ᠢᠯᠠᠯᠳᠠ ᠵᠢ ᠲᠡᠮᠡᠴᠡᠨ ᠤᠯᠬᠤ ᠬᠠᠷᠢᠭᠤᠴᠠᠯᠭ᠎ᠠ ᠡᠬᠦᠷᠭᠡᠯᠡᠯ ᠪᠢᠳᠡᠨ᠎ᠳᠤ ᠪᠤᠢ
2021-10-26 09:55:57
ᠵᠣᠬᠢᠶᠠᠭ᠍ᠴᠢ᠄
   ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

ᠡᠵᠡᠨ᠎ᠡ ᠬᠣᠱᠢᠭᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠲᠤᠬᠠᠶ᠎ᠶ᠋ᠢᠨ ᠲᠠᠯᠠᠪᠠᠢ ᠳ᠋ᠤᠨᠢ ᠱᠢᠶ᠋ᠳᠪᠦᠷᠢᠯᠡᠬᠦ᠌ ᠵᠢᠯᠣᠭᠣᠳᠭᠤ ᠭᠠᠵᠠᠷ᠎ᠢ ᠳᠠᠷᠤᠶ ᠲᠦᠷᠭᠡᠨ ᠪᠠᠢᠭᠤᠯᠵᠤ᠂ ᠪᠥᠭᠡᠮ ᠬᠦᠴᠢᠯ᠎ᠦᠨ ᠪᠠᠢᠴᠠᠭᠠᠯᠲᠠ᠂ ᠲᠠᠬᠤᠯ ᠡᠪᠡᠳᠴᠢᠨ᠎ᠦ ᠪᠠᠢᠴᠠᠭᠠᠯᠲᠠ᠂ ᠡᠮᠴᠢᠯᠡᠭᠡᠨ᠎ᠦ ᠠᠪᠤᠷᠠᠨ ᠵᠠᠰᠠᠯᠲᠠ᠂ ᠡᠳ᠋ ᠪᠣᠳᠠᠰ᠎ᠤᠨ ᠪᠠᠲᠤᠯᠠᠭ᠎ᠠ᠎ᠡᠴᠡ ᠤᠬᠠᠭᠤᠯᠤᠨ ᠵᠢᠯᠣᠭᠣᠳᠭᠤ ᠬᠦᠷᠲᠡᠯ᠎ᠡ᠂ ᠡᠯᠡᠰᠦᠨ ᠴᠥᠯ᠎ᠦᠨ ᠦᠷᠦᠴᠡᠨ ᠳ᠋ᠡᠬᠢ ᠬᠢᠵᠢᠭ᠎ᠲᠡᠶ ᠲᠡᠮᠡᠴᠡᠬᠦ᠌ ᠳᠠᠢᠯᠠᠯᠳᠤᠭᠠᠨ᠎ᠢ ᠪᠥᠬᠥ᠌ ᠲᠠᠯ᠎ᠠ᠎ᠪᠠᠷ ᠡᠬᠢᠯᠡᠭᠦᠯᠵᠠᠢ; ᠱᠢᠯᠢ᠎ᠶ᠋ᠢᠨ ᠭᠤᠤᠯ ᠠᠢᠮᠠᠭ᠎ᠤᠨ ᠣᠯᠠᠨ ᠰᠠᠯᠠᠭ᠎ᠠ ᠮᠥᠴᠢᠷ ᠢᠳᠡᠪᠬᠢᠲᠡᠶ ᠬᠥᠳᠡᠯᠦᠯᠴᠡᠵᠦ᠍᠂ ᠡᠯ᠎ᠡ ᠲᠥᠷᠥᠯ᠎ᠦᠨ ᠬᠠᠩᠭᠠᠯᠭ᠎ᠠ ᠪᠠᠲᠤᠯᠠᠭ᠎ᠠ᠎ᠶ᠋ᠢ ᠴᠢᠩᠭᠠᠳᠭᠠᠨ᠂ ᠡᠮᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠵᠦ ᠡᠷᠢᠶᠡᠨ ᠬᠣᠲᠠ᠎ᠶ᠋ᠢ ᠲᠤᠰᠠᠯᠠᠵᠤ᠂ ᠠᠷᠠᠳ ᠣᠯᠠᠨ᠎ᠤ ᠡᠷᠡᠭᠦᠯ ᠮᠡᠨᠳᠦ᠍᠎ᠶ᠋ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠵᠤ ᠪᠠᠢᠨ᠎ᠠ; ᠬᠥᠬᠡᠬᠣᠲᠠ ᠭᠠᠳᠠᠨ᠎ᠠ ᠡᠴᠡ ᠬᠠᠯᠳᠠᠪᠤᠷᠢᠯᠠᠨ ᠣᠷᠣᠵᠤ ᠢᠷᠡᠬᠦ᠌ ᠪᠠ ᠭᠠᠳᠠᠭ᠍ᠰᠢ ᠪᠠᠨ ᠬᠠᠯᠳᠠᠪᠤᠷᠢᠯᠠᠬᠤ᠎ᠶ᠋ᠢ ᠰᠡᠷᠭᠡᠢᠯᠡᠬᠦ᠌᠂ ᠳᠣᠲᠣᠨ᠎ᠠ ᠪᠠᠨ ᠳᠠᠬᠢᠵᠦ ᠲᠠᠷᠬᠠᠨ ᠳᠡᠯᠭᠡᠷᠡᠬᠦ᠌᠎ᠶ᠋ᠢ ᠰᠡᠷᠭᠡᠢᠯᠡᠬᠦ᠌ ᠭᠤᠤᠯᠳᠠᠯᠭ᠎ᠠ᠎ᠲᠠᠶ ᠡᠭᠦᠷᠭᠡ᠎ᠶ᠋ᠢ ᠴᠢᠩᠭ᠎ᠠ ᠠᠩᠬᠠᠷᠴᠤ᠌᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠦ᠍᠂ ᠡᠯ᠎ᠡ ᠪᠣᠭᠣᠮᠲᠠ ᠵᠢ ᠴᠢᠩᠭ᠎ᠠ ᠰᠠᠬᠢᠵᠤ ᠪᠠᠢᠨ᠎ᠠ ᠁ ᠬᠢᠵᠢᠭ᠎ᠦᠨ ᠪᠠᠢᠳᠠᠯ ᠭᠡᠬᠦ ᠡᠨᠡ ᠬᠦ᠌ 《ᠰᠢᠯᠭᠠᠯᠳᠠ》 ᠨᠢ ᠥᠪᠥᠷ ᠮᠣᠩᠭᠣᠯ᠎ᠤᠨ ᠬᠠᠷᠢᠭᠤᠴᠠᠯᠭ᠎ᠠ ᠡᠬᠦᠷᠭᠡᠯᠡᠯ᠎ᠢ ᠱᠢᠯᠭᠠᠵᠤ ᠪᠠᠢᠨ᠎ᠠ᠃

ᠴᠠᠭ ᠮᠥᠴᠡ᠎ᠲᠡᠶ ᠤᠷᠤᠯᠳᠤᠵᠤ᠂ ᠸᠢᠷᠦ᠋ᠰ᠎ᠲᠡᠶ ᠱᠢᠢᠳᠪᠦᠷᠢᠲᠦ ᠲᠤᠯᠤᠯᠳᠤᠭᠠᠨ ᠬᠢᠨ᠎ᠡ᠃ ᠮᠠᠨ᠎ᠤ ᠣᠷᠣᠨ᠎ᠤ ᠬᠡᠰᠡᠭ ᠭᠠᠵᠠᠷ ᠣᠷᠣᠨ᠎ᠳᠤ ᠬᠢᠵᠢᠭ᠎ᠦᠨ ᠪᠠᠢᠳᠠᠯ ᠡᠭᠦᠰᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠᠢᠳᠠᠯ᠎ᠢ ᠬᠤᠷᠴᠠ ᠰᠡᠷᠭᠡᠭ᠎ᠢᠶᠡᠷ ᠤᠷᠢᠳᠴᠢᠯᠠᠨ ᠮᠠᠭᠠᠳᠯᠠᠵᠤ᠂ ᠡᠷᠡᠰ ᠱᠢᠭᠤᠷᠬᠠᠢ ᠪᠡᠷ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠢᠵᠦ᠍᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠵᠠᠷᠯᠢᠭ᠎ᠢ ᠲᠤᠰᠣᠮᠠᠭ᠍ᠴᠠ ᠬᠥᠳᠡᠯᠦᠯᠴᠡᠵᠦ᠍᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠠ᠎ᠶ᠋ᠢ ᠴᠢᠩᠭ᠎ᠠ ᠲᠦᠷᠭᠡᠨ ᠨᠠᠷᠢᠯᠢᠭ ᠨᠠᠢᠳᠠᠪᠤᠷᠢᠵᠢᠭᠤᠯᠵᠤ᠂ ᠪᠦᠬᠦ᠌ ᠲᠠᠯ᠎ᠠ᠎ᠪᠠᠷ ᠰᠡᠷᠭᠡᠢᠯᠡᠨ ᠡᠵᠡᠮᠳᠡᠬᠦ᠌ ᠪᠠ ᠭᠣᠣᠯᠳᠠᠯᠭ᠎ᠠ᠎ᠲᠠᠶ ᠭᠠᠵᠠᠷ ᠣᠷᠣᠨ᠎ᠤ ᠰᠡᠷᠭᠡᠢᠯᠡᠨ ᠡᠵᠡᠮᠳᠡᠬᠦ᠌ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠤ᠋ᠨ ᠳᠠᠢᠯᠠᠯᠳᠤᠭᠠᠨ ᠪᠠ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠡᠮᠴᠢᠯᠡᠭᠡᠨ᠎ᠤ ᠠᠪᠤᠷᠠᠨ ᠵᠠᠰᠠᠯᠳᠠ᠂ ᠬᠠᠮᠢᠶᠠᠷᠤᠯᠳᠠ ᠡᠵᠡᠮᠳᠡᠯ᠂ ᠰᠠᠭᠠᠳ ᠦᠭᠡᠢ ᠨᠡᠪᠳᠡᠷᠡᠭᠦᠯᠬᠦ᠂ ᠡᠳ᠋ ᠪᠣᠳᠠᠰ᠎ᠤᠨ ᠪᠠᠲᠤᠯᠠᠭ᠎ᠠ᠂ ᠦᠢᠯᠡᠳᠪᠦᠷᠢᠯᠡᠯ ᠠᠮᠢᠳᠤᠷᠠᠯ ᠵᠡᠷᠭᠡ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠤ᠂ ᠠᠯᠢ ᠲᠦᠷᠭᠡᠨ ᠵᠢᠡᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠲᠤ ᠴᠢᠩᠭ᠎ᠠ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠵᠤ᠂ ᠬᠢᠵᠢᠭ᠎ᠲᠡᠶ ᠲᠡᠮᠡᠴᠡᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠡᠨᠡ ᠤᠳᠠᠭ᠎ᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠪᠠᠢᠨ᠎ᠠ᠃

ᠬᠠᠷᠢᠭᠤᠴᠠᠯᠭ᠎ᠠ ᠪᠣᠯ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠱᠢᠯᠭ᠎ᠠ ᠮᠥᠨ᠂ ᠬᠠᠷᠢᠭᠤᠴᠠᠯᠭ᠎ᠠ ᠡᠭᠦᠷᠭᠡᠯᠡᠯ ᠪᠣᠯ ᠢᠯᠠᠯᠲᠠ᠎ᠶ᠋ᠢ ᠲᠡᠮᠡᠴᠡᠨ ᠤᠯᠬᠤ ᠰᠠᠭᠤᠷᠢ ᠮᠥᠨ᠃ ᠣᠳᠣᠬᠠᠨ᠎ᠳᠤ᠂ ᠮᠠᠨ᠎ᠤ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠵᠤ᠂ ᠰᠡᠷᠭᠡᠢᠯᠡᠨ ᠡᠵᠡᠮᠳᠡᠬᠦ᠌ ᠡᠭᠦᠷᠭᠡ ᠪᠡᠷᠬᠡ ᠬᠠᠲᠠᠭᠤᠵᠢᠯᠲᠠᠶ ᠬᠦᠨᠳᠦ ᠨᠦᠰᠡᠷ ᠪᠠᠢᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠣᠳᠣᠬᠠᠨ᠎ᠤ ᠲᠡᠷᠢᠭᠦᠨ ᠴᠢᠬᠤᠯᠠ ᠶᠡᠬᠡ ᠶᠠᠪᠤᠳᠠᠯ᠂ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠬᠠᠷᠢᠭᠤᠴᠠᠯᠭ᠎ᠠ᠎ᠶ᠋ᠢ ᠴᠢᠨᠠᠭ᠍ᠰᠢᠳᠠ ᠴᠢᠩᠭᠠᠳᠭᠠᠨ ᠪᠣᠳᠠᠲᠠᠢᠵᠢᠭᠤᠯᠵᠤ᠂ ᠪᠣᠭᠣᠮᠲᠠ᠎ᠶ᠋ᠢ ᠡᠮᠦᠨᠡᠰᠢᠯᠡᠭᠦᠯᠵᠦ᠂ ᠰᠡᠷᠭᠡᠢᠯᠡᠯᠲᠡ᠎ᠶ᠋ᠢᠨ ᠱᠤᠭᠤᠮ᠎ᠢ ᠡᠮᠦᠨᠡᠰᠢᠯᠡᠭᠦᠯᠬᠦ ᠵᠢ ᠪᠠᠷᠢᠮᠲᠠᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠰᠡᠷᠭᠡᠢᠯᠡᠨ ᠡᠵᠡᠮᠳᠡᠬᠦ᠌ ᠠᠷᠭ᠎ᠠ ᠪᠤᠳᠤᠯᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠱᠢᠯᠢᠳᠡᠭ᠌ᠵᠢᠭᠦᠯᠵᠦ᠍᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠣᠨᠣᠴᠠᠲᠠᠢ ᠨᠠᠷᠢᠯᠢᠬ᠍ᠵᠢᠭᠤᠯᠵᠤ᠂ ᠰᠡᠷᠭᠡᠢᠯᠡᠨ ᠡᠵᠡᠮᠳᠡᠬᠦ᠌ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠲᠦᠷᠭᠡᠨ ᠎ᠵᠢᠡᠷ ᠪᠦᠬᠦᠨ ᠎ᠢ ᠪᠦᠷᠬᠦᠬᠦᠯᠬᠦ᠌ ᠎ᠶ᠋ᠢ ᠪᠣᠳᠠᠲᠠᠢ ᠎ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠲᠤᠯᠤᠯᠳᠤᠭᠠᠨ᠎ᠤ ᠪᠠᠢᠳᠠᠯ᠎ᠳᠤ ᠪᠦᠬᠦ᠌ ᠲᠠᠯ᠎ᠠ᠎ᠪᠠᠷ ᠣᠷᠣᠵᠤ᠂ ᠴᠠᠭ ᠮᠥᠴᠡ᠎ᠲᠡᠶ ᠤᠷᠤᠯᠳᠤᠨ᠂ ᠪᠦᠬᠦ᠌ ᠬᠦᠴᠦᠨ᠎ᠢᠶᠡᠷ᠎ᠢᠶᠡᠨ ᠠᠵᠢᠯ᠎ᠢᠶᠠᠨ ᠰᠠᠢᠲᠤᠷ ᠬᠢᠵᠦ᠍᠂ ᠤᠳᠤᠷᠢᠳᠭᠤ ᠺᠠᠳ᠋ᠷ ᠡᠮᠦᠨ᠎ᠡ ᠹᠷᠣᠨᠲ᠎ᠲᠦ  ᠬᠦᠷᠴᠦ ᠵᠢᠯᠣᠭᠣᠳᠤᠨ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠨ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠲᠡᠢ᠃

ᠬᠤᠯᠠ ᠵᠢᠨ ᠵᠠᠮ᠎ᠳᠦ ᠬᠦᠯᠦᠭ᠎ᠤᠨ ᠲᠠᠷ᠎ᠢ ᠲᠠᠨᠢᠵᠤ᠂  ᠬᠦᠴᠢᠷ᠎ᠤᠨ ᠡᠮᠦᠨ᠎ᠡ ᠬᠦᠮᠦᠨ᠎ᠤ ᠵᠤᠷᠢᠭ᠎ᠢ ᠮᠡᠳᠡᠨ᠎ᠡ ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠣᠯ ᠨᠢᠭᠡ ᠤᠳᠠᠭ᠎ᠠ᠎ᠶ᠋ᠢᠨ ᠶᠡᠬᠡ ᠱᠢᠯᠭᠠᠯᠲᠠ ᠮᠥᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠡᠯ᠎ᠡ ᠰᠠᠯᠠᠭ᠎ᠠ ᠮᠥᠴᠢᠷ ᠵᠢᠴᠢ ᠨᠠᠮ᠎ᠤᠨ ᠭᠡᠱᠢᠭᠦᠨ ᠺᠠᠳ᠋ᠷ ᠨᠢᠭᠡ ᠪᠦᠷᠢ᠎ᠶ᠋ᠢᠨ ᠬᠠᠷᠢᠭᠤᠴᠠᠯᠭ᠎ᠠ ᠪᠠ ᠡᠭᠦᠷᠭᠡᠯᠡᠯ᠎ᠢ ᠱᠢᠯᠭᠠᠵᠤ ᠪᠠᠢᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠤᠳᠠᠭ᠎ᠠ᠎ᠶ᠋ᠢᠨ ᠴᠢᠬᠤᠯᠠ ᠶᠡᠬᠡ ᠲᠡᠮᠡᠴᠡᠯ᠎ᠦᠨ ᠡᠮᠦᠨ᠎ᠡ ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠬᠣᠱᠢᠭᠤᠴᠢ ᠵᠢᠱ᠌ᠢᠶᠡᠴᠢ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠤᠯᠤᠰ ᠲᠦᠷᠦ᠍᠎ᠶ᠋ᠢᠨ ᠡᠭᠦᠷᠭᠡᠯᠡᠯ᠎ᠢᠶᠡᠨ ᠲᠦᠷᠦᠭᠦᠯᠡᠨ ᠴᠢᠩᠭᠠᠳᠭᠠᠵᠤ᠂ ᠨᠠᠮ᠎ᠤᠨ ᠲᠥᠪ ᠬᠣᠷᠢᠶ᠎ᠠ ᠎ᠪᠣᠯᠤᠨ ᠥᠪᠡᠷᠲᠡᠭᠡᠨ ᠵᠠᠰᠠᠬᠤ ᠣᠷᠣᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ; ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠡᠮᠡᠴᠡᠯ᠎ᠦᠨ ᠡᠮᠦᠨ᠎ᠡ ᠹᠷᠣᠨᠲ᠎ᠲᠤ ᠲᠦᠷᠦᠭᠦᠯᠡᠨ ᠭᠠᠪᠰᠢᠭᠠᠢᠯᠠᠵᠤ᠂ ᠡᠪ ᠬᠠᠮᠲᠤ ᠨᠠᠮ᠎ᠤᠨ ᠭᠡᠱᠢᠭᠦᠨ᠎ᠦ ᠪᠠᠭᠠᠲᠤᠷᠯᠢᠭ ᠮᠥᠨ ᠴᠢᠨᠠᠷ᠎ᠢ ᠭᠦᠶ᠋ᠴᠡᠳ ᠢᠯᠡᠷᠡᠭᠦᠯᠬᠦ ᠭᠡᠷᠡᠭᠳᠠᠢ; ᠣᠯᠠᠨ ᠲᠦᠮᠡᠨ᠎ᠦ ᠦᠵᠡᠯ ᠰᠠᠨᠠᠭ᠎ᠠ᠎ᠶ᠋ᠢ ᠬᠥᠲᠥᠯᠥᠨ ᠵᠢᠯᠣᠭᠣᠳᠭᠤ ᠠᠵᠢᠯ᠎ᠢ ᠲᠦᠷᠦᠭᠦᠯᠡᠨ ᠰᠠᠢᠲᠤᠷ ᠬᠢᠵᠦ᠍ ᠂ ᠨᠡᠢᠭᠡᠮ᠎ᠦᠨ ᠢᠳᠡᠪᠬᠢ ᠬᠦᠴᠦᠨ᠎ᠢ ᠶᠡᠬᠡ ᠪᠡᠷ ᠪᠠᠳᠠᠷᠠᠭᠤᠯᠬᠤ ᠬᠡᠷᠡᠭ᠌ᠲᠡᠶ; ᠲᠦᠷᠦᠭᠦᠯᠡᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠵᠤ ᠂ ᠯᠠᠪᠳᠠᠭᠤᠨ ᠪᠠᠲᠤᠲᠠᠢ ᠠᠵᠢᠯᠯᠠᠵᠤ ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠰᠠᠢᠲᠤᠷ ᠠᠳᠭᠤᠬᠤ᠎ᠶ᠋ᠢ 《ᠬᠣᠶᠠᠷ᠎ᠢ ᠬᠠᠮᠠᠭᠠᠯᠠᠬᠤ》 ᠵᠢ ᠦᠢᠯᠡᠳᠦᠯᠭᠡᠵᠢᠭᠦᠯᠬᠦ᠌ ᠴᠢᠬᠤᠯᠠ ᠱᠢᠯᠭᠠᠯᠲᠠ ᠪᠣᠯᠭᠠᠵᠤ᠂ 《ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ》 ᠪᠣᠳᠠᠲᠠᠢ ᠠᠵᠢᠯᠯᠠᠭ᠎ᠠ ᠪᠣᠯᠭᠠᠵᠤ᠂ ᠨᠠᠮ᠎ᠤᠨ ᠲᠤᠭ᠎ᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠬᠤ ᠭᠡᠷᠡᠭᠳᠠᠢ᠃

ᠵᠠᠩᠭᠢᠯᠠᠭ᠎ᠠ᠎ᠶ᠋ᠢᠨ ᠴᠠᠭ ᠮᠥᠴᠡ᠎ᠳᠤ  ᠨᠡᠩ ᠵᠤᠷᠢᠭ ᠰᠠᠨᠠᠭ᠎ᠠ ᠬᠡᠪ ᠴᠢᠨᠠᠷ ᠱᠠᠭᠠᠷᠳᠠᠭᠳᠠᠨ᠎ᠠ;  ᠵᠠᠩᠭᠢᠯᠠᠭ᠎ᠠ᠎ᠶ᠋ᠢᠨ ᠴᠢᠬᠤᠯᠠ ᠦᠶ᠎ᠠ᠎ᠳᠤ  ᠨᠡᠩ ᠡᠭᠦᠷᠭᠡᠯᠡᠯ ᠴᠢᠷᠮᠠᠢᠯᠭ᠎ᠠ ᠬᠡᠷᠡᠭᠰᠡᠨ᠎ᠡ᠃ ᠨᠠᠮ᠎ᠤᠨ ᠲᠥᠪ ᠬᠣᠷᠢᠢ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠷᠣᠨ ᠳᠠᠶᠠᠭᠠᠷ᠎ᠢᠶᠠᠨ ᠭᠦᠢᠴᠡᠳ ᠬᠦᠳᠡᠯᠤᠯᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠢᠳᠡᠪᠬᠢᠲᠡᠢ᠎ᠪᠡᠷ ᠵᠢᠳᠬᠦᠯ ᠴᠢᠷᠮᠠᠢᠯᠭ᠎ᠠ ᠭᠠᠷᠭᠠᠵᠤ᠂ ᠬᠠᠮᠤᠭ᠎ᠤᠨ ᠡᠷᠡᠰ ᠪᠠᠲᠤ ᠣᠪᠣᠷ᠂ ᠬᠠᠮᠤᠭ᠎ᠤᠨ 《ᠬᠠᠲᠠᠭᠤ ᠴᠢᠩᠭ᠎ᠠ》 ᠠᠷᠭ᠎ᠠ ᠬᠡᠮᠵᠢᠶ᠎ᠠ᠂ ᠬᠠᠮᠤᠭ᠎ᠤᠨ ᠡᠷᠡᠰ ᠱᠢᠭᠤᠷᠬᠠᠢ ᠠᠵᠢᠯᠯᠠᠭ᠎ᠠ ᠠᠪᠴᠤ᠌᠂ ᠪᠦᠬᠦ᠌ ᠲᠠᠯ᠎ᠠ᠎ᠪᠠᠷ ᠰᠡᠷᠭᠡᠢᠯᠡᠨ ᠡᠵᠡᠮᠳᠡᠵᠦ᠍᠂ ᠪᠦᠬᠦ᠌ ᠬᠦᠴᠦ᠍᠎ᠪᠡᠷ᠎ᠢᠶᠡᠨ ᠬᠢᠵᠢᠭ᠎ᠲᠡᠶ ᠲᠡᠮᠡᠴᠡᠪᠡᠯ᠂ ᠪᠢᠳᠠ ᠯᠠᠪᠲᠠᠢ ᠬᠢᠵᠢᠭ᠎ᠦᠨ ᠪᠠᠢᠳᠠᠯ᠎ᠤᠨ ᠲᠠᠷᠬᠠᠨ ᠳᠡᠯᠭᠡᠷᠡᠬᠦ᠌ ᠬᠠᠨᠳᠤᠰᠢ᠎ᠶ᠋ᠢ ᠬᠣᠷᠢᠭ᠍ᠯᠠᠵᠤ᠂ ᠯᠠᠪᠲᠠᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠨᠡ ᠬᠦ᠌ ᠬᠠᠲᠠᠭᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠱᠢᠨ ᠪᠣᠯᠤᠨ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠰᠠᠢᠲᠤᠷ ᠬᠠᠮᠠᠭᠠᠯᠠᠵᠤ ᠴᠢᠳᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号