ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠬᠦ᠌ ᠰᠠᠢ᠌ᠨ ᠴᠠᠭ ᠦᠶ᠎ᠡ᠎ᠳᠦ ᠪᠠᠢᠨ᠎ᠠ᠂ ᠡᠷᠬᠡᠪᠰᠢ ᠴᠠᠭ ᠮᠥᠴᠡ᠎ᠶ᠋ᠢ ᠨᠠᠨᠳᠢᠩᠨᠠᠵᠤ᠂ ᠵᠠᠯᠠᠭᠤ ᠨᠠᠰᠤ᠎ᠪᠠᠨ ᠬᠥᠰᠡᠷᠳᠡᠭᠦᠯᠬᠦ᠌ ᠦᠭᠡᠢ᠂ ᠥᠯᠥᠰᠴᠦ᠍ ᠤᠮᠳᠠᠭᠠᠰᠤᠭ᠍ᠰᠠᠨ ᠮᠡᠲᠦ ᠰᠤᠷᠤᠯᠴᠠᠵᠤ᠂ ᠳᠡᠭᠡᠭᠰᠢᠯᠡᠨ ᠲᠠᠪᠰᠢᠬᠤ ᠪᠡᠨ ᠨᠢᠭᠡ ᠮᠥᠴᠡ ᠴᠦ᠍ ᠵᠤᠬᠰᠤᠭᠠᠵᠦ ᠪᠤᠯᠬᠤ ᠦᠭᠡᠢ᠃ 《 ᠱᠢᠬᠠᠬᠤ 》 ᠪᠠ 《 ᠰᠤᠳᠤᠯᠬᠤ 》 ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠢᠯᠡᠭᠦᠬᠡᠨ ᠨᠣᠮ ᠤᠩᠱᠢᠵᠤ᠂ ᠰᠠᠢ᠌ᠨ ᠨᠣᠮ ᠤᠩᠱᠢᠵᠤ᠂ ᠨᠣᠮ ᠪᠢᠴᠢᠭ᠎ᠡᠴᠡ ᠤᠶᠤᠨ ᠤᠬᠠᠭᠠᠨ ᠪᠠ ᠱᠢᠮ᠎ᠡ ᠲᠡᠵᠢᠭᠡᠯ ᠱᠢᠩᠭᠡᠭᠡᠨ ᠠᠪᠬᠤ ᠬᠡᠷᠡᠭ᠌ᠲᠡᠢ᠃ ᠠᠵᠢᠯ᠎ᠤᠨ ᠬᠡᠷᠡᠭ᠌ᠴᠡᠭᠡ᠎ᠲᠡᠶ᠎ᠪᠡᠨ ᠤᠶᠠᠯᠳᠤᠭᠤᠯᠤᠨ ᠰᠤᠷᠤᠯᠴᠠᠵᠤ᠂ ᠶᠠᠭᠤ ᠬᠢᠪᠡᠯ ᠶᠠᠭᠤ᠎ᠶ᠋ᠢ ᠰᠤᠷᠴᠤ᠌᠂ ᠶᠠᠭᠤ ᠳᠤᠲᠠᠪᠠᠯ ᠶᠠᠭᠤ᠎ᠶ᠋ᠢ ᠨᠥᠬᠥᠪᠥᠷᠢᠯᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃ ᠮᠠᠷᠺᠰ᠎ᠤᠨ ᠦᠵᠡᠯ᠎ᠦᠨ ᠣᠨᠣᠯ ᠢᠯᠠᠩᠭᠤᠶ᠎ᠠ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨ᠎ᠡ᠎ᠶ᠋ᠢ ᠡᠭᠦᠳᠬᠦ᠌ ᠣᠨᠣᠯ᠎ᠢ ᠰᠤᠷᠤᠯᠴᠠᠵᠤ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢ ᠰᠤᠷᠤᠯᠴᠠᠵᠤ᠂ ᠠᠵᠤ ᠠᠬᠤᠶ᠂ ᠤᠯᠤᠰ ᠲᠥᠷᠥ᠍᠂ ᠬᠠᠤᠯᠢ ᠴᠠᠭᠠᠵᠠ᠂ ᠰᠣᠶᠣᠯ᠂ ᠨᠡᠢᠭᠡᠮ᠂ ᠬᠠᠮᠢᠶᠠᠷᠤᠯᠲᠠ᠂ ᠠᠮᠢ ᠠᠬᠤᠶ᠂ ᠣᠯᠠᠨ ᠤᠯᠤᠰ ᠵᠡᠷᠭᠡ ᠡᠯ᠎ᠡ ᠲᠠᠯ᠎ᠠ᠎ᠶ᠋ᠢᠨ ᠰᠠᠭᠤᠷᠢ ᠴᠢᠨᠠᠷᠲᠠᠶ ᠮᠡᠳᠡᠯᠭᠡ᠎ᠶ᠋ᠢ ᠰᠤᠷᠤᠯᠴᠠᠵᠤ᠂ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌᠎ᠯᠦᠭᠡ ᠬᠣᠯᠪᠣᠭ᠍ᠳᠠᠬᠤ ᠱᠢᠨ᠎ᠡ ᠮᠡᠳᠡᠯᠭᠡ ᠱᠢᠨ᠎ᠡ ᠤᠷ᠎ᠠ ᠴᠢᠳᠠᠪᠤᠷᠢ᠎ᠶ᠋ᠢ ᠰᠤᠷᠤᠯᠴᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠵᠠᠪᠠᠯ ᠱᠠᠭᠠᠷᠳᠠᠭ᠍ᠳᠠᠬᠤ ᠮᠡᠳᠡᠯᠭᠡ᠎ᠶ᠋ᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠬᠦ᠌ ᠬᠡᠷᠡᠭ᠌ᠲᠡᠶ᠃ ᠦᠢᠯᠡᠳᠦᠯᠭᠡ᠎ᠡᠴᠡ ᠵᠢᠩᠬᠢᠨᠢ ᠮᠡᠳᠡᠯᠭᠡ ᠵᠢ ᠬᠦᠷᠳᠡᠵᠦ᠂ ᠦᠢᠯᠡᠳᠦᠯᠭᠡ ᠵᠢᠨ ᠳᠤᠮᠳᠠ ᠵᠢᠩᠬᠢᠨᠢ ᠴᠢᠳᠠᠪᠤᠷᠢ ᠬᠦᠮᠦᠵᠢᠭᠳᠡᠳᠡᠭ᠃  ᠠᠵᠢᠯᠯᠠᠬᠤ ᠲᠤᠮᠳᠠ ᠰᠤᠷᠤᠯᠴᠠᠵᠤ᠂ ᠰᠤᠷᠤᠯᠴᠠᠬᠤ ᠲᠤᠮᠳᠠ ᠠᠵᠢᠯᠯᠠᠬᠤ ᠵᠢ ᠪᠠᠷᠢᠮᠲᠠᠯᠠᠬᠤ ᠪᠣᠯ ᠤᠳᠤᠷᠢᠳᠭᠤ ᠺᠠᠳ᠋ᠷ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶ᠋ᠢᠨ ᠵᠠᠢᠯᠠᠰᠢ ᠦᠭᠡᠢ ᠶᠠᠪᠤᠬᠤ ᠵᠠᠮ ᠮᠥᠨ᠃ ᠵᠠᠯᠠᠭᠤ ᠺᠠᠳ᠋ᠷᠴᠤᠳ ᠲᠦᠷᠦᠭᠦᠯᠡᠨ ᠬᠢᠵᠦ᠍᠂ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠰᠠᠯᠬᠢ ᠪᠣᠷᠣᠭᠠᠨ᠎ᠢ ᠲᠤᠭᠤᠯᠵᠤ᠂ ᠶᠡᠭᠡ ᠵᠢ ᠦᠵᠡᠨ ᠬᠠᠷᠠᠭ᠎ᠠ ᠪᠡᠨ ᠲᠠᠯᠡᠵᠦ᠂ ᠱᠢᠷᠭᠠᠭᠤ ᠬᠠᠲᠠᠭᠤᠵᠢᠯᠲᠠᠢ ᠲᠡᠮᠡᠴᠡᠬᠦ᠌ ᠳᠤᠮᠳᠠ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠵᠦ᠍᠂ ᠱᠠᠳᠤ ᠱᠠᠳᠤ᠎ᠪᠠᠷ ᠳᠠᠪᠲᠠᠨ ᠪᠣᠯᠪᠠᠰᠤᠷᠠᠬᠤ ᠳᠤᠮᠳᠠ ᠲᠤᠷᠱᠢᠯᠭ᠎ᠠ ᠬᠤᠷᠠᠮᠳᠤᠭᠤᠯᠵᠤ᠂ ᠦᠨᠡᠨ ᠪᠣᠳᠠᠲᠠᠢ ᠡᠷᠳᠡᠮ ᠴᠢᠳᠠᠪᠤᠷᠢ᠎ᠵᠢ ᠳᠠᠪᠲᠠᠨ ᠪᠣᠯᠪᠠᠰᠤᠷᠠᠭᠤᠯᠵᠤ᠂ ᠴᠠᠭᠠᠷᠠᠭ᠍ᠰᠠᠨ ᠡᠷᠳᠡᠮ ᠴᠢᠳᠠᠪᠤᠷᠢ᠎ᠪᠠᠷ᠎ᠢᠶᠠᠨ ᠵᠢᠳᠬᠦᠯ ᠴᠢᠷᠮᠠᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠦᠭᠡᠢ ᠪᠠᠢᠬᠤ ᠭᠡᠷᠡᠭᠳᠠᠢ᠃

ᠵᠠᠯᠠᠭᠤ ᠺᠠᠳ᠋ᠷᠴᠤᠳ ᠪᠣᠯ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠵᠠᠯᠭᠠᠮᠵᠢᠯᠠᠭ᠍ᠴᠢ ᠮᠥᠨ᠂ ᠡᠷᠬᠡᠪᠰᠢ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠱᠢᠯᠢᠳᠡᠭ ᠰᠤᠷᠲᠠᠯ᠎ᠤᠨ ᠦᠨᠡᠨᠴᠢ ᠱᠢᠳᠤᠷᠭᠤ ᠵᠠᠯᠭᠠᠮᠵᠢᠯᠠᠭ᠍ᠴᠢ ᠪᠣᠯᠬᠤ᠎ᠪᠠᠷ ᠵᠣᠷᠢᠭ ᠱᠢᠭᠤᠳᠭᠤ ᠬᠡᠷᠡᠭ᠌ᠲᠡᠢ᠃ ᠶᠣᠰᠣ ᠳᠦᠷᠢᠮ᠎ᠢ ᠴᠢᠩᠭ᠎ᠠ ᠰᠠᠬᠢᠵᠤ᠂ ᠬᠣᠷᠢᠭ᠎ᠠ ᠱᠤᠭᠤᠮ᠎ᠢ ᠳᠠᠪᠠᠵᠤ ᠪᠣᠯᠬᠤ ᠦᠭᠡᠢ᠂ ᠰᠢᠷᠭᠠᠭᠤ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠵᠦ᠍᠂ ᠰᠥᠰᠥ᠍ ᠵᠣᠷᠢᠭ᠂ ᠲᠡᠰᠪᠦᠷᠢ ᠲᠡᠪᠴᠢᠶᠡᠷᠢ᠂ ᠪᠡᠶ᠎ᠡ᠎ᠪᠡᠨ ᠪᠠᠷᠢᠬᠤ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭᠠᠳᠭᠠᠵᠤ᠂ ᠱᠢᠨ᠎ᠡ ᠮᠡᠳᠡᠯᠭᠡ᠎ᠶ᠋ᠢ ᠲᠠᠰᠤᠷᠠᠯᠲᠠ ᠦᠭᠡᠢ ᠡᠵᠡᠮᠱᠢᠵᠦ᠍᠂ ᠱᠢᠨ᠎ᠡ ᠬᠦᠷᠢᠶ᠎ᠡ᠎ᠶ᠋ᠢ ᠲᠠᠨᠢᠵᠤ᠂ ᠬᠠᠷᠠᠭᠠᠰᠤ ᠪᠡᠨ ᠦᠷᠭᠡᠳᠭᠡᠪᠡᠯ᠂ ᠥᠷᠭᠡᠨ ᠤᠯᠠᠨ ᠵᠠᠯᠠᠭᠤ ᠺᠠᠳ᠋ᠷᠴᠤᠳ ᠯᠠᠪᠲᠠᠢ ᠱᠢᠨ᠎ᠡ ᠴᠠᠭ ᠦᠶ᠎ᠡ᠎ᠳᠦ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠯᠠᠯ ᠳᠤᠮᠳᠠ ᠡᠷᠡᠯᠬᠡᠭ᠌ᠯᠡᠨ ᠲᠡᠮᠡᠴᠡᠵᠦ᠍᠂ ᠭᠠᠪᠢᠶ᠎ᠠ ᠪᠠᠢᠭᠤᠯᠤᠨ ᠦᠢᠯᠡᠰ ᠪᠦᠲᠦᠭᠡᠵᠦ᠍᠂ ᠨᠠᠮ᠎ᠳᠠᠭᠠᠨ ᠣᠰᠣᠯᠳᠠᠬᠤ ᠦᠭᠡᠢ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ᠂ ᠴᠠᠭ ᠦᠶ᠎ᠡ᠎ᠳᠦ ᠣᠰᠣᠯᠳᠠᠬᠤ ᠦᠭᠡᠢ ᠠᠮᠵᠢᠯᠲᠠ ᠪᠦᠲᠦᠮᠵᠢ᠎ᠶ᠋ᠢ ᠴᠢᠷᠮᠠᠢᠨ ᠡᠭᠦᠳᠴᠦ ᠴᠢᠳᠠᠨ᠎ᠠ᠃

 (ᠰᠢᠨᠬᠤᠸᠠ ᠬᠤᠷᠢᠶᠠᠨ ᠤ᠋ ᠪᠡᠭᠡᠵᠢᠩ᠎ᠤ᠋ᠨ  9  ᠰᠠᠷ᠎ᠠ  ᠵᠢᠨ 5  ᠤ᠋  ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号