ᠦᠪᠦᠷ ᠮᠤᠨᠭᠭᠤᠯ᠎ᠤᠨ ᠪᠦᠬᠦ᠌ ᠠᠷᠠᠳ᠎ᠤᠨ ᠤᠮᠪᠠᠯᠲᠠ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠡᠬᠢᠯᠡᠪᠡ
2021-10-26 09:43:07
ᠵᠣᠬᠢᠶᠠᠭ᠍ᠴᠢ᠄
ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠡᠪᠯᠡᠯ᠂ᠥᠪᠥᠷ ᠮᠣᠩᠭᠣᠯ᠎ᠤᠨ ᠤᠮᠪᠠᠯᠲᠠ᠎ᠶ᠋ᠢᠨ ᠨᠡᠢᠭᠡᠮᠯᠢᠭ᠎ᠡᠴᠡ ᠭᠤᠤᠯᠯᠠᠨ ᠡᠷᠭᠢᠯᠡᠭ᠌ᠰᠡᠨ ᠥᠪᠥᠷ ᠮᠣᠩᠭᠣᠯ᠎ᠤᠨ ᠪᠥᠬᠥ᠌ ᠠᠷᠠᠳ᠎ᠤᠨ ᠤᠮᠪᠠᠯᠲᠠ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠬᠥᠬᠡᠬᠣᠲᠠ᠎ᠳᠤ ᠡᠬᠢᠯᠡᠪᠡ᠃ 

ᠤᠢ᠍ᠢᠯᠠᠭᠠᠭ᠍ᠰᠠᠨ᠎ᠶ᠋ᠢᠡᠷ᠂ ᠲᠤᠰ ᠤᠳᠠᠭᠠᠨ᠎ᠤ ᠤᠮᠪᠠᠯᠲᠠ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠢ ᠮᠡᠯᠡᠬᠡᠶ ᠤᠮᠪᠠᠯᠲᠠ᠂ ᠴᠢᠯᠥᠭᠡᠲᠦ ᠤᠮᠪᠠᠯᠲᠠ᠂ ᠡᠷᠪᠡᠬᠡᠶ ᠤᠮᠪᠠᠯᠲᠠ᠂ ᠲᠠᠩᠭᠠᠢᠮᠠᠯ ᠤᠮᠪᠠᠯᠲᠠ᠂ ᠬᠣᠯᠢᠮᠠᠭ ᠤᠮᠪᠠᠯᠲᠠ ᠵᠡᠷᠭᠡ ᠲᠥᠷᠥᠯ ᠵᠦᠢᠯ᠎ᠳᠦ ᠬᠤᠪᠢᠶᠠᠵᠤ᠂ 29 ᠲᠥᠯᠥᠭᠡᠯᠡᠭ᠌ᠴᠢᠳ᠎ᠦᠨ ᠠᠩᠭᠢ᠎ᠶ᠋ᠢᠨ 400 ᠭᠠᠷᠤᠶ ᠲᠠᠮᠢᠷᠴᠢᠨ ᠤᠷᠤᠯᠳᠤᠭᠠᠨ᠎ᠳᠤ ᠣᠷᠣᠯᠴᠠᠪᠠ᠃ ᠤᠷᠤᠯᠳᠤᠭᠠᠨ᠎ᠤ ᠳᠤᠮᠳᠠ᠂ ᠲᠠᠮᠢᠷᠴᠢᠳ ᠪᠦᠬᠦ᠌ ᠬᠦᠴᠦᠨ᠎ᠶ᠋ᠢᠡᠷ᠎ᠶ᠋ᠢᠡᠨ ᠴᠢᠷᠮᠠᠢ᠌ᠵᠦ᠍᠂ ᠡᠴᠦᠰ᠎ᠲᠦᠨᠢ ᠲᠤᠯᠲᠠᠯ᠎ᠠ ᠲᠡᠮᠡᠴᠡᠬᠦ᠌  ᠵᠣᠷᠢᠭ ᠰᠠᠨᠠᠭ᠎ᠠ ᠨᠢ ᠦᠵᠡᠭ᠌ᠴᠢᠳ᠎ᠦᠨ ᠮᠠᠭ᠍ᠲᠠᠭᠠᠯ ᠰᠠᠢᠱᠢᠶᠠᠯ᠎ᠢ ᠣᠯᠤᠭ᠍ᠰᠠᠨ ᠪᠠᠢ᠌ᠨ᠎ᠠ᠃ ᠲᠤᠰ ᠤᠳᠠᠭᠠᠨ᠎ᠤ ᠤᠷᠤᠯᠳᠤᠭᠠᠨ ᠨᠢ ᠵᠠᠯᠠᠭᠤᠴᠤᠳ ᠪᠠᠭᠠᠴᠤᠳ᠎ᠤᠨ ᠤᠮᠪᠠᠯᠲᠠ᠎ᠶ᠋ᠢᠨ ᠪᠡᠯᠡᠳᠭᠡᠯ ᠴᠢᠳᠠᠪᠤᠷᠢᠲᠠᠨ᠎ᠢ ᠰᠣᠩᠭᠣᠬᠤ᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ᠂ ᠵᠠᠯᠠᠭᠤᠴᠤᠳ ᠪᠠᠭᠠᠴᠤᠳ᠎ᠤᠨ ᠤᠮᠪᠠᠯᠲᠠ᠎ᠶ᠋ᠢᠨ ᠬᠥᠳᠡᠯᠭᠡᠭᠡᠨ᠎ᠢ ᠳᠡᠯᠭᠡᠷᠡᠭᠦᠯᠬᠦ᠂ ᠤᠮᠪᠠᠯᠲᠠ᠎ᠶ᠋ᠢᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠢ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号