ᠤᠢᠷ᠎ᠠ
ᠳ᠋ᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠪᠥᠬᠥ᠌ ᠣᠷᠣᠨ᠎ᠤ ᠬᠡᠪᠴᠢᠶᠡᠨ᠎ᠳᠦ 《ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ》᠎ᠤ᠋ᠨ ᠵᠠᠯᠠᠭᠤᠴᠤᠳ ᠪᠠᠭᠠᠴᠤᠳ᠎ᠤᠨ ᠡᠳᠦᠷᠯᠢᠭ᠎ᠦᠨ ᠲᠤᠰᠭᠠᠶ
ᠰᠡᠳᠦᠪᠲᠦ ᠤᠬᠠᠭᠤᠯᠭ᠎ᠠ ᠶ᠋ᠢᠨ ᠠᠵᠢᠯᠯᠠᠭ᠎ᠠ ᠦᠷᠨᠢᠭᠦᠯᠪᠡ᠃ ᠲᠤᠰ ᠤᠳᠠᠭ᠎ᠠ᠎ᠶ᠋ᠢᠨ ᠠᠵᠢᠯᠯᠠᠭ᠎ᠠ ᠨᠢ ᠰᠦᠯᠵᠢᠶᠡᠨ᠎ᠦ
ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ᠎ᠢᠶᠠᠷ ᠠᠵᠠ ᠲᠣᠬᠢᠶᠠᠯ ᠪᠣᠯᠭᠠᠵᠤ᠂ ᠰᠦᠯᠵᠢᠶᠡᠨ᠎ᠦ ᠠᠮᠤᠷ ᠲᠦᠪᠱᠢᠨ᠎ᠦ
ᠮᠡᠳᠡᠯᠭᠡ᠎ᠶ᠋ᠢ ᠤᠬᠠᠭᠤᠯᠵᠤ᠂ 《ᠰᠦᠯᠵᠢᠶᠡᠨ᠎ᠦ ᠠᠮᠤᠷ ᠲᠦᠪᠱᠢᠨ ᠠᠷᠠᠳ
ᠲᠦᠮᠡᠨ᠎ᠦ ᠲᠦᠯᠦᠭᠡ᠂ ᠰᠦᠯᠵᠢᠶᠡᠨ᠎ᠦ ᠠᠮᠤᠷ ᠲᠦᠪᠱᠢᠨ ᠠᠷᠠᠳ ᠲᠦᠮᠡᠨ᠎ᠳᠦ ᠲᠦᠱᠢᠭ᠌ᠯᠡᠨ᠎ᠡ》 ᠬᠡᠬᠦ᠌ ᠤᠢ᠍ᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠬᠦᠨ ᠬᠠᠳᠠᠩᠱᠢᠭᠤᠯᠬᠤ ᠵᠢ ᠵᠤᠷᠢᠵᠠᠢ᠃
ᠠᠵᠢᠯᠯᠠᠭᠠᠳ᠋ᠦ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ
ᠰᠦᠯᠵᠢᠶᠡᠨ᠎ᠦ ᠠᠮᠤᠷ ᠲᠦᠪᠱᠢᠨ᠎ᠦ ᠲᠤᠬᠠᠢ ᠦᠰᠦᠭ ᠵᠢᠷᠤᠬᠬᠠᠪᠰᠤᠷᠭᠠᠭ᠍ᠰᠠᠨ ᠪᠦᠲᠦᠭᠡᠯ᠎ᠢ ᠥᠷᠭᠡᠨ᠎ᠢᠶᠡᠷ ᠴᠤᠭ᠍ᠯᠠᠭᠤᠯᠵᠤ᠂ ᠵᠠᠯᠠᠭᠤᠴᠤᠳ ᠪᠠᠭᠠᠴᠤᠳ᠎ᠤᠨ ᠰᠦᠯᠵᠢᠶᠡᠨ᠎ᠦ ᠠᠮᠤᠷ ᠲᠦᠪᠱᠢᠨ᠎ᠦ
ᠮᠡᠳᠡᠯᠭᠡ᠎ᠶ᠋ᠢᠨ ᠲᠤᠬᠠᠢ ᠰᠦᠯᠵᠢᠶᠡᠨᠤ᠋ ᠤᠷᠤᠯᠳᠤᠭᠠᠨᠥᠷᠨᠢᠭᠦᠯᠵᠦ᠍᠂ ᠵᠠᠯᠠᠭᠤᠴᠤᠳ ᠪᠠᠭᠠᠴᠤᠳ᠎ᠤᠨ ᠰᠦᠯᠵᠢᠶᠡᠨ᠎ᠦ
ᠠᠮᠤᠷ ᠲᠦᠪᠱᠢᠨ᠎ᠦ ᠲᠤᠬᠠᠢ ᠱᠢᠷᠢᠰ ᠱᠣᠭ ᠵᠢᠷᠤᠭᠨᠡᠢᠲᠡᠯᠡᠵᠦ᠍᠂ ᠰᠦᠯᠵᠢᠶᠡᠨ ᠳᠡᠭᠡᠷᠡᠬᠢ ᠪᠠ ᠪᠤᠳᠠᠳᠤ ᠴᠤᠭ᠍ᠴᠠ᠎ᠶ᠋ᠢ
ᠤᠶᠠᠯᠳᠤᠭᠤᠯᠬᠤ ᠬᠡᠯᠪᠡᠷᠢ᠎ᠪᠡᠷ ᠵᠠᠯᠠᠭᠤᠴᠤᠳ ᠪᠠᠭᠠᠴᠤᠳ᠎ᠢ ᠬᠥᠮᠦᠵᠢᠭᠦᠯᠦᠨ ᠬᠦᠳᠦᠯᠦᠨ ᠵᠢᠯᠣᠭᠣᠳᠴᠤ᠌ ᠰᠦᠯᠵᠢᠶᠡᠨ᠎ᠦ
ᠠᠮᠤᠷ ᠲᠦᠪᠱᠢᠨ᠎ᠦ ᠲᠤᠬᠠᠢ ᠵᠥᠪ ᠤᠢ᠍ᠢᠯᠠᠭᠠᠭ᠍ᠳᠠᠬᠤᠨ᠎ᠢ ᠪᠤᠢ ᠪᠣᠯᠭᠠᠪᠠ᠃ ᠬᠠᠮᠳᠤ ᠳ᠋ᠤᠨᠢ᠂ ᠪᠥᠬᠥ᠌ ᠣᠷᠣᠨ᠎ᠤ
ᠡᠯ᠎ᠡ ᠭᠠᠵᠠᠷ᠎ᠤᠨ ᠬᠢᠨ ᠲᠤᠬᠠᠢ ᠵᠢᠨ ᠭᠠᠵᠠᠷ᠎ᠤᠨ ᠣᠨᠴᠠᠯᠢᠭ᠎ᠲᠠᠶ᠎ᠪᠠᠨ ᠤᠶᠠᠯᠳᠤᠭᠤᠯᠤᠨ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠥᠷᠨᠢᠭᠦᠯᠪᠡ᠃
ᠬᠥᠬᠡᠬᠣᠲᠠ᠎ᠶ᠋ᠢᠨ ᠡᠪᠯᠡᠯ᠎ᠦᠨ ᠬᠣᠷᠢᠶ᠎ᠠ 2021ᠣᠨ᠎ᠤ ᠬᠥᠬᠡᠬᠣᠲᠠ᠎ᠶ᠋ᠢᠨ 《ᠤᠯᠤᠰ᠎ᠤᠨ ᠰᠦᠯᠵᠢᠶᠡᠨ᠎ᠦ ᠠᠮᠤᠷ ᠲᠦᠪᠱᠢᠨ᠎ᠦ ᠤᠬᠠᠭᠤᠯᠭ᠎ᠠ᠎ᠶ᠋ᠢᠨ ᠭᠠᠷᠠᠭ》 ᠤ᠋ᠨ ᠵᠠᠯᠠᠭᠤᠴᠤᠳ ᠪᠠᠭᠠᠴᠤᠳ᠎ᠤᠨ ᠡᠳᠦᠷᠯᠢᠭ᠎ᠦᠨ ᠲᠤᠰᠭᠠᠶ
ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ 《ᠰᠦᠯᠵᠢᠶᠡᠨ᠎ᠦ ᠠᠮᠤᠷ ᠲᠦᠪᠱᠢᠨ᠎ᠳᠦ ᠠᠩᠬᠠᠷᠤᠯ ᠵᠢᠡᠨ ᠬᠠᠨᠳᠤᠭᠤᠯᠬᠤ》 ᠪᠠ 《 ᠮᠡᠬᠡᠯᠡᠯ᠎ᠢ ᠡᠰᠡᠷᠭᠦᠴᠡᠬᠦ᠌ ᠮᠡᠳᠡᠯᠭᠡ᠎ᠶ᠋ᠢ
ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ 》 ᠲᠤᠰᠭᠠᠶ ᠰᠡᠳᠦᠪᠲᠦ
ᠲᠠᠢᠯᠤᠮᠵᠢ ᠬᠢᠪᠠ; ᠲᠦᠩᠯᠢᠶᠣᠤ ᠬᠤᠳᠠ᠎ᠶ᠋ᠢᠨ ᠡᠪᠯᠡᠯ᠎ᠦᠨ ᠬᠣᠷᠢᠶ᠎ᠠ
ᠪᠦᠬᠦ᠌ ᠬᠤᠳᠠ᠎ᠶ᠋ᠢᠨ ᠡᠪᠯᠡᠯ᠎ᠦᠨ ᠭᠡᠱᠢᠭᠦᠨ ᠵᠠᠯᠠᠭᠤᠴᠤᠳ᠎ᠲᠤ ᠨᠢᠭᠡ ᠬᠤᠪᠢ ᠵᠠᠬᠢᠳᠠᠯ ᠢᠯᠡᠭᠡᠵᠦ᠍᠂ ᠪᠦᠬᠦ᠌
ᠬᠤᠳᠠ᠎ᠶ᠋ᠢᠨ ᠵᠠᠯᠠᠭᠤᠴᠤᠳ ᠪᠠᠭᠠᠴᠤᠳ᠎ᠢ ᠰᠦᠯᠵᠢᠶᠡᠨ᠎ᠤ ᠠᠮᠤᠷ ᠲᠦᠪᠱᠢᠨ᠎ᠤ ᠤᠯᠠᠮᠵᠢᠯᠠᠭ᠍ᠴᠢ᠂ ᠦᠢᠯᠡᠳᠦᠯᠭᠡᠵᠢᠭᠦᠯᠦᠭ᠌ᠴᠢ᠂
ᠬᠠᠮᠠᠭᠠᠯᠠᠭ᠍ᠴᠢ ᠪᠣᠯᠬᠤ᠎ᠶ᠋ᠢ ᠤᠷᠢᠶᠠᠯᠠᠪᠠ᠃ ᠪᠠᠶᠠᠨᠨᠠᠭᠤᠷ ᠬᠤᠳᠠ᠎ᠶ᠋ᠢᠨ ᠡᠪᠯᠡᠯ᠎ᠦᠨ ᠬᠣᠷᠢᠢ᠎ᠠ ᠦᠵᠡᠭᠦᠯᠭᠡ᠎ᠶ᠋ᠢᠨ
ᠰᠠᠮᠪᠠᠷ᠎ᠠ ᠭᠠᠷᠭᠠᠬᠤ᠂ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ᠎ᠦᠨ ᠬᠡᠯᠪᠡᠷᠢ᠎ᠪᠡᠷ
ᠳᠠᠮᠵᠢᠭᠤᠯᠤᠨ ᠵᠠᠯᠠᠭᠤᠴᠤᠳ ᠪᠠᠭᠠᠴᠤᠳ᠎ᠲᠤ ᠰᠦᠯᠵᠢᠶᠡᠨ᠎ᠦ ᠮᠡᠬᠡᠯᠡᠯ᠎ᠢ ᠰᠡᠷᠭᠡᠢᠯᠡᠬᠦ᠌ ᠵᠢᠴᠢ ᠰᠦᠯᠵᠢᠶ᠎ᠡ ᠪᠡᠷ
ᠲᠤᠭᠠᠴᠠᠭ᠎ᠠ ᠬᠢᠬᠦ᠌ ᠲᠦᠭ᠌ᠰᠢᠭᠦᠷᠢ᠎ᠡᠴᠡ ᠵᠠᠢᠯᠠᠰᠭᠢᠬᠦ᠌ ᠵᠡᠷᠭᠡ ᠬᠠᠮᠢᠶ᠎ᠠ ᠪᠦᠬᠦᠢ ᠮᠡᠳᠡᠯᠭᠡ᠎ᠶ᠋ᠢ ᠤᠬᠠᠭᠤᠯᠤᠨ
ᠲᠦᠭᠡᠮᠡᠯᠵᠢᠭᠦᠯᠵᠦ᠍᠂ ᠵᠠᠯᠠᠭᠤᠴᠤᠳ ᠪᠠᠭᠠᠴᠤᠳ᠎ᠢ ᠳᠡᠭᠡᠳᠦ ᠬᠡᠮᠵᠢᠶᠡᠨ᠎ᠦ ᠠᠮᠤᠷ ᠲᠦᠪᠱᠢᠨ᠎ᠦ ᠤᠬᠠᠮᠰᠠᠷ᠎ᠲᠠᠶ᠂
ᠰᠡᠷᠭᠡᠢᠯᠡᠬᠦ᠌ ᠴᠢᠳᠠᠪᠤᠷᠢ᠎ᠲᠠᠶ ᠰᠠᠢ᠌ᠨ ᠰᠦᠯᠵᠢᠶᠡᠨ ᠢᠷᠭᠡᠨ ᠪᠣᠯᠬᠤ᠎ᠪᠠᠷ ᠴᠢᠷᠮᠠᠢᠵᠤ᠂ ᠰᠦᠯᠵᠢᠶᠡᠨ᠎ᠦ ᠠᠮᠤᠷ
ᠲᠦᠪᠱᠢᠨ᠎ᠢ ᠬᠠᠮᠠᠭᠠᠯᠠᠬᠤ ᠬᠣᠱᠢᠭᠤᠴᠢ ᠪᠣᠯᠬᠤ ᠵᠢ ᠬᠦᠲᠦᠯᠦᠨ ᠵᠢᠯᠤᠭᠤᠳᠪᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号