10 ᠰᠠᠷ᠎ᠠ᠎ᠶ᠋ᠢᠨ
17 ᠤ᠋ ᠡᠳᠦᠷ᠂
ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ
ᠬᠥᠮᠦᠵᠢᠯ᠎ᠦᠨ ᠲᠢᠩᠬᠢᠮ᠎ᠡᠴᠡ ᠭᠤᠤᠯᠯᠠᠨ ᠡᠷᠭᠢᠯᠡᠭ᠌ᠰᠡᠨ 2021 ᠣᠨ᠎ᠤ《ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭᠠᠲᠤ》 ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠠᠷᠤᠷ᠎ᠠ ᠪᠥᠮᠪᠥᠭᠡ᠎ᠶ᠋ᠢᠨ
ᠮᠠᠩᠯᠠᠶ ᠱᠢᠯᠭᠠᠷᠠᠭᠤᠯᠬᠤ ᠤᠷᠤᠯᠳᠤᠭᠠᠨ᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠡᠯᠡᠰᠦᠨ ᠲᠠᠩ᠎ᠤᠨ
ᠠᠯᠠᠭᠠᠳᠠᠬᠤ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠵᠠᠯᠭᠠᠭ᠎ᠠ᠎ᠪᠠᠷ ᠡᠬᠢᠯᠡᠪᠡ᠃ 17 ᠤ᠋ ᠡᠳᠦᠷ᠂
ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠠᠷᠤᠷ᠎ᠠ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ
ᠤᠯᠠᠭᠠᠨᠬᠠᠳᠠ ᠬᠣᠲᠠ᠎ᠶ᠋ᠢᠨ ᠨᠢᠩᠴᠧᠩ ᠱᠢᠶᠠᠨ᠎ᠤ ᠪᠠᠭᠠᠴᠤᠳ
ᠬᠡᠦᠬᠡᠳ᠎ᠦᠨ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠎ᠳᠤ ᠡᠬᠢᠯᠡᠵᠦ᠍᠂ ᠬᠥᠬᠡᠬᠣᠲᠠ᠂ ᠪᠤᠭᠤᠲᠤ᠂ ᠣᠷᠳᠣᠰ᠂ ᠤᠯᠠᠭᠠᠨᠬᠠᠳᠠ᠂
ᠪᠠᠶᠠᠨᠨᠠᠭᠤᠷ ᠵᠡᠷᠭᠡ 5 ᠠᠢᠮᠠᠭ ᠬᠣᠲᠠ᠎ᠶ᠋ᠢᠨ 100 ᠭᠠᠷᠤᠶ ᠬᠥᠮᠦᠨ
ᠤᠷᠤᠯᠳᠤᠭᠠᠨ᠎ᠳᠤ ᠣᠷᠣᠯᠴᠠᠪᠠ᠃
ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ
ᠡᠯᠡᠰᠦᠨ ᠲᠠᠩ᠎ᠤᠨ ᠠᠯᠠᠭᠠᠳᠠᠬᠤ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠣᠷᠳᠣᠰ ᠬᠣᠲᠠ᠎ᠶ᠋ᠢᠨ
ᠪᠡᠶ᠎ᠡ᠎ᠶ᠋ᠢᠨ ᠲᠠᠮᠢᠷ᠎ᠤᠨ ᠲᠥᠪ᠎ᠲᠦ ᠡᠬᠢᠯᠡᠵᠦ᠍᠂ ᠬᠥᠬᠡᠬᠣᠲᠠ᠂ ᠪᠤᠭᠤᠲᠤ᠂ ᠣᠷᠳᠣᠰ᠂ ᠪᠠᠶᠠᠨᠨᠠᠭᠤᠷ᠂ ᠬᠥᠯᠥᠨ
ᠪᠣᠢᠷ ᠵᠡᠷᠭᠡ 5 ᠠᠢᠮᠠᠭ ᠬᠣᠲᠠ᠎ᠶ᠋ᠢᠨ
100 ᠭᠠᠷᠤᠶ ᠬᠥᠮᠦᠨ
ᠤᠷᠤᠯᠳᠤᠭᠠᠨ᠎ᠳᠤ ᠣᠷᠣᠯᠴᠠᠵᠠᠶ᠃ ᠠᠯᠠᠱᠠ ᠠᠢᠮᠠᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶ᠋ᠢᠨ
ᠱᠠᠭᠠᠷᠳᠠᠯᠭ᠎ᠠ᠎ᠶ᠋ᠢ ᠦᠨᠳᠦᠰᠦᠯᠡᠨ᠂ ᠤᠤᠯ᠎ᠤᠨ 17᠎ᠤ᠋ ᠡᠳᠦᠷ ᠠᠯᠠᠱᠠ ᠵᠡᠭᠦᠨ ᠬᠣᠱᠢᠭᠤᠨ᠎ᠤ
ᠲᠤᠤᠷ ᠪᠥᠮᠪᠥᠭᠡ᠎ᠶ᠋ᠢᠨ ᠲᠥᠪ᠎ᠲᠦ ᠡᠷᠭᠢᠯᠡᠬᠦ᠌᠎ᠪᠡᠷ ᠲᠣᠭ᠍ᠲᠠᠭ᠍ᠰᠠᠨ 2021 ᠣᠨ᠎ᠤ 《ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ ᠬᠤᠨᠳᠠᠭᠠᠲᠤ》 ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠲᠤᠤᠷ ᠪᠥᠮᠪᠥᠭᠡ᠎ᠶ᠋ᠢᠨ
ᠮᠠᠩᠯᠠᠶ ᠱᠢᠯᠭᠠᠷᠠᠭᠤᠯᠬᠤ ᠤᠷᠤᠯᠳᠤᠭᠠᠨ᠎ᠢ ᠣᠲᠣ ᠨᠢᠭᠡᠨᠲᠡ ᠲᠦᠷ ᠵᠤᠭᠰᠤᠭᠠᠪᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号