10 ᠰᠠᠷ᠎ᠠ᠎ᠶ᠋ᠢᠨ24 ᠤ᠋ ᠡᠳᠦᠷ᠂ ᠪᠥᠬᠥ᠌ ᠤᠯᠤᠰ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠨᠠᠶ᠋ᠮᠠᠳᠤᠭᠠᠷ ᠬᠤᠭᠤᠴᠠᠭᠠᠨ᠎ᠤ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠠᠢ ᠳ᠋ᠤ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠢᠨ ᠬᠢᠷᠢ ᠪᠦᠲᠦᠮᠵᠢ ᠤᠯᠵᠦ᠂ ᠲᠤᠰ ᠡᠳᠦᠷ᠎ᠦᠨ ᠤᠷᠤᠯᠳᠤᠭᠠᠨ᠎ᠳᠤ ᠨᠡᠢ᠌ᠲᠡ 2 ᠠᠯᠲᠠᠨ ᠮᠧᠳᠠᠯ᠂ 1 ᠮᠥᠩᠭᠥᠨ ᠮᠧᠳᠠᠯ᠂ 1 ᠬᠦᠷᠡᠯ ᠮᠧᠳᠠᠯ ᠤᠯᠵᠠᠢ᠃
ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠎ᠤ ᠲᠠᠯᠠᠪᠠᠢ ᠳ᠋ᠤ᠂ ᠪᠡᠭᠡᠵᠢᠩ᠎ᠦᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠡᠭᠡᠷᠡᠩᠬᠡᠶᠶ᠋ᠢᠨ ᠠᠯᠲᠠᠨ ᠮᠧᠳᠠᠯ᠎ᠢ ᠭᠠᠷᠳᠠᠵᠥ ᠥᠩᠭᠡᠷᠡᠭ᠌ᠰᠡᠨ ᠲᠠᠮᠢᠷᠴᠢᠨ ᠮᠥᠩᠬᠦᠡᠵᠢᠮᠢᠰ ᠬᠦᠨᠳᠦ ᠬᠥᠩᠭᠡᠨ ᠲᠠᠮᠢᠷ᠎ᠤᠨ ᠡᠮᠡᠭ᠌ᠲᠡᠶ᠎ᠶ᠋ᠢᠨ ᠲᠤᠭᠤᠯᠭᠠᠨ ᠪᠥᠮᠪᠥᠭᠡ᠎ᠶ᠋ᠢᠨ F41ᠢ᠋ᠢᠨ ᠰᠢᠢᠳᠪᠦᠷᠢᠳᠦ ᠤᠷᠤᠯᠳᠤᠭᠠᠨ᠎ᠳᠦ ᠦᠷᠢᠰᠦᠯᠳᠦᠭᠴᠢ ᠡᠳᠡᠭᠡᠳᠢ᠋ᠢᠡᠨ ᠢᠯᠡᠵᠦ᠂ ᠲᠣᠰ ᠬᠤᠭᠤᠴᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠤᠤᠯ ᠤᠷᠤᠯᠳᠤᠭᠠᠨ᠎ᠤ ᠬᠤᠭᠤᠴᠠᠭᠠᠨ᠎ᠤ ᠥᠪᠥᠷ ᠮᠣᠩᠭᠣᠯ᠎ᠤᠨ ᠲᠥᠯᠥᠭᠡᠯᠡᠭ᠌ᠴᠢᠳ ᠦᠨ ᠪᠦᠯᠬᠦᠮ᠎ᠦᠨ ᠠᠩᠬᠠᠨ᠎ᠤ ᠠᠯᠲᠠᠨ ᠮᠧᠳᠠᠯ᠎ᠢ ᠤᠯᠵᠠᠢ᠃ ᠲᠡᠷᠡ ᠪᠡᠷ 8.32 ᠮᠧᠲ᠋ᠷ᠎ᠤ᠋ᠨ ᠬᠢᠷᠢ ᠪᠦᠲᠦᠮᠵᠢ ᠪᠡᠷ ᠳᠡᠳ᠋ᠯᠡᠭᠰᠡᠨ ᠲᠠᠮᠢᠷᠴᠢᠨ᠎ᠠᠴᠠ ᠪᠠᠨ 1 ᠮᠧᠲ᠋ᠷ ᠱᠢᠬᠠᠮ᠎ᠤᠨ ᠳᠠᠪᠠᠭᠤᠯᠢᠭ ᠬᠢᠷᠢ ᠪᠦᠳᠦᠮᠵᠢ ᠪᠡᠷ ᠮᠠᠩᠯᠠᠢᠯᠠᠪᠠ᠃
ᠦᠳᠡ᠎ᠶ᠋ᠢᠨ ᠬᠣᠢᠨ᠎ᠠ᠂ ᠰᠢ ᠠᠨ ᠬᠣᠲᠠ᠎ᠶ᠋ᠢᠨ ᠯᠢᠨ ᠲᠦᠩ ᠲᠣᠭᠣᠷᠢᠭ᠎ᠲᠤ ᠶᠠᠪᠤᠭ᠍ᠳᠠᠭ᠍ᠰᠠᠨ ᠡᠮᠡᠭ᠌ᠲᠡᠶ᠎ᠶ᠋ᠢᠨ ᠬᠠᠷᠠᠭ᠎ᠠ ᠪᠠᠨ ᠠᠯᠳᠠᠭᠰᠠᠳ᠎ᠤᠨ ᠵᠢᠦᠳᠣᠣᠪᠦᠭᠡ ᠶ᠋ᠢᠨ 63 ᠺᠢᠯᠣᠭ᠌ᠷᠠᠮ᠎ᠤᠨ ᠲᠡᠰ᠎ᠤᠨ ᠱᠢᠶ᠋ᠳᠪᠦᠷᠢᠲᠦ ᠤᠷᠤᠯᠳᠤᠭᠠᠨ᠎ᠳᠤ᠂ ᠲᠣᠣᠺᠢᠣ᠋᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠦᠷᠡᠯ ᠮᠧᠳᠠᠯ ᠬᠦᠷᠳᠡᠭᠴᠢ ᠸᠠᠩ ᠶᠤᠸᠠᠢ ᠱᠠᠨ ᠰᠢ᠎ᠶ᠋ᠢᠨ ᠲᠠᠮᠢᠷᠴᠢᠨ ᠯᠢ ᠢᠦᠶ ᠶᠣᠣ᠎ᠶ᠋ᠢ ᠢᠯᠠᠵᠤ ᠠᠯᠲᠠᠨ ᠮᠧᠳᠠᠯ ᠭᠠᠷᠳᠠᠯ᠎ᠠ᠃ ᠡᠨᠡ ᠨᠢ ᠮᠥᠨ ᠴᠦ᠍ ᠸᠠᠩ ᠶᠤᠸᠠᠢ ᠪᠦᠬᠦ᠌ ᠤᠯᠤᠰ᠎ᠤᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠳᠤ ᠭᠤᠷᠪᠠᠳᠠᠬᠢ ᠤᠳᠠᠭ᠎ᠠ ᠮᠠᠩᠯᠠᠢᠯᠠᠵᠤ᠂ ᠵᠠᠯᠭᠠᠭ᠎ᠠ᠎ᠪᠠᠷ ᠭᠤᠷᠪᠠ ᠤᠳᠠᠭ᠎ᠠ ᠮᠠᠩᠯᠠᠢᠯᠠᠭ᠍ᠰᠠᠨ ᠲᠡᠤᠭᠡ᠎ᠵᠢ ᠪᠢᠴᠢᠭᠯᠡᠪᠡ᠃ ᠸᠠᠩ ᠶᠤᠸᠠᠢ᠎ᠳᠤ ᠠᠪᠴᠤ᠌ ᠬᠡᠯᠡᠪᠡᠯ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠨᠢ ᠡᠴᠦᠰ᠎ᠦᠨ ᠴᠡᠭ ᠪᠢᠰᠢ᠃ ᠸᠠᠩ ᠶᠤᠸᠠᠢ᠄ 《ᠪᠢ ᠲᠣᠣᠺᠢᠣ᠋᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠠᠷᠠᠮᠰᠠᠯ ᠵᠢᠡᠨ ᠨᠥᠬᠥᠪᠥᠷᠢᠯᠡᠵᠦ᠍᠂ ᠫᠠᠷᠢᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠯᠲᠠᠨ ᠮᠧᠳᠠᠯ᠎ᠢ ᠤᠯᠬᠤ ᠪᠡᠷ ᠴᠢᠷᠮᠠᠢᠨ᠎ᠠ》 ᠭᠡᠵᠦ ᠶᠠᠷᠢᠵᠦ ᠪᠠᠢᠯ᠎ᠠ᠃
ᠡᠷᠡᠭ᠌ᠲᠡᠶ᠎ᠶ᠋ᠢᠨ ᠲᠤᠭᠤᠯᠭᠠᠨ ᠪᠥᠮᠪᠥᠭᠡ᠎ᠶᠢᠨ F20 ᠲᠠᠰ᠎ᠤᠨ ᠤᠷᠤᠯᠳᠤᠭᠠᠨ᠎ᠳᠤ᠂ 21 ᠨᠠᠰᠤᠲᠠᠶ ᠥᠪᠥᠷ ᠮᠣᠩᠭᠣᠯ᠎ᠤᠨ ᠲᠠᠮᠢᠷᠴᠢᠨ ᠵᠧᠸ᠋ ᠱᠧᠩ ᠫᠢᠩ 10.44 ᠮᠧᠲ᠋ᠷ᠎ᠦᠨ ᠬᠢᠷᠢ ᠪᠦᠲᠦᠮᠵᠢ᠎ᠪᠡᠷ ᠮᠥᠩᠭᠥᠨ ᠮᠧᠳᠠᠯ ᠲᠤᠰᠤᠯ᠎ᠠ᠃ ᠵᠧᠸ᠋ ᠱᠧᠩ ᠫᠢᠩ ᠪᠣᠯ ᠣᠶᠤᠨ ᠮᠡᠳᠡᠷᠡᠯ᠎ᠤᠨ ᠵᠡᠮᠳᠡᠭ ᠬᠥᠮᠦᠨ᠂ ᠲᠡᠷᠡ ᠠᠩᠬ᠎ᠠ ᠤᠳᠠᠭ᠎ᠠ ᠪᠦᠬᠦ᠌ ᠤᠯᠤᠰ᠎ᠤᠨ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ ᠪᠠᠢᠭ᠎ᠠ ᠶᠤᠮ᠃