ᠮᠠᠨᠵᠤᠤᠷ ᠪᠣᠭᠣᠮᠲᠠ 《 ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠥᠭᠬᠦ 》 ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠪᠡ
2021-10-25 12:07:00
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠡᠨᠡ ᠵᠢᠯ ᠡᠴᠡ ᠨᠠᠭᠠᠰᠢ᠂ ᠮᠠᠨᠵᠤᠤᠷ ᠪᠣᠭᠣᠮᠲᠠ《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠥᠭᠬᠦ》 ᠪᠠᠷ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠵᠣᠷᠢᠯᠲᠠ ᠪᠠ ᠲᠤᠰᠤᠯᠲᠠ ᠪᠣᠯᠭᠠᠬᠤ᠎ᠶᠢ ᠪᠠᠷᠢᠮᠲᠠᠯᠠᠵᠤ᠂ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠠᠵᠤ ᠠᠬᠤᠢᠯᠠᠯ ᠪᠠ ᠣᠯᠠᠨ ᠲᠦᠮᠡᠨ᠎ᠦ ᠬᠠᠯᠠᠮᠵᠢᠯᠠᠨ ᠠᠩᠬᠠᠷᠴᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠠᠷᠭ᠎ᠠ ᠬᠡᠮᠵᠢᠶ᠎ᠡ ᠪᠡᠷ ᠠᠵᠤ ᠠᠬᠤᠢᠯᠠᠯ᠎ᠤᠨ ᠬᠢᠵᠢᠭ᠎ᠦᠨ ᠪᠠᠢᠳᠠᠯ᠎ᠤᠨ ᠪᠡᠷᠬᠡ ᠬᠠᠲᠠᠭᠤᠵᠢᠯᠲᠠᠶ ᠬᠤᠭᠤᠴᠠᠭ᠎ᠠ᠎ᠶᠢ ᠳᠤᠭᠤᠯᠬᠤ᠎ᠳᠤ ᠬᠦᠴᠦᠨ ᠨᠡᠮᠡᠷᠢᠯᠡᠵᠦ᠂ 《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠥᠭᠬᠦ》 ᠦᠢᠯᠡᠳᠦᠯᠭᠡ᠎ᠶᠢᠨ ᠠᠵᠢᠯᠯᠠᠭ᠎ᠠ᠎ᠶᠢᠨ ᠪᠣᠳᠠᠲᠤ ᠦᠷ᠎ᠡ ᠪᠦᠲᠦᠮᠵᠢ ᠤᠯᠬᠤ᠎ᠶᠢ ᠠᠬᠢᠭᠤᠯᠪᠠ᠃ ᠮᠠᠨᠵᠤᠤᠷ ᠪᠤᠭᠤᠮᠳᠠ ᠣᠯᠠᠨ ᠲᠦᠮᠡᠨ᠎ᠦ ᠠᠩᠬᠠᠷᠴᠤ ᠪᠠᠢᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠠᠬᠤᠢᠯᠠᠯ᠎ᠳᠤ ᠠᠰᠢᠭ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠎ᠶᠢ ᠴᠢᠡᠭᠭᠠᠳᠬᠠᠬᠤ ᠵᠢᠨ ᠲᠠᠭᠠᠤ ᠵᠠᠬ᠎ᠠ ᠳᠡᠯᠭᠡᠭᠦᠷ᠎ᠦᠨ ᠬᠤᠳᠠᠯᠳᠤᠨ ᠠᠪᠬᠤ ᠠᠷᠠᠯᠵᠢᠶ᠎ᠠ᠎ᠶᠢᠨ ᠲᠥᠷᠥ᠎ᠶᠢᠨ ᠪᠣᠳᠣᠯᠭ᠎ᠠ᠎ᠶᠢᠨ 《ᠠᠰᠢᠭ》 ᠢ᠋ ᠬᠥᠭᠵᠢᠭᠡᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠶᠡᠷᠦᠩᠬᠡᠢᠯᠡᠭᠰᠡᠨ ᠬᠠᠮᠢᠶᠠᠷᠤᠯᠲᠠ᠎ᠶᠢᠨ ᠰᠢᠰᠲ᠋ᠧᠮ᠎ᠦᠨ ᠪᠠᠢᠭᠤᠯᠤᠯᠲᠠ᠎ᠶᠢ ᠳᠡᠮᠵᠢᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠱᠠᠯᠠᠪᠳᠠᠭᠤᠯᠤᠨ ᠲᠦᠷᠢᠮ᠎ᠦᠨ ᠰᠢᠰᠲ᠋ᠧᠮ᠂ ᠵᠥᠭᠡᠯᠡᠨ ᠬᠠᠲᠠᠭᠤ ᠬᠡᠷᠡᠭᠰᠡᠯ᠎ᠦᠨ ᠲᠦᠭᠦᠭᠡᠷᠦᠮᠵᠢ᠎ᠶᠢᠨ ᠪᠥᠲᠥᠭᠡᠨ ᠪᠠᠢᠭᠤᠯᠤᠯᠲᠠ᠎ᠶᠢ ᠲᠡᠭᠦᠯᠳᠡᠷᠵᠢᠭᠦᠯᠦᠨ᠂ ᠲᠤᠷᠰᠢᠯᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠱᠠᠭᠠᠷᠳᠠᠯᠭ᠎ᠠ ᠪᠠ ᠦᠢᠯᠡᠴᠢᠯᠡᠭᠡᠨ᠎ᠦ ᠪᠠᠷᠢᠮᠵᠢᠶ᠎ᠠ᠎ᠳᠤ ᠨᠡᠢᠴᠡᠬᠦᠯᠪᠡ᠃ ᠲᠠᠷᠠᠭᠠᠴᠢ᠎ᠶᠢᠨ ᠠᠯᠬᠤᠮ᠎ᠳᠤ᠂ ᠮᠠᠨᠵᠤᠤᠷ ᠪᠣᠭᠣᠮᠲᠠ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠲᠤᠷᠰᠢᠯᠭ᠎ᠠ ᠪᠠᠨ ᠳ᠋ᠦᠩᠨᠡᠨ᠂ ᠦᠷᠭᠦᠯᠵᠢᠯᠡᠨ ᠣᠯᠠᠨ ᠲᠦᠮᠡᠨ᠎ᠳᠦ ᠬᠠᠨᠳᠤᠵᠤ᠂ ᠦᠨᠳᠦᠰᠦᠨ ᠱᠠᠲᠤᠨ᠎ᠳᠤ ᠬᠠᠨᠳᠤᠵᠤ᠂ ᠠᠵᠤ ᠠᠬᠤᠶ ᠨᠡᠢᠭᠡᠮ᠎ᠦᠨ ᠬᠥᠭᠵᠢᠯᠲᠡ᠎ᠳᠦ ᠪᠣᠳᠠᠲᠠᠶ ᠠᠷᠭ᠎ᠠ ᠬᠡᠮᠵᠢᠶ᠎ᠡ ᠭᠠᠷᠭᠠᠵᠤ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ ᠦᠢᠯᠡᠴᠢᠯᠡᠭᠡ᠎ᠶᠢ ᠰᠠᠢᠲᠤᠷ ᠬᠢᠵᠦ᠂ ᠰᠢᠨ᠎ᠡ ᠪᠡᠷ ᠮᠠᠨᠳᠤᠭᠰᠠᠨ ᠡᠵᠡᠩᠨᠡᠯᠲᠡ᠎ᠶᠢᠨ ᠬᠡᠯᠪᠡᠷᠢ᠎ᠶᠢᠨ ᠬᠥᠭᠵᠢᠯᠲᠡ᠎ᠶᠢ ᠪᠥᠬᠥ ᠬᠦᠴᠦᠨ᠎ᠢᠶᠡᠷ᠎ᠢᠶᠡᠨ ᠳᠡᠮᠵᠢᠵᠦ᠂ ᠣᠯᠠᠨ ᠲᠦᠮᠡᠨ᠎ᠳᠦ ᠦᠨᠡᠨ ᠪᠣᠳᠠᠲᠠᠶ ᠠᠰᠢᠭ ᠲᠤᠰᠠ᠎ᠶᠢ ᠦᠵᠡᠭᠦᠯᠵᠦ᠂ ᠪᠣᠭᠣᠮᠲᠠ᠎ᠶᠢᠨ ᠠᠵᠤ ᠠᠬᠤᠶ᠎ᠶᠢᠨ ᠬᠥᠭᠵᠢᠯ ᠴᠡᠴᠡᠭᠯᠡᠯ᠂ ᠣᠷᠣᠨ ᠨᠤᠲᠤᠭ᠎ᠤᠨ ᠠᠵᠤ ᠠᠬᠤᠶ᠎ᠶᠢᠨ ᠬᠥᠭᠵᠢᠯᠲᠡ᠎ᠶᠢ ᠠᠬᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠬᠦᠯᠬᠦ ᠪᠡᠷ ᠴᠢᠷᠮᠠᠢᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号