ᠮᠠᠨ᠎ᠤ ᠤᠷᠤᠨ᠎ᠤ 5 ᠬᠤᠰᠢᠭᠤ 《 ᠲᠤᠮᠳᠠᠳᠤ ᠤᠯᠤᠰ᠎ᠤᠨ ᠠᠷᠠᠳ᠎ᠤᠨ ᠰᠤᠶᠤᠯ ᠤᠷᠠᠯᠢᠭ᠎ᠤᠨ ᠨᠤᠲᠤᠭ 》 ᠎ᠤᠨ ᠨᠡᠷᠡᠰ ᠲᠦ᠍ ᠰᠤᠩᠭᠤᠭᠳᠠᠨ ᠤᠷᠤᠵᠠᠢ
2021-10-26 09:58:33
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ 2021᠊᠊᠊᠊᠊᠊᠊᠊ 2023 ᠤᠨ᠎ᠤ ᠬᠤᠭᠤᠷᠤᠨᠳᠤ 《 ᠳᠤᠮᠳᠠᠳᠤ ᠤᠯᠤᠰ᠎ᠤᠨ ᠠᠷᠠᠳ᠎ᠤᠨ ᠰᠣᠶᠣᠯ ᠤᠷᠠᠯᠢᠭ᠎ᠤᠨ ᠨᠤᠲᠤᠭ》 ᠢ᠋ᠶ᠋ᠡᠷ ᠨᠡᠷᠡᠢᠳᠬᠦ᠌᠎ᠪᠡᠷ ᠪᠠᠢᠭ᠎ᠠ ᠨᠡᠷᠡᠰ᠎ᠢ ᠨᠡᠢᠲᠡᠯᠡᠵᠦ᠍᠂ ᠮᠠᠨ᠎ᠤ ᠣᠷᠣᠨ᠎ᠤ 5 ᠬᠤᠰᠢᠭᠤ ᠡᠨᠡ ᠬᠦ᠌ ᠨᠡᠷᠡᠰ ᠲᠦ᠍ ᠰᠣᠩᠭᠣᠭ᠍ᠳᠠᠨ ᠤᠷᠤᠪᠠ᠂ ᠡᠭᠦᠨ᠎ᠳᠦ ᠣᠷᠳᠣᠰ ᠬᠣᠲᠠ ᠵᠢᠨ ᠦᠦᠱᠢᠨ ᠬᠣᠱᠢᠭᠤᠨ᠎ᠤ ᠵᠢᠷᠤᠭ᠎ᠠ ᠮᠣᠷᠢ᠂ ᠵᠡᠭᠦᠨᠭᠠᠷ ᠬᠣᠱᠢᠭᠤᠨ᠎ᠤ ᠮᠠᠩᠬᠠᠨ ᠠᠶᠠᠯᠭᠤ᠂᠎ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠡᠯ ᠷᠧᠨ ᠲᠡᠶ᠂ ᠲᠦᠩᠯᠢᠶᠣᠤ  ᠬᠣᠲᠠ᠎ᠶ᠋ᠢᠨ ᠬᠦᠷᠢᠶ᠎ᠡ ᠬᠣᠱᠢᠭᠤᠨ᠎ᠤ ᠠᠨᠳᠠᠶ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ  ᠥᠯᠢᠭᠡᠷ ᠵᠡᠷᠬᠡ ᠰᠣᠩᠭᠣᠭ᠍ᠳᠠᠵᠠᠶ᠃ 

《 ᠳᠤᠮᠳᠠᠳᠤ ᠤᠯᠤᠰ᠎ᠤᠨ ᠠᠷᠠᠳ᠎ᠤᠨ ᠰᠣᠶᠣᠯ ᠤᠷᠠᠯᠢᠭ᠎ᠤᠨ ᠨᠤᠲᠤᠭ》 ᠭᠡᠳᠡᠭ ᠨᠢ ᠠᠷᠠᠳ᠎ᠤᠨ ᠰᠣᠶᠣᠯ᠎ᠤᠨ ᠡᠬᠢ ᠪᠠᠶᠠᠯᠢᠭ ᠪᠤᠶᠤ ᠶᠠᠮᠠᠷ ᠨᠢᠭᠡᠨ ᠣᠨᠴᠠᠭᠠᠶ ᠤᠷᠠᠯᠢᠭ᠎ᠤᠨ ᠬᠡᠯᠪᠡᠷᠢ᠎ᠶ᠋ᠢ ᠬᠡᠷᠡᠭ᠌ᠯᠡᠵᠤ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠪᠡᠷ ᠲᠠᠮᠵᠢᠨ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠪᠥᠭᠡᠳ ᠥᠷᠭᠡᠨ᠎ᠢᠶᠡᠷ ᠣᠷᠣᠯᠴᠠᠳᠠᠭ ᠣᠯᠠᠨ ᠲᠦᠮᠡᠨᠴᠢ ᠰᠣᠶᠣᠯ᠎ᠤᠨ ᠭᠣᠣᠯ ᠠᠵᠢᠯᠯᠠᠭᠠᠨ᠎ᠤ ᠬᠡᠯᠪᠡᠷᠢ ᠪᠠ ᠢᠯᠡᠳᠭᠡᠬᠦ᠌ ᠬᠡᠯᠪᠡᠷᠢ ᠪᠣᠯᠤᠭ᠍ᠰᠠᠨ ᠪᠥᠭᠡᠳ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠤ ᠰᠣᠶᠣᠯ᠎ᠤᠨ ᠠᠮᠢᠳᠤᠷᠠᠯ ᠵᠢᠴᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠢᠳᠡᠪᠬᠢᠲᠡᠶ ᠨᠥᠯᠥᠭᠡ ᠦᠵᠡᠭᠦᠯᠦᠭ᠌ᠰᠡᠨ ᠱᠢᠶᠠᠨ(ᠱᠢᠶᠠᠨ᠎ᠤ ᠱᠠᠲᠤᠨ᠎ᠤ ᠬᠣᠲᠠ᠂ ᠲᠣᠭᠣᠷᠢᠭ)᠂ ᠱᠢᠶᠠᠩ ᠪᠠᠯᠭᠠᠰᠤ (ᠵᠡᠭᠡᠯᠢ ᠭᠤᠳᠤᠮᠵᠢ) ᠵᠢ ᠵᠢᠭᠠᠵᠤ ᠪᠤᠢ᠃ 1987 ᠣᠨ᠎ᠳᠤ ᠡᠭᠦᠳᠦᠨ ᠪᠠᠢᠭᠤᠯᠵᠦ ᠥᠷᠨᠢᠭᠦᠯᠦᠭ᠌ᠰᠡᠨ᠎ᠡᠴᠡ ᠨᠠᠭᠠᠰᠢ᠂ ᠠᠷᠠᠳ᠎ᠤᠨ ᠰᠣᠶᠣᠯ ᠤᠷᠠᠯᠢᠭ᠎ᠤᠨ ᠦᠢᠯᠡᠰ᠎ᠦᠨ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠤ᠂ ᠦᠨᠳᠦᠰᠦᠨ ᠱᠠᠲᠤᠨ᠎ᠤ ᠣᠯᠠᠨ ᠲᠦᠮᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ ᠬᠥᠭ᠌ᠵᠢᠬᠦᠯᠬᠦ  ᠣᠯᠠᠨ ᠨᠡᠢᠲᠡ᠎ᠶ᠋ᠢᠨ ᠰᠣᠶᠣᠯ᠎ᠤᠨ ᠴᠢᠬᠤᠯᠠ ᠨᠡᠷᠡᠲᠦ  ᠲᠥᠷᠥᠯ  ᠵᠦᠢᠯ  ᠪᠤᠯᠵᠠᠢ᠃ 2007 ᠊᠊᠊᠊᠊᠊᠊᠊  2008 ᠤᠨ ᠪᠣᠯᠲᠠᠯ᠎ᠠ᠂ ᠰᠣᠶᠣᠯ᠎ᠤᠨ ᠶᠠᠮᠤᠨ ᠥᠩᠭᠡᠷᠡᠭ᠌ᠰᠡᠨ᠎ᠦ ᠲᠤᠷᠱᠢᠯᠭ᠎ᠠ ᠪᠠᠨ ᠳ᠋ᠦᠩᠨᠡᠭ᠌ᠰᠡᠨ ᠰᠠᠭᠤᠷᠢᠨ ᠳᠡᠭᠡᠷ᠎ᠡ 《ᠳᠤᠮᠳᠠᠳᠤ ᠤᠯᠤᠰ᠎ᠤᠨ ᠠᠷᠠᠳ᠎ᠤᠨ ᠰᠣᠶᠣᠯ ᠤᠷᠠᠯᠢᠭ᠎ᠤᠨ ᠨᠤᠲᠤᠭ》 ᠎ᠢ ᠨᠡᠷᠡᠢᠳᠬᠦ᠌ ᠪᠠ ᠬᠠᠮᠢᠶᠠᠷᠬᠤ ᠠᠵᠢᠯ᠎ᠢ ᠵᠢᠷᠤᠮᠵᠢᠭᠤᠯᠬᠤ ᠵᠢᠨ ᠲᠥᠯᠥᠭᠡ᠂ 《ᠳᠤᠮᠳᠠᠳᠤ ᠤᠯᠤᠰ᠎ᠤᠨ ᠠᠷᠠᠳ᠎ᠤᠨ ᠰᠣᠶᠣᠯ ᠤᠷᠠᠯᠢᠭ᠎ᠤᠨ ᠨᠤᠲᠤᠭ᠎ᠢ ᠨᠡᠷᠡᠢᠳᠬᠦ᠌ ᠠᠷᠭ᠎ᠠ》 ᠵᠢ ᠲᠣᠭ᠍ᠲᠠᠭᠠᠨ ᠨᠡᠢᠲᠡᠯᠡᠵᠦ᠍᠂ ᠨᠡᠷ᠎ᠡ ᠵᠢ ᠨᠢ 《ᠳᠤᠮᠳᠠᠳᠤ ᠤᠯᠤᠰ᠎ᠤᠨ ᠠᠷᠠᠳ᠎ᠤᠨ ᠰᠣᠶᠣᠯ ᠤᠷᠠᠯᠢᠭ᠎ᠤᠨ ᠨᠤᠲᠤᠭ》 ᠭᠡᠵᠦ᠍ ᠨᠢᠭᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号