᠊᠊᠊᠊᠊᠊᠊᠊ 《ᠨᠠᠮ᠎ᠤᠨ ᠲᠥᠪ ᠬᠣᠷᠢᠶ᠎ᠠ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠠᠵᠢᠯ ᠢ ᠰᠠᠢᠲᠤᠷ ᠬᠢᠬᠦ᠌ ᠲᠤᠬᠠᠢ ᠰᠠᠨᠠᠯ》 ᠤ᠋ᠨ ᠲᠤᠬᠠᠢ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠠᠷᠢᠭᠤᠴᠠᠯᠭᠠᠲᠠᠨ᠎ᠢ ᠰᠤᠷᠪᠤᠯᠵᠢᠯᠠᠬᠰᠡᠨ ᠨᠢ
《ᠨᠠᠮ᠎ᠤᠨ ᠲᠥᠪ ᠬᠣᠷᠢᠶ᠎ᠠ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠠᠵᠢᠯ᠎ᠢ ᠰᠠᠢᠲᠤᠷ ᠬᠢᠬᠦ᠌ ᠲᠤᠬᠠᠢ ᠰᠠᠨᠠᠯ》᠎ᠢ᠋ 24᠎ᠤ᠋ ᠡᠳᠦᠷ ᠨᠡᠢᠲᠡᠯᠡᠪᠡ᠃ ᠰᠠᠨᠠᠯ᠎ᠳᠤ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠠᠵᠢᠯ᠎ᠢ ᠠᠬᠢᠭᠤᠯᠬᠤ ᠲᠤᠬᠠᠢ ᠶᠠᠮᠠᠷ ᠶᠠᠮᠠᠷ ᠴᠢᠬᠤᠯᠠ ᠪᠠᠢᠷᠢᠯᠠᠭᠤᠯᠤᠯᠲᠠ ᠬᠢᠭ᠌ᠰᠡᠨ ᠪᠣᠶ? ᠰᠤᠷᠪᠤᠯᠵᠢᠯᠠᠭ᠍ᠴᠢ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠠᠷᠢᠭᠤᠴᠠᠯᠭᠠᠲᠠᠨ᠎ᠢ ᠲᠤᠰᠭᠠᠢᠯᠠᠨ ᠰᠤᠷᠪᠤᠯᠵᠢᠯᠠᠪᠠ᠃
ᠦᠵᠦ᠍ ᠲᠥᠯᠥᠪᠯᠡᠭᠡ᠎ᠶ᠋ᠢ ᠪᠠᠴᠢᠮ ᠱᠠᠭᠠᠷᠳᠠᠵᠤ ᠪᠠᠢᠨ᠎ᠠ
ᠠᠰᠠᠭᠤᠯᠲᠠ᠄ ᠰᠠᠨᠠᠯ᠎ᠢ ᠨᠡᠢᠲᠡᠯᠡᠭ᠌ᠰᠡᠨ ᠠᠬᠤᠢ ᠪᠠᠢᠳᠠᠯ ᠨᠢ ᠶᠠᠭᠤ ᠪᠤᠢ?
ᠬᠠᠷᠢᠭᠤᠯᠲᠠ᠄ 2020 ᠣᠨ᠎ᠤ 9 ᠰᠠᠷ᠎ᠠ᠎ᠶ᠋ᠢᠨ 22᠎ᠤ᠋ᠨ ᠡᠳᠦᠷ᠂ ᠶᠡᠷᠦᠩᠬᠡᠢ ᠱᠦᠵᠢ ᠰᠢ᠎ᠵᠢᠨ ᠫᠢᠩ 75 ᠳ᠋ᠤᠭᠠᠷ ᠬᠤᠭᠤᠴᠠᠭᠠᠨ᠎ᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠬᠡ ᠬᠤᠷᠠᠯ᠎ᠤᠨ ᠡᠩ᠎ᠦᠨ ᠮᠠᠷᠭᠤᠯᠳᠤᠭᠠᠨ ᠳᠡᠭᠡᠷ᠎ᠡ ᠳᠤᠮᠳᠠᠳᠤ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 2030 ᠣᠨ᠎ᠡᠴᠡ ᠡᠮᠦᠨ᠎ᠡ ᠤᠷᠬᠢᠯ ᠬᠡᠮᠵᠢᠭ᠌ᠳᠡᠯ᠎ᠳᠦ ᠬᠦᠷᠭᠡᠬᠦ᠌᠎ᠪᠡᠷ ᠴᠢᠷᠮᠠᠢᠵᠤ᠂ 2060 ᠣᠨ᠎ᠡᠴᠡ ᠡᠮᠦᠨ᠎ᠡ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌ ᠪᠡᠷ ᠴᠢᠷᠮᠠᠢᠨ᠎ᠠ ᠭᠡᠵᠦ᠍ ᠨᠡᠢᠲᠡᠯᠡᠪᠡ᠃ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠭᠦᠨᠵᠡᠭᠡᠢ ᠰᠡᠳᠭᠢᠨ ᠪᠣᠳᠣᠯᠬᠢᠯᠠᠵᠤ ᠪᠠᠢᠭᠠᠳ ᠲᠣᠭ᠍ᠲᠠᠭᠠᠭ᠍ᠰᠠᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠪᠣᠯᠤᠨ᠎ᠠ᠂ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ ᠪᠣᠯᠤᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠳᠤ ᠬᠣᠯᠪᠣᠭ᠍ᠳᠠᠨ᠎ᠠ᠃
ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌ ᠪᠣᠯ ᠨᠢᠭᠡᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠠᠵᠤ ᠠᠬᠤᠢ ᠨᠡᠢᠭᠡᠮ᠎ᠦᠨ ᠱᠢᠰᠲ᠋ᠧᠮᠲᠦ ᠴᠢᠨᠠᠷᠲᠠᠢ ᠬᠤᠪᠢᠰᠤᠯᠲᠠ ᠪᠣᠯᠤᠨ᠎ᠠ᠂ ᠡᠨᠡ ᠨᠢ ᠤᠷᠢᠳ ᠡᠮᠦᠨ᠎ᠡ ᠪᠠᠢᠭ᠎ᠠ ᠦᠭᠡᠢ ᠬᠦᠴᠢᠷᠳᠡᠯ ᠪᠠ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃ ᠣᠳᠣᠬᠠᠨ᠎ᠳᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠪᠦᠲᠦᠴᠡ ᠪᠠᠰᠠ ᠵᠦᠶ ᠵᠣᠬᠢᠰ ᠥᠬᠡᠶ ᠪᠠᠢᠵᠤ᠂ ᠬᠥᠭ᠌ᠵᠢᠭ᠌ᠰᠡᠨ ᠤᠯᠤᠰ᠎ᠲᠠᠶ ᠬᠠᠷᠢᠴᠠᠭᠤᠯᠪᠠᠯ᠂ ᠮᠠᠨ᠎ᠤ ᠤᠯᠤᠰ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠡᠴᠡ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠵᠢ ᠪᠡᠶᠡᠯᠡᠬᠦᠯᠬᠦ ᠴᠠᠭ ᠪᠠᠴᠢᠮ ᠪᠠᠢᠨ᠎ᠠ᠃ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯ᠎ᠢ ᠰᠠᠢᠲᠤᠷ ᠬᠢᠬᠦ᠌᠎ᠳᠦ ᠦᠵᠦ᠍ ᠲᠥᠯᠥᠪᠯᠡᠭᠡ᠎ᠶ᠋ᠢ ᠴᠢᠩᠭᠠᠳᠭᠠᠬᠤ ᠶᠠᠪᠤᠳᠠᠯ ᠲᠤᠯᠭᠠᠮ ᠱᠠᠭᠠᠷᠳᠠᠭ᠍ᠳᠠᠵᠤ ᠪᠠᠢᠨ᠎ᠠ᠃ ᠲᠦᠪ ᠡᠴᠡ ᠰᠠᠨᠠᠯ᠎ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠡᠨᠡ ᠬᠦ᠌ ᠴᠢᠬᠤᠯᠠ ᠶᠡᠬᠡ ᠠᠵᠢᠯ᠎ᠳᠤ ᠱᠢᠰᠲ᠋ᠧᠮ᠎ᠲᠡᠶ ᠲᠥᠯᠥᠪᠵᠢᠭᠦᠯᠭᠡ ᠪᠠ ᠶᠡᠷᠦᠩᠬᠡᠶ ᠪᠠᠢᠷᠢᠯᠠᠭᠤᠯᠤᠯᠲᠠ ᠬᠢᠵᠦ᠍᠂ ᠴᠢᠨᠠᠬᠰᠢᠳᠠ ᠶᠡᠷᠦᠩᠬᠡᠶ ᠱᠠᠭᠠᠷᠳᠠᠯᠭ᠎ᠠ᠎ᠶ᠋ᠢ ᠲᠣᠳᠣᠷᠬᠠᠢᠯᠠᠨ᠂ ᠭᠤᠤᠯ ᠬᠠᠷᠠᠯᠲᠠ᠎ᠶ᠋ᠢ ᠳᠤᠷᠠᠳᠴᠤ᠌᠂ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠤᠨ᠂ ᠬᠡᠷᠡᠭ᠌ᠵᠢᠭᠦᠯᠬᠦ᠌ ᠠᠷᠭ᠎ᠠ ᠵᠠᠮ᠎ᠢ ᠲᠣᠳᠣᠷᠬᠠᠶ ᠪᠣᠯᠭᠠᠪᠠ᠂ ᠡᠨᠡ ᠨᠢ ᠪᠥᠬᠥ᠌ ᠨᠠᠮ᠎ᠤᠨ ᠲᠠᠨᠢᠯᠲᠠ ᠪᠠ ᠵᠣᠷᠢᠭ ᠰᠠᠨᠠᠭ᠎ᠠ᠎ᠶ᠋ᠢ ᠨᠢᠭᠡᠳᠭᠡᠬᠦ᠌᠂ ᠪᠥᠬᠥ᠌ ᠨᠠᠮ ᠪᠥᠬᠥ᠌ ᠤᠯᠤᠰ᠎ᠤᠨ ᠬᠦᠴᠦᠨ᠎ᠢ ᠨᠢᠭ᠍ᠲᠠᠷᠠᠭᠤᠯᠤᠨ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠡᠨᠡ ᠬᠦ᠌ ᠪᠡᠷᠬᠡ ᠬᠠᠲᠠᠭᠤᠵᠢᠯᠲᠠᠶ ᠡᠭᠦᠷᠭᠡ᠎ᠶ᠋ᠢ ᠪᠡᠶᠡᠯᠡᠭᠦᠯᠬᠦ᠌᠎ᠳᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃
ᠬᠥᠭ᠌ᠵᠢᠯᠲᠡ᠎ᠶ᠋ᠢᠨ ᠱᠠᠳᠤ ᠦᠶ᠎ᠡ ᠪᠣᠯᠤᠨ ᠤᠯᠤᠰ᠎ᠤᠨ ᠪᠠᠢᠳᠠᠯ᠎ᠤᠨ ᠪᠣᠳᠠᠲᠤ ᠪᠠᠢᠳᠠᠯ᠎ᠳᠤ ᠰᠠᠭᠤᠷᠢᠯᠠᠭ᠍ᠰᠠᠨ ᠬᠠᠷᠠᠯᠲᠠ᠎ᠶ᠋ᠢᠨ ᠲᠤᠬᠢᠷᠠᠭᠤᠯᠤᠯᠳᠠ
ᠠᠰᠠᠭᠤᠯᠲᠠ᠄ ᠰᠠᠨᠠᠯ᠎ᠳᠤ ᠳᠤᠷᠠᠳᠤᠭ᠍ᠰᠠᠨ ᠭᠤᠤᠯ ᠬᠠᠷᠠᠯᠲᠠ ᠨᠢ ᠶᠠᠭᠤ ᠪᠣᠶ?
ᠬᠠᠷᠢᠭᠤᠯᠲᠠ᠄ ᠰᠠᠨᠠᠯ᠎ᠳᠤ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠡᠷᠬᠢᠯᠳᠡᠳᠦ ᠬᠥᠭ᠌ᠵᠢᠯᠲᠡ᠎ᠶ᠋ᠢᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠬᠤ᠂ ᠡᠨᠧᠷᠭᠢ᠎ᠶ᠋ᠢᠨ ᠠᠱᠢᠭ᠍ᠯᠠᠮᠵᠢ᠎ᠶ᠋ᠢ ᠳᠡᠭᠡᠭ᠌ᠰᠢᠯᠡᠭᠦᠯᠬᠦ᠌᠂ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠬᠡᠷᠡᠭ᠌ᠯᠡᠭᠡᠨ᠎ᠦ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠬᠦ᠌᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠭᠠᠳᠠᠭ᠍ᠰᠢᠯᠠᠭᠤᠯᠬᠤ ᠲᠦᠪᠱᠢᠨ᠎ᠢ ᠪᠠᠭᠤᠷᠠᠭᠤᠯᠬᠤ᠂ ᠠᠮᠢ ᠠᠬᠤᠶ᠎ᠶ᠋ᠢᠨ ᠱᠢᠰᠲ᠋ᠧᠮ᠎ᠦᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠲᠠᠪᠤᠨ ᠲᠠᠯ᠎ᠠ᠎ᠶ᠋ᠢᠨ ᠭᠤᠤᠯ ᠬᠠᠷᠠᠯᠲᠠ᠎ᠶ᠋ᠢ ᠳᠤᠷᠠᠳᠪᠠ᠃
2025 ᠤᠨ ᠪᠣᠯᠬᠤ᠎ᠳᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠡᠷᠬᠢᠯᠳᠡᠳᠤ ᠬᠥᠭ᠌ᠵᠢᠯᠲᠡ᠎ᠶ᠋ᠢᠨ ᠠᠵᠤ ᠠᠬᠤᠢ᠎ᠶ᠋ᠢᠨ ᠱᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠵᠦ᠍᠂ ᠭᠣᠣᠯᠳᠠᠯᠭ᠎ᠠ᠎ᠲᠠᠶ ᠠᠵᠢᠯ ᠲᠦᠷᠦᠯ᠎ᠦᠨ ᠡᠨᠧᠷᠭᠢ᠎ᠶ᠋ᠢᠨ ᠠᠱᠢᠭ᠍ᠯᠠᠮᠵᠢ᠎ᠶ᠋ᠢ ᠶᠡᠬᠡᠪᠡᠷ ᠳᠡᠭᠡᠭ᠌ᠰᠢᠯᠡᠭᠦᠯᠦᠨ᠎ᠡ᠃ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠲᠡᠭ᠎ᠦᠨ ᠡᠨᠧᠷᠭᠢ᠎ᠶ᠋ᠢᠨ ᠬᠣᠷᠣᠭ᠍ᠳᠠᠭᠤᠯᠤᠯᠢ 2020 ᠣᠨ᠎ᠤ ᠬᠢ᠎ᠡᠴᠡ13.5% ᠪᠡᠷ ᠪᠠᠭᠤᠷᠠᠭᠤᠯᠤᠨ᠎ᠠ ; ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠲᠡᠭ᠎ᠦᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 2020 ᠣᠨ᠎ᠤ ᠬᠢ᠎ᠡᠴᠡ 18% ᠪᠡᠷ ᠪᠠᠭᠤᠷᠠᠭᠤᠯᠤᠨ᠎ᠠ; ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠯᠡᠭᠡᠨ᠎ᠦ ᠬᠤᠪᠢ᠎ᠶ᠋ᠢᠨ ᠵᠢᠩ᠎ᠢ 20% ᠣᠷᠴᠢᠮ᠎ᠳᠤ ᠬᠦᠷᠭᠡᠨ᠎ᠡ;ᠣᠶ ᠱᠢᠭᠤᠶ᠎ᠶ᠋ᠢᠨ ᠪᠦᠷᠬᠦᠴᠡ 24.1% ᠳ᠋ᠤ ᠬᠦᠷᠴᠦ᠍᠂ ᠣᠶ ᠱᠢᠭᠤᠶ᠎ᠶ᠋ᠢᠨ ᠬᠠᠳᠠᠭᠠᠯᠠᠭ᠍ᠳᠠᠴᠠ 180 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠍᠂ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌᠎ᠳᠦ ᠪᠠᠲᠤ ᠪᠠᠬᠢ ᠰᠠᠭᠤᠷᠢ ᠲᠠᠯᠪᠢᠨ᠎ᠠ᠃
2030 ᠤᠨ ᠪᠣᠯᠬᠤ᠎ᠳᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠬᠡᠯᠪᠡᠷᠢ᠎ᠵᠢ ᠬᠤᠪᠢᠷᠠᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠤ᠂ ᠭᠤᠤᠯᠳᠠᠯᠭ᠎ᠠ᠎ᠲᠠᠶ ᠡᠨᠧᠷᠭᠢ ᠬᠣᠷᠣᠭ᠍ᠳᠠᠭᠤᠯᠬᠤ ᠠᠵᠢᠯ ᠲᠥᠷᠥᠯ᠎ᠦᠨ ᠡᠨᠧᠷᠭᠢ᠎ᠶ᠋ᠢᠨ ᠠᠱᠢᠭ᠍ᠯᠠᠮᠵᠢ᠎ᠶ᠋ᠢ ᠳᠡᠯᠡᠬᠡᠶ᠎ᠶ᠋ᠢᠨ ᠲᠡᠷᠢᠭᠦᠨ᠎ᠦ ᠬᠢᠷᠢ ᠲᠦᠪᠱᠢᠨ᠎ᠳᠦ ᠬᠦᠷᠭᠡᠨ᠎ᠡ᠃ ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠲᠡᠭ᠎ᠦᠨ ᠡᠨᠧᠷᠭᠢ᠎ᠶ᠋ᠢᠨ ᠬᠣᠷᠣᠭ᠍ᠳᠠᠭᠤᠯᠤᠯ ᠢ ᠶᠡᠬᠡ ᠪᠡᠷ ᠪᠠᠭᠤᠷᠠᠭᠤᠯᠤᠨ᠎ᠠ ; ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠲᠡᠭ᠎ᠦᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 2005 ᠣᠨ᠎ᠤ ᠬᠢ᠎ᠡᠴᠡ 65% ᠡᠴᠡ ᠳᠡᠭᠡᠭ᠌ᠰᠢ ᠪᠠᠭᠤᠷᠠᠭᠤᠯᠤᠨ᠎ᠠ; ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠬᠡᠷᠡᠭ᠌ᠯᠡᠭᠡᠨ᠎ᠦ ᠬᠤᠪᠢ᠎ᠶ᠋ᠢᠨ ᠵᠢᠩ᠎ᠢ 25% ᠣᠷᠴᠢᠮ᠎ᠳᠤ ᠬᠦᠷᠦᠭᠦᠯᠵᠦ᠍᠂ ᠰᠠᠯᠬᠢᠨ ᠬᠦᠴᠦᠨ᠎ᠦ ᠴᠠᠬᠢᠯᠭᠠᠨ᠂ ᠨᠡᠷᠡᠨ ᠡᠨᠧᠷᠭᠢ᠎ᠶ᠋ᠢᠨ ᠴᠠᠬᠢᠯᠭᠠᠨ ᠭᠠᠷᠭᠠᠬᠤ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠶ᠋ᠢ12 ᠳ᠋ᠦᠩᠱᠢᠭᠤᠷ ᠺᠢᠯᠦᠸᠠᠲ᠎ᠠᠴᠠ ᠳᠡᠭᠡᠭ᠌ᠰᠢ᠎ᠳᠦ ᠬᠦᠷᠦᠭᠦᠯᠦᠨ᠎ᠡ; ᠤᠢ ᠱᠢᠭᠤᠢ᠎ᠶ᠋ᠢᠨ ᠪᠦᠷᠬᠦᠴᠡ᠎ᠶ᠋ᠢᠨ ᠨᠤᠷᠮ᠎ᠠ᠎ᠶ᠋ᠢ 25%ᠣᠷᠴᠢᠮ᠎ᠳᠤ ᠬᠦᠷᠭᠡᠵᠦ᠍᠂ ᠤᠢ ᠱᠢᠭᠤᠢ᠎ᠶ᠋ᠢᠨ ᠬᠠᠳᠠᠭᠠᠯᠠᠭ᠍ᠳᠠᠴᠠ᠎ᠶ᠋ᠢ 190 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠭᠡᠵᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢᠨ ᠬᠡᠮᠵᠢᠶ᠎ᠡ᠎ᠶ᠋ᠢ ᠤᠷᠬᠢᠯ ᠬᠡᠮᠵᠢᠭ᠌ᠳᠡᠯ᠎ᠳᠦ ᠬᠦᠷᠭᠡᠬᠦ᠌᠎ᠶ᠋ᠢᠨ ᠬᠠᠮᠲᠤ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠦ ᠪᠠᠭᠤᠷᠠᠭᠤᠯᠤᠨ᠎ᠠ᠃
ᠡᠳᠡᠭᠡᠷ ᠠᠯᠢ ᠤᠯᠠᠨ ᠬᠠᠷᠠᠯᠲᠠ ᠨᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠱᠠᠳᠤ ᠦᠶ᠎ᠡ ᠪᠣᠯᠤᠨ ᠤᠯᠤᠰ᠎ᠤᠨ ᠪᠠᠢᠳᠠᠯ᠎ᠤᠨ ᠪᠤᠳᠠᠳᠠᠢ᠎ᠳᠤ ᠰᠠᠭᠤᠷᠢᠯᠠᠵᠤ᠂ ᠮᠠᠨ᠎ᠤ ᠤᠯᠤᠰ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠦᠴᠦᠯᠡᠴᠡ᠎ᠶ᠋ᠢᠨ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ ᠪᠠᠭᠤᠷᠠᠯᠲᠠ᠎ᠶ᠋ᠢ ᠪᠡᠶᠡᠯᠡᠭᠦᠯᠵᠦ᠍᠂ ᠲᠡᠦᠬᠡᠨ ᠳᠡᠭᠡᠷᠡᠬᠢ ᠬᠠᠮᠤᠭ᠎ᠤᠨ ᠣᠬᠣᠷ ᠴᠠᠭ᠎ᠢᠶᠠᠷ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ᠎ᠡᠴᠡ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠬᠦ᠌ ᠪᠣᠯᠤᠭ᠍ᠰᠠᠨ᠎ᠢ ᠬᠠᠷᠠᠭᠤᠯᠵᠤ᠂ ᠬᠠᠮᠤᠭ᠎ᠤᠨ ᠶᠡᠬᠡ ᠠᠤᠭ᠎ᠠ ᠰᠠᠨᠠᠭ᠎ᠠ᠎ᠶ᠋ᠢ ᠢᠯᠡᠷᠡᠭᠦᠯᠵᠦ᠍᠂ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ ᠴᠢᠬᠤᠯᠠᠲᠠᠢ ᠪᠠᠢᠨ᠎ᠠ᠃
10 ᠲᠠᠯ᠎ᠠ᠎ᠶ᠋ᠢᠨ 31 ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠳᠦ ᠱᠤᠭᠤᠮ᠎ᠤᠨ ᠵᠢᠷᠤᠭ᠂ ᠪᠠᠷᠢᠯᠭ᠎ᠠ᠎ᠶ᠋ᠢᠨ ᠵᠢᠷᠤᠭ ᠢ ᠲᠣᠳᠣᠷᠬᠠᠢᠯᠠᠪᠠ
ᠠᠰᠠᠭᠤᠯᠲᠠ᠄ ᠰᠠᠨᠠᠯ᠎ᠳᠤ ᠶᠠᠮᠠᠷ ᠶᠠᠮᠠᠷ ᠭᠤᠤᠯ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠳᠤᠷᠠᠳᠤᠭ᠍ᠰᠠᠨ ᠪᠣᠶ?
ᠬᠠᠷᠢᠭᠤᠯᠲᠠ᠄ ᠰᠠᠨᠠᠯ᠎ᠳᠤ᠂ᠱᠢᠰᠲ᠋ᠧᠮᠳᠦᠦᠵᠡᠯᠲᠡᠶ᠋ᠢ ᠪᠠᠷᠢᠮᠲᠠᠯᠠᠵᠤ᠂10 ᠲᠠᠯ᠎ᠠ᠎ᠶ᠋ᠢᠨ 31 ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢ ᠳᠤᠷᠠᠳᠴᠤ᠌᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯ᠎ᠤᠨ ᠱᠤᠭᠤᠮ᠎ᠤᠨ ᠵᠢᠷᠤᠭ᠂ ᠪᠠᠷᠢᠯᠭ᠎ᠠ᠎ᠶ᠋ᠢᠨ ᠵᠢᠷᠤᠭ᠎ᠢ ᠲᠣᠳᠣᠷᠬᠠᠢᠯᠠᠪᠠ᠃
ᠨᠢᠭᠡ᠎ᠳᠦ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ ᠵᠢ ᠬᠤᠪᠢᠷᠠᠭᠤᠯᠬᠤ᠎ᠶ᠋ᠢ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠬᠥᠭ᠌ᠵᠢᠯᠲᠡ᠎ᠶ᠋ᠢᠨ ᠣᠷᠣᠨ ᠪᠦᠰᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠪᠣᠬᠢᠷᠲᠤᠯ ᠥᠬᠡᠶ ᠦᠶ᠋ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠲᠦᠷᠭᠡᠳᠭᠡᠨ ᠪᠦᠷᠢᠯᠳᠦᠭᠦᠯᠦᠨ᠎ᠡ᠃ ᠬᠣᠶᠠᠷ᠎ᠲᠤ᠂ ᠠᠵᠤ ᠦᠢᠯᠡᠰ᠎ᠦᠨ ᠪᠦᠲᠦᠴᠡ᠎ᠳᠦ ᠭᠦᠨᠵᠡᠭᠡᠢ ᠲᠣᠬᠢᠷᠠᠭᠤᠯᠤᠯᠲᠠ ᠬᠢᠵᠦ᠍᠂ ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ ᠭᠠᠳᠠᠭ᠍ᠰᠢᠯᠠᠭᠤᠯᠤᠯᠲᠠ ᠶᠡᠬᠡᠲᠡᠢ ᠵᠦᠢᠯ᠎ᠢ ᠰᠣᠬᠣᠷ ᠪᠠᠯᠠᠢ᠎ᠪᠠᠷ ᠬᠥᠭ᠌ᠵᠢᠭᠦᠯᠬᠦ᠌᠎ᠶ᠋ᠢ ᠡᠷᠡᠰ ᠬᠣᠷᠢᠭ᠍ᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠠᠵᠤ ᠦᠢᠯᠡᠰ᠎ᠢ ᠶᠡᠬᠡ ᠪᠡᠷ ᠬᠥᠭ᠌ᠵᠢᠭᠦᠯᠦᠨ᠎ᠡ᠃ ᠭᠤᠷᠪᠠ᠎ᠳᠤ᠂ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠠᠮᠤᠷ ᠲᠦᠪᠱᠢᠨ ᠥᠨᠳᠥᠷ ᠪᠦᠲᠦᠮᠵᠢᠲᠡᠢ ᠡᠨᠧᠷᠭᠢ᠎ᠶ᠋ᠢᠨ ᠱᠢᠰᠲ᠋ᠧᠮ᠎ᠢ ᠲᠦᠷᠭᠡᠪᠴᠢᠯᠡᠨ ᠪᠠᠢᠭᠤᠯᠵᠤ᠂ ᠴᠢᠯᠠᠭᠤᠵᠢᠮᠠᠯ ᠡᠨᠧᠷᠭᠢ᠎ᠶ᠋ᠢᠨ ᠬᠡᠷᠡᠭ᠌ᠯᠡᠭᠡ᠎ᠶ᠋ᠢ ᠴᠢᠩᠭ᠎ᠠ ᠬᠢᠵᠠᠭᠠᠷᠯᠠᠵᠤ᠂ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢ ᠢᠳᠡᠪᠬᠢᠲᠡᠢ ᠬᠥᠭ᠌ᠵᠢᠭᠦᠯᠵᠦ᠍᠂ ᠡᠨᠧᠷᠭᠢ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠳᠥᠷᠪᠡ᠎ᠳᠦ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠵᠠᠮ ᠬᠠᠷᠢᠯᠴᠠᠭᠠᠨ᠎ᠤ ᠪᠠᠭᠠᠵᠢ᠎ᠶ᠋ᠢ ᠳᠡᠯᠭᠡᠷᠡᠭᠦᠯᠦᠨ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠵᠠᠮ ᠬᠠᠷᠢᠯᠴᠠᠭ᠎ᠠ᠎ᠶ᠋ᠢ ᠢᠳᠡᠪᠬᠢᠲᠡᠶ᠎ᠪᠡᠷ ᠬᠥᠲᠥᠯᠦᠨ ᠵᠢᠯᠣᠭᠣᠳᠤᠨ᠎ᠠ᠃ ᠲᠠᠪᠤ᠎ᠳᠤ᠂ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠡᠨᠧᠷᠭᠢ ᠠᠷᠪᠢᠯᠠᠬᠤ ᠨᠡᠭᠦᠷᠡᠰᠦᠲᠥ᠋ᠷᠥᠭ᠌ᠴᠢ ᠪᠠᠭ᠎ᠠ ᠭᠠᠳᠠᠬᠰᠢᠯᠠᠭᠤᠯᠬᠤ ᠪᠠᠷᠢᠯᠭ᠎ᠠ᠎ᠶ᠋ᠢ ᠶᠡᠬᠡ ᠪᠡᠷ ᠬᠥᠭ᠌ᠵᠢᠭᠦᠯᠵᠦ᠍᠂ ᠪᠠᠷᠢᠯᠭ᠎ᠠ᠎ᠶ᠋ᠢᠨ ᠡᠨᠧᠷᠭᠢ ᠬᠡᠷᠡᠭ᠌ᠯᠡᠬᠦ᠌ ᠪᠦᠲᠦᠴᠡ᠎ᠶ᠋ᠢ ᠲᠦᠷᠭᠡᠳᠭᠡᠨ ᠱᠢᠯᠢᠳᠡᠭ᠌ᠵᠢᠭᠦᠯᠦᠨ᠎ᠡ᠃ ᠵᠢᠷᠭᠤᠭ᠎ᠠ᠎ᠳᠤ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠲᠡᠷᠢᠭᠦᠨ᠎ᠦ ᠬᠡᠷᠡᠭ᠌ᠯᠡᠭᠡᠨᠦᠮᠡᠷᠭᠡᠵᠢᠯᠢᠰᠤᠳᠤᠯᠤᠨᠨᠡᠭᠡᠭᠡᠬᠦ᠌ᠪᠠᠳᠡᠯᠭᠡᠷᠡᠭᠦᠯᠬᠦ᠌ᠶ᠋ᠢ ᠲᠦᠷᠭᠡᠳᠭᠡᠨ᠎ᠡ᠃ ᠳᠣᠯᠣᠭ᠎ᠠ᠎ᠳᠤ᠂ ᠨᠡᠭᠦᠷᠡᠰᠦᠲᠥ᠋ᠷᠥᠭ᠌ᠴᠢ ᠰᠢᠨᠭᠭᠡᠭᠡᠬᠦ ᠴᠢᠳᠠᠪᠤᠷᠢ᠎ᠶ᠋ᠢ ᠦᠷᠭᠦᠯᠵᠢᠯᠡᠨ ᠪᠡᠬᠢᠵᠢᠭᠦᠯᠦᠨ ᠳᠡᠭᠡᠭ᠌ᠰᠢᠯᠡᠭᠦᠯᠵᠦ᠍᠂ᠠᠮᠢᠠᠬᠤᠶᠶ᠋ᠢᠨᠱᠢᠰᠲ᠋ᠧᠮᠦᠨᠨᠡᠭᠦᠷᠡᠰᠦᠲᠥ᠋ᠷᠥᠭ᠌ᠴᠢ ᠰᠢᠨᠭᠭᠡᠭᠡᠬᠦ ᠨᠡᠮᠡᠭ᠌ᠳᠡᠯ᠎ᠦᠨ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠨᠠᠢ᠍ᠮᠠ᠎ᠳᠤ᠂ ᠭᠠᠳᠠᠭᠠᠳᠤ ᠨᠡᠬᠡᠬᠡᠯᠳᠡ᠎ᠶ᠋ᠢᠨ ᠪᠣᠬᠢᠷᠲᠤᠯ ᠦᠬᠡᠢ ᠨᠡᠭᠦᠷᠡᠰᠦᠲᠥ᠋ᠷᠥᠭ᠌ᠴᠢ ᠪᠠᠭᠠᠭᠠᠳᠠᠬᠰᠢᠯᠠᠭᠤᠯᠬᠤ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠤᠯᠠᠨ ᠤᠯᠤᠰ᠎ᠤᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ᠎ᠶ᠋ᠢ ᠴᠢᠩᠭᠠᠳᠭᠠᠨ᠎ᠠ᠃ ᠶᠢᠰᠦ᠎ᠳᠦ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠪᠠᠷᠢᠮᠵᠢᠶ᠎ᠠ ᠪᠠ ᠪᠦᠷᠢᠳᠭᠡᠵᠦ᠍ ᠬᠢᠨᠠᠨ ᠬᠡᠮᠵᠢᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠪᠦᠷᠢᠳᠭᠡᠵᠦ᠍ ᠬᠢᠨᠠᠨ ᠬᠡᠮᠵᠢᠬᠦ᠌ ᠴᠢᠳᠠᠪᠤᠷᠢ ᠶ᠋ᠢ ᠳᠡᠭᠡᠭ᠌ᠰᠢᠯᠡᠭᠦᠯᠦᠨ᠎ᠡ᠃ ᠠᠷᠪᠠ᠎ᠳᠤ᠂ ᠪᠡᠯᠡ ᠣᠷᠣᠭᠤᠯᠤᠯᠲᠠ᠂ ᠮᠥᠩᠭᠥᠨ ᠭᠦᠢᠯᠭᠡᠭᠡ᠂ ᠡᠳ᠋᠎ᠦᠨ ᠵᠠᠰᠠᠭ ᠭᠠᠢᠯᠢ᠂ ᠦᠨ᠎ᠡ ᠬᠠᠩᠰᠢ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶ᠎ᠠ᠂ ᠡᠨᠧᠷᠭᠢ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠵᠡᠷᠭᠡ ᠵᠠᠬ᠎ᠠ ᠳᠡᠯᠭᠡᠭᠦᠷᠴᠢᠯᠡᠭ᠌ᠰᠡᠨ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃
《1 + N》 ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲᠸᠮ ᠳᠤᠮᠳᠠ ᠶᠡᠷᠦᠩᠬᠡᠢᠯᠡᠨ ᠵᠢᠯᠣᠭᠣᠳᠭᠤ ᠦᠢᠯᠡᠳᠦᠯ᠎ᠢ ᠪᠠᠳᠠᠷᠠᠭᠤᠯᠤᠨ᠎ᠠ
ᠠᠰᠠᠭᠤᠯᠲᠠ᠄ ᠰᠠᠨᠠᠯ ᠨᠢ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ 《1+ N》 ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠳᠡᠬᠢ ᠪᠠᠢᠷᠢ ᠲᠣᠭ᠍ᠲᠠᠭᠠᠯᠲᠠ ᠪᠠ ᠦᠢᠯᠡᠳᠦᠯ ᠨᠢ ᠶᠠᠭᠤ ᠪᠣᠶ?
ᠬᠠᠷᠢᠭᠤᠯᠲᠠ᠄ ᠡᠨᠡ ᠵᠢᠯ᠎ᠦᠨ 5 ᠰᠠᠷ᠎ᠠ᠎ᠳᠤ᠂ ᠲᠥᠪ᠎ᠦᠨ ᠳᠠᠪᠬᠤᠷᠭ᠎ᠠ᠎ᠡᠴᠡ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠠᠵᠢᠯ᠎ᠤᠨ ᠤᠳᠤᠷᠢᠳᠭᠤ ᠳᠤᠭᠤᠢᠯᠠᠩ᠎ᠢ ᠪᠠᠢᠭᠤᠯᠵᠤ᠂ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠬᠦ᠌᠎ᠶ᠋ᠢ ᠵᠥᠪᠯᠡᠬᠦ᠌ᠪᠠ ᠵᠣᠬᠢᠴᠠᠭᠤᠯᠬᠤ ᠪᠠᠢᠭᠤᠯᠤᠮᠵᠢ ᠪᠣᠯᠭᠠᠪᠠ᠃ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠢ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠳᠦ ᠪᠠᠢᠷᠢᠯᠠᠭᠤᠯᠤᠨ᠎ᠠ᠃ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ 《1 + N》 ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠦᠷᠭᠡᠨ ᠪᠠᠢᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠠᠵᠢᠯ᠎ᠤᠨ《ᠲᠦᠷᠪᠡᠨ ᠨᠢᠷᠤᠭᠤ ᠨᠠᠢ᠍ᠮᠠᠨ ᠲᠤᠯᠭᠠᠭᠤᠷᠢ》 ᠵᠢ ᠰᠠᠢᠲᠤᠷ ᠪᠠᠢᠭᠤᠯᠵᠤ ᠪᠠᠢᠨ᠎ᠠ᠃
ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠳᠠᠷᠤᠮᠠᠯᠯᠠᠨ ᠲᠠᠷᠬᠠᠭᠠᠭ᠍ᠰᠠᠨ ᠰᠠᠨᠠᠯ᠎ᠨᠢ 《1》 ᠪᠣᠯᠤᠭ᠍ᠰᠠᠨ᠎ᠤ ᠬᠤᠪᠢ᠎ᠳᠤ᠂ ᠠᠯᠤᠰ ᠬᠡᠲᠦ᠍᠎ᠶ᠋ᠢ ᠶᠡᠷᠦᠩᠬᠡᠢᠯᠡᠨ ᠬᠠᠮᠢᠶᠠᠷᠴᠤ᠌᠂ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ《1 + N》ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠳᠦ ᠶᠡᠷᠦᠩᠬᠡᠢᠯᠡᠨ ᠵᠠᠬᠢᠷᠬᠤ ᠦᠢᠯᠡᠳᠦᠯ ᠦᠵᠡᠭᠦᠯᠵᠦ᠍ ᠪᠠᠢᠳᠠᠭ᠄ ᠰᠠᠨᠠᠯ᠎ᠳᠤ 2030 ᠣᠨ ᠡᠴᠡ ᠡᠮᠦᠨᠡᠬᠢ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦ᠋ᠷᠦᠭᠴᠢ ᠵᠢ ᠰᠠᠭᠠᠷᠮᠠᠬᠵᠢᠭᠤᠯᠬᠤ ᠠᠵᠢᠯᠯᠠᠭ᠎ᠠ᠎ᠶ᠋ᠢᠨ ᠲᠥᠰᠦᠯ᠎ᠲᠡᠶ ᠬᠠᠮᠲᠤ ᠪᠠᠷ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ᠌᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠪᠠ ᠬᠣᠶᠠᠷ ᠱᠠᠲᠤᠨ᠎ᠤ ᠦᠵᠦ᠍ ᠲᠥᠯᠥᠪᠯᠡᠭᠡ᠎ᠶ᠋ᠢ ᠪᠦᠷᠢᠯᠳᠦᠭᠦᠯᠬᠦ᠌ ᠪᠣᠯᠤᠨ᠎ᠠ᠃ 《N》 ᠳ᠋ᠤ ᠡᠨᠧᠷᠭᠢ᠂ ᠠᠵᠤ ᠦᠶ᠋ᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠵᠡᠷᠭᠡ ᠬᠦᠷᠢᠶ᠎ᠡ ᠴᠠᠷᠠᠭ᠎ᠠ ᠬᠤᠪᠢᠶᠠᠨ ᠨᠡᠭᠦᠷᠡᠰᠦᠲᠥ᠋ᠷᠥᠭ᠌ᠴᠢ ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠬᠡᠷᠡᠭ᠌ᠵᠢᠭᠦᠯᠬᠦ᠌ ᠲᠥᠰᠦᠯ ᠵᠢᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ᠂ ᠡᠨᠧᠷᠭᠢ᠎ᠶ᠋ᠢᠨ ᠪᠠᠲᠤᠯᠠᠭ᠎ᠠ᠂ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠬᠦ ᠴᠢᠳᠠᠪᠤᠷᠢ᠂ ᠡᠳ᠋᠎ᠦᠨ ᠵᠠᠰᠠᠭ ᠮᠥᠩᠭᠥᠨ ᠭᠦᠶ᠋ᠯᠭᠡᠭᠡᠨ᠎ᠦ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠂ ᠪᠠᠷᠢᠮᠵᠢᠶᠠᠲᠤ ᠬᠡᠮᠵᠢᠯᠲᠡ᠎ᠶ᠋ᠢᠨ ᠱᠢᠰᠲ᠋ᠧᠮ᠂ ᠱᠠᠯᠠᠪᠳᠠᠭᠤᠯᠤᠨ ᠪᠠᠢᠴᠠᠭᠠᠵᠤ ᠬᠢᠨᠡᠨ ᠰᠢᠯᠭᠠᠬᠤ ᠵᠡᠷᠭᠡ ᠪᠠᠲᠤᠯᠠᠭ᠎ᠠ᠎ᠶ᠋ᠢᠨ ᠲᠥᠰᠦᠯ ᠪᠠᠭ᠍ᠲᠠᠨ᠎ᠠ᠃
(ᠰᠢᠨᠬᠤᠸᠠ ᠬᠤᠷᠢᠶᠠᠨ᠎ᠤ ᠪᠡᠭᠡᠵᠢᠩ᠎ᠤᠨ 10 ᠰᠠᠷ᠎ᠠ ᠵᠢᠨ 24 ᠤ᠋ ᠴᠠᠬᠢᠯᠭᠠᠨ ᠮᠡᠳᠡᠭᠡ ᠡᠴᠡ)