《ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠡᠷ ᠲᠤᠭᠤᠰᠢᠯᠠᠭᠤᠯᠵᠤ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯ᠎ᠢ ᠰᠠᠢᠲᠤᠷ ᠬᠢᠬᠦ᠌ ᠲᠤᠬᠠᠢ ᠨᠠᠮ᠎ᠤᠨ ᠲᠥᠪ ᠬᠣᠷᠢᠶ᠎ᠠ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠰᠠᠨᠠᠯ》 ᠎ᠢ᠋ ᠨᠡᠢᠲᠡᠯᠡᠪᠡ
2021-10-27 09:53:36
ᠵᠣᠬᠢᠶᠠᠭ᠍ᠴᠢ᠄
ᠠᠨ ᠪᠸᠢ ᠰᠢᠶᠸ ᠰᠢ ᠶᠣᠣ
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶᠠᠨ᠎ᠤ ᠪᠡᠭᠡᠵᠢᠩ᠎ᠦᠨ 10 ᠰᠠᠷ᠎ᠠ᠎ᠶ᠋ᠢᠨ 24 ᠎ᠤ᠋ ᠴᠠᠬᠢᠯᠭᠠᠨ ᠮᠡᠳᠡᠭᠡ 《ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠳᠦᠨ ᠵᠥᠪ ᠣᠨᠣᠪᠴᠢᠲᠠᠢ ᠪᠦᠬᠦ ᠲᠠᠯ᠎ᠠ ᠪᠡᠷ ᠲᠤᠭᠤᠰᠢᠯᠠᠭᠤᠯᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯ᠎ᠢ ᠰᠠᠢᠲᠤᠷ ᠬᠢᠬᠦ᠌ ᠲᠤᠬᠠᠢ ᠨᠠᠮ᠎ᠤᠨ ᠲᠥᠪ ᠬᠣᠷᠢᠶ᠎ᠠ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠰᠠᠨᠠᠯ》 ᠎ᠢ᠋ 24 ᠎ᠤ᠋ ᠡᠳᠦᠷ ᠨᠡᠢᠲᠡᠯᠡᠪᠡ᠃

ᠰᠠᠨᠠᠯ᠎ᠳᠤ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌ ᠪᠣᠯ ᠰᠢ᠎ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠦᠨ ᠲᠣᠭ᠍ᠲᠠᠭᠠᠭ᠍ᠰᠠᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠮᠥᠨ᠂ ᠡᠬᠢ ᠪᠠᠶᠠᠯᠢᠭ ᠣᠷᠴᠢᠨ ᠲᠣᠭᠣᠷᠢᠨ᠎ᠤ ᠬᠢᠵᠠᠭᠠᠷᠯᠠᠯ᠎ᠤᠨ ᠲᠤᠪᠤᠢ᠌ᠮ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠰᠣᠩᠭᠣᠯᠲᠠ ᠮᠥᠨ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠴᠣᠭ᠍ᠴᠠ᠎ᠶ᠋ᠢ ᠪᠠᠢᠭᠤᠯᠬᠤ ᠲᠥᠪ ᠴᠢᠩᠭ᠎ᠠ ᠠᠮᠠᠯᠠᠯᠲᠠ ᠮᠥᠨ ᠭᠡᠵᠤ ᠵᠢᠭᠠᠵᠤ ᠭᠠᠷᠭᠠᠪᠠ᠃

2020 ᠣᠨ᠎ᠤ 9 ᠰᠠᠷ᠎ᠠ᠎ᠶ᠋ᠢᠨ 22 ᠎ᠤ᠋ᠨ ᠡᠳᠦᠷ᠂ ᠶᠡᠷᠦᠩᠬᠡᠢ ᠱᠦᠵᠢ ᠰᠢ᠎ᠵᠢᠨ ᠫᠢᠩ 75 ᠳ᠋ᠤᠭᠠᠷ ᠬᠤᠭᠤᠴᠠᠭᠠᠨ᠎ᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠬᠡ ᠬᠤᠷᠠᠯ᠎ᠤᠨ ᠡᠩ᠎ᠦᠨ ᠮᠠᠷᠭᠤᠯᠳᠤᠭᠠᠨ ᠳᠡᠭᠡᠷ᠎ᠡ ᠳᠤᠮᠳᠠᠳᠤ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 2030 ᠣᠨ᠎ᠡᠴᠡ ᠡᠮᠦᠨ᠎ᠡ ᠤᠷᠬᠢᠯ ᠬᠡᠮᠵᠢᠭ᠌ᠳᠡᠯ᠎ᠳᠦ ᠬᠦᠷᠭᠡᠬᠦ᠌᠎ᠪᠡᠷ ᠴᠢᠷᠮᠠᠢᠵᠤ᠂ 2060 ᠣᠨ᠎ᠡᠴᠡ ᠡᠮᠦᠨ᠎ᠡ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌᠎ᠪᠡᠷ ᠴᠢᠷᠮᠠᠢᠨ᠎ᠠ ᠭᠡᠵᠦ᠍ ᠨᠡᠢᠲᠡᠯᠡᠪᠡ᠃

ᠰᠠᠨᠠᠯ᠎ᠳᠤ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠲᠦᠷᠪᠠᠳᠤᠭᠡᠷ᠂ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠰᠢ᠎ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠱᠢᠰᠲ᠋ᠧᠮᠳᠦ ᠦᠵᠡᠯᠲᠡ ᠪᠠᠷᠢᠮᠲᠠᠯᠠᠵᠤ᠂ ᠬᠥᠭ᠌ᠵᠢᠭᠦᠯᠬᠦ᠌ ᠪᠠ ᠭᠠᠳᠠᠭ᠍ᠰᠢᠯᠠᠭᠤᠯᠬᠤ᠎ᠶ᠋ᠢ ᠪᠠᠭᠠᠰᠭᠠᠬᠤ᠂ ᠪᠦᠬᠦᠯᠢ ᠴᠣᠭ᠍ᠴᠠ ᠪᠠ ᠬᠡᠰᠡᠭ ᠲᠠᠯ᠎ᠠ᠂ ᠣᠬᠣᠷ ᠬᠤᠭᠤᠴᠠᠭ᠎ᠠ ᠪᠠ ᠳᠤᠮᠳᠠ ᠤᠷᠲᠤ ᠬᠤᠭᠤᠴᠠᠭᠠᠨ᠎ᠤ ᠬᠠᠷᠢᠴᠠᠭ᠎ᠠ ᠵᠢ ᠰᠠᠢᠳᠤᠷ ᠰᠢᠢᠳᠪᠤᠷᠢᠯᠡᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ᠎ᠳᠤ ᠬᠦᠷᠭᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠬᠵᠢᠭᠤᠯᠬᠤ ᠵᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠳᠤ ᠣᠷᠣᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠬᠡᠯᠪᠡᠷᠢ᠎ᠵᠢ  ᠬᠤᠪᠢᠷᠠᠭᠤᠯᠬᠤ᠎ᠪᠠᠷ ᠤᠳᠤᠷᠢᠳᠤᠮᠵᠢ ᠪᠣᠯᠭᠠᠵᠤ᠂ ᠡᠨᠧᠷᠭᠢ᠎ᠶ᠋ᠢᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠬᠥᠭ᠌ᠵᠢᠯᠲᠡ᠎ᠪᠡᠷ ᠵᠠᠩᠭᠢᠯᠠᠭ᠎ᠠ ᠪᠣᠯᠭᠠᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠤᠭᠤᠷᠢᠨ᠎ᠢ ᠬᠠᠮᠠᠭᠠᠯᠠᠬᠤ ᠠᠵᠤ ᠦᠢᠯᠡᠰ᠎ᠦᠨ ᠪᠦᠲᠦᠴᠡ᠂ ᠦᠢᠯᠡᠳᠪᠦᠷᠢᠯᠡᠯ᠎ᠦᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ᠂ ᠣᠷᠣᠨ ᠵᠠᠶ᠎ᠶ᠋ᠢᠨ ᠪᠠᠢᠷᠢᠰᠢᠯ᠎ᠢ ᠲᠦᠷᠭᠡᠨ ᠪᠦᠷᠢᠯᠳᠦᠬᠦᠯᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ ᠵᠢᠡᠷ ᠭᠤᠢᠪᠢᠰᠢ ᠦᠭᠡᠢ ᠵᠠᠮᠨᠠᠬᠤ ᠭᠡᠷᠡᠭᠳᠠᠢ ᠭᠡᠵᠤ ᠴᠢᠬᠤᠯᠠᠴᠢᠯᠠᠪᠠ᠃

ᠰᠠᠨᠠᠯ᠎ᠳᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠭᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠳᠦ᠂《ᠪᠦᠬᠦ᠌ ᠤᠯᠤᠰ᠎ᠢᠶᠠᠷ᠎ᠢᠶᠠᠨ ᠨᠢᠭᠡᠳᠦᠯᠲᠡᠢ ᠲᠥᠯᠥᠪᠵᠢᠭᠦᠯᠬᠦ᠌᠂ ᠠᠷᠪᠢᠯᠠᠨ ᠭᠠᠮᠨᠠᠬᠤ᠎ᠶ᠋ᠢ ᠲᠡᠷᠢᠭᠦᠨ᠎ᠳᠦ ᠲᠠᠯᠪᠢᠬᠤ᠂ ᠬᠣᠣᠰ ᠬᠦᠷᠳᠦ᠍᠎ᠪᠡᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ᠎ᠶ᠋ᠢ ᠰᠠᠭᠠᠳ ᠦᠭᠡᠢ ᠨᠡᠪᠳᠡᠷᠡᠬᠦᠯᠬᠦ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌》ᠠᠵᠢᠯ᠎ᠤᠨ ᠵᠠᠷᠴᠢᠮ᠎ᠢ ᠪᠠᠷᠢᠮᠲᠠᠯᠠᠬᠤ ᠬᠡᠷᠡᠭ᠌ᠲᠡᠢ; ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠡᠷᠬᠢᠯᠳᠡᠳᠤ ᠬᠥᠭ᠌ᠵᠢᠯᠲᠡ᠎ᠶ᠋ᠢᠨ ᠠᠵᠤ ᠠᠬᠤᠢ᠎ᠶ᠋ᠢᠨ ᠱᠢᠰᠲᠸᠮ᠎ᠢ ᠪᠠᠢᠭᠤᠯᠬᠤ᠂ ᠡᠨᠧᠷᠭᠢ᠎ᠶ᠋ᠢᠨ ᠠᠱᠢᠭ᠍ᠯᠠᠮᠵᠢ᠎ᠶ᠋ᠢ ᠳᠡᠭᠡᠭ᠌ᠰᠢᠯᠡᠭᠦᠯᠬᠦ᠌᠂ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠬᠡᠷᠡᠭ᠌ᠯᠡᠭᠡᠨ᠎ᠦ ᠬᠠᠷᠢᠴᠠᠯ᠎ᠢ ᠳᠡᠭᠡᠭ᠌ᠰᠢᠯᠡᠭᠦᠯᠬᠦ᠌᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢᠨ ᠲᠦᠪᠱᠢᠨ᠎ᠢ ᠪᠠᠭᠤᠷᠠᠭᠤᠯᠬᠤ᠂ ᠠᠮᠢ ᠠᠬᠤᠢ᠎ᠶ᠋ᠢᠨ ᠱᠢᠰᠲ᠋ᠧᠮ᠎ᠦᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠲᠠᠪᠤᠨ ᠲᠠᠯ᠎ᠠ᠎ᠶ᠋ᠢᠨ ᠭᠣᠣᠯ ᠬᠠᠷᠠᠯᠲᠠ᠎ᠶ᠋ᠢ ᠳᠤᠷᠠᠳᠴᠤ᠌᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ᠎ᠬᠡᠮᠵᠢᠭᠳᠡᠯ᠎ᠳᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠭᠡᠷᠡᠭᠲᠡᠢ ᠭᠡᠵᠦ ᠳᠤᠳᠤᠷᠬᠠᠢᠯᠠᠪᠠ᠃

ᠰᠠᠨᠠᠯ᠎ᠳᠤ ᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠬᠵᠢᠭᠤᠯᠬᠤ ᠠᠵᠢᠯ᠎ᠤᠨ ᠭᠤᠤᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠪᠠ᠄ ᠨᠢᠭᠡ᠎ᠳᠦ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠲᠡᠢᠰᠢ ᠬᠡᠯᠪᠡᠷᠢ᠎ᠵᠢ ᠬᠤᠪᠢᠷᠠᠭᠤᠯᠬᠤ᠎ᠶ᠋ᠢ ᠠᠬᠢᠭᠤᠯᠤᠨ᠎ᠠ᠂ ᠬᠣᠶᠠᠷ᠎ᠲᠤ᠂ ᠠᠵᠤ ᠦᠢᠯᠡᠰ᠎ᠦᠨ ᠪᠦᠲᠦᠴᠡ᠎ᠶ᠋ᠢ ᠭᠦᠨᠵᠡᠭᠡᠢ ᠲᠣᠬᠢᠷᠠᠭᠣᠯᠣᠨ᠎ᠠ᠂ ᠭᠤᠷᠪᠠ᠎ᠳᠤ᠂ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠠᠮᠤᠷ ᠲᠦᠪᠱᠢᠨ ᠥᠨᠳᠥᠷ ᠪᠦᠲᠦᠮᠵᠢᠲᠡᠢ ᠡᠨᠧᠷᠭᠢ᠎ᠶ᠋ᠢᠨ ᠱᠢᠰᠲ᠋ᠧᠮ᠎ᠢ ᠲᠦᠷᠭᠡᠳᠬᠡᠨ ᠪᠠᠢᠭᠤᠯᠤᠨ᠎ᠠ᠂ ᠲᠦᠷᠪᠡ᠎ᠳᠦ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠵᠠᠮ ᠲᠡᠭᠡᠭᠡᠪᠦᠷᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠲᠦᠷᠭᠡᠳᠬᠡᠨ ᠠᠬᠢᠭᠤᠯᠤᠨ᠎ᠠ᠂ ᠲᠠᠪᠤ᠎ᠳᠤ᠂ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠂ ᠵᠢᠷᠭᠤᠭ᠎ᠠ᠎ᠳᠤ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠨ᠎ᠠ᠂ ᠳᠣᠯᠣᠭ᠎ᠠ᠎ᠳᠤ᠂ ᠨᠡᠭᠦᠷᠡᠰᠦᠲᠥ᠋ᠷᠥᠭ᠌ᠴᠢ ᠱᠢᠩᠭᠡᠭᠡᠬᠦ᠌ ᠴᠢᠳᠠᠪᠤᠷᠢ᠎ᠶ᠋ᠢ ᠦᠷᠭᠦᠯᠵᠢᠯᠡᠨ ᠪᠡᠬᠢᠵᠢᠭᠦᠯᠦᠨ ᠳᠡᠭᠡᠭ᠌ᠰᠢᠯᠡᠭᠦᠯᠦᠨ᠎ᠡ᠂ ᠨᠠᠢ᠍ᠮᠠ᠎ᠳᠤ᠂ ᠭᠠᠳᠠᠭᠠᠳᠤ ᠨᠡᠬᠡᠬᠡᠯᠳᠡ᠎ᠶ᠋ᠢᠨ ᠪᠣᠬᠢᠷᠲᠤᠯ ᠦᠬᠡᠢ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠂ ᠶᠢᠰᠦ᠎ᠳᠦ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠪᠠᠷᠢᠮᠵᠢᠶ᠎ᠠ ᠪᠠ ᠪᠦᠷᠢᠳᠭᠡᠵᠦ᠍ ᠬᠢᠨᠠᠨ ᠬᠡᠮᠵᠢᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠂ ᠠᠷᠪᠠ᠎ᠳᠤ᠂ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃

ᠰᠠᠨᠠᠯ᠎ᠳᠤ᠂ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠎ᠶ᠋ᠢ ᠦᠨᠡᠨ ᠬᠦ᠌ ᠴᠢᠩᠭᠠᠳᠭᠠᠬᠤ ᠬᠡᠷᠡᠭ᠌ᠲᠡᠢ᠃ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠪᠠ ᠨᠡᠭᠦᠷᠡᠰᠦᠲᠥ᠋ᠷᠥᠭ᠌ᠴᠢ ᠵᠢ ᠰᠠᠭᠠᠷᠮᠠᠬᠵᠢᠭᠤᠯᠬᠤ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠴᠢᠩᠭᠠᠳᠭᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶ᠋ᠢ ᠴᠢᠩᠭᠠᠳᠭᠠᠨ᠂ ᠣᠷᠣᠨ ᠨᠤᠲᠤᠭ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠴᠢᠩᠭ᠎ᠠ ᠬᠢᠨᠠᠯᠲᠠ ᠲᠠᠯᠪᠢᠵᠤ ᠬᠢᠨᠠᠨ ᠱᠢᠯᠭᠠᠬᠤ ᠭᠡᠷᠡᠭᠳᠠᠢ ᠭᠡᠵᠤ ᠴᠢᠬᠤᠯᠠᠴᠢᠯᠠᠪᠠ᠃

ᠣᠷᠴᠢᠭᠤᠯᠤᠭ᠍ᠴᠢ᠄ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠠᠨ ᠪᠸᠢ ᠰᠢᠶᠸ ᠰᠢ ᠶᠣᠣ
ᠨᠠᠢᠷᠠᠭᠤᠯᠤᠭ᠍ᠴᠢ᠄ ᠤᠶᠤᠨᠲᠠᠨ᠎ᠠ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号