ᠲᠤᠰᠭᠠᠢ ᠮᠡᠷᠭᠡᠵᠢᠯᠲᠡᠨ᠎ᠦ ᠰᠤᠳᠤᠯᠤᠨ ᠨᠤᠲᠠᠯᠠᠭ᠍ᠰᠠᠨ ᠦᠷ᠎ᠡ ᠳ᠋ᠦᠩ ᠪᠣᠯᠤᠨ
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠶ᠋ᠢ ᠦᠨᠳᠦᠰᠦᠯᠡᠨ᠂ ᠤᠢ᠍ᠢᠷ᠎ᠠ᠎ᠳᠤ ᠲᠦᠷᠦ᠍᠎ᠶ᠋ᠢᠨ
ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠡᠴᠡ ᠱᠢᠨ᠎ᠡ
ᠲᠢᠲᠢᠮᠯᠢᠭ ᠸᠢᠷᠦ᠋ᠰ᠎ᠦᠨ ᠸᠠᠺᠼᠢᠨ᠎ᠤ ᠡᠭᠡᠯᠢᠯᠡᠭᠡ᠎ᠶ᠋ᠢᠨ ᠲᠠᠷᠢᠯᠭ᠎ᠠ᠎ᠶ᠋ᠢ ᠴᠢᠩᠭᠠᠳᠭᠠᠬᠤ ᠠᠵᠢᠯ᠎ᠢ ᠡᠬᠢᠯᠡᠭᠦᠯᠪᠡ᠃
ᠶᠠᠮᠠᠷ ᠬᠥᠮᠦᠰ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠴᠢᠩᠭᠠᠳᠭᠠᠬᠤ ᠲᠠᠷᠢᠯᠭ᠎ᠠ ᠵᠢ ᠲᠠᠷᠢᠬᠤ ᠴᠢᠬᠤᠯᠠᠳᠠᠢ ᠪᠣᠶ? ᠠᠳᠠᠯᠢ ᠪᠤᠰᠤ ᠮᠡᠷᠭᠡᠵᠢᠯ᠎ᠦᠨ ᠱᠤᠭᠤᠮ᠎ᠤᠨ ᠸᠠᠺᠼᠢᠨ᠎ᠢ ᠬᠣᠯᠢᠵᠤ ᠲᠠᠷᠢᠵᠤ ᠪᠣᠯᠤᠨ᠎ᠠ ᠦᠦ?
ᠴᠢᠩᠭᠠᠳᠭᠠᠬᠤ ᠲᠠᠷᠢᠯᠭ᠎ᠠ ᠲᠠᠷᠢᠬᠤ᠎ᠳᠤ ᠶᠠᠮᠠᠷ ᠠᠩᠬᠠᠷᠬᠤ ᠵᠦᠢᠯ ᠪᠠᠢᠬᠤ ᠪᠤᠢ?
ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ
ᠡᠵᠡᠮᠳᠡᠬᠦ᠌ ᠲᠣᠭ᠍ᠲᠠᠴᠠ᠎ᠶ᠋ᠢᠨ ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯᠲᠡᠨ ᠬᠠᠯᠠᠮᠰᠢᠯ ᠠᠰᠠᠭᠤᠳᠠᠯ᠎ᠳᠤ
ᠬᠠᠷᠢᠭᠤᠯᠲᠠ ᠥᠭ᠌ᠪᠡ᠃
ᠶᠠᠭᠤᠨ᠎ᠳᠤ ᠴᠢᠩᠭᠠᠳᠭᠠᠬᠤ ᠲᠠᠷᠢᠯᠭ᠎ᠠ ᠵᠢ ᠲᠠᠷᠢᠬᠤ ᠪᠤᠢ?
ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠪᠥᠬᠥ᠌ ᠶᠠᠪᠤᠴᠠ᠎ᠵᠢᠨ ᠲᠠᠷᠢᠯᠭ᠎ᠠ
ᠲᠠᠷᠢᠬᠰᠡᠨᠦ ᠳᠠᠷᠠᠭ᠎ᠠ ᠶᠠᠭᠤᠨ᠎ᠳᠤ ᠪᠠᠰᠠ ᠴᠢᠩᠭᠠᠳᠭᠠᠬᠤ ᠲᠠᠷᠢᠯᠭ᠎ᠠ ᠲᠠᠷᠢᠬᠤ ᠪᠣᠶ? ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠡᠭᠡᠯᠢᠯᠡᠭᠡ᠎ᠶ᠋ᠢᠨ
ᠲᠥᠯᠥᠪᠵᠢᠭᠦᠯᠭᠡ᠎ᠶ᠋ᠢᠨ ᠲᠡᠷᠢᠬᠦᠨ ᠲᠤᠰᠭᠠᠶ ᠮᠡᠷᠭᠡᠵᠢᠯᠲᠡᠨ ᠸᠠᠩ ᠬᠤᠸᠠ ᠴᠢᠩ᠂ ᠡᠭᠡᠯᠢᠯᠡᠭᠡ᠎ᠶ᠋ᠢᠨ ᠠᠵᠢᠯ᠎ᠢ
ᠴᠢᠩᠭᠠᠳᠭᠠᠬᠤ ᠨᠢ ᠡᠰᠡᠷᠬᠦᠴᠡᠬᠦ ᠪᠡᠶ᠎ᠡ ᠵᠢᠨ ᠴᠢᠳᠠᠪᠤᠷᠢ ᠵᠢᠨ ᠲᠦᠪᠱᠢᠨ᠎ᠢ ᠳᠡᠭᠡᠭ᠌ᠰᠢᠯᠡᠭᠦᠯᠵᠦ᠍᠂ ᠡᠰᠡᠷᠬᠦᠴᠡᠬᠦ
ᠪᠡᠶ᠎ᠡ ᠵᠢᠨ ᠴᠢᠳᠠᠪᠤᠷᠢ ᠵᠢᠨ ᠲᠦᠪᠱᠢᠨ᠎ᠢ ᠲᠦᠷᠭᠡᠨ ᠮᠦᠷᠳᠡᠭᠡᠨ ᠳᠠᠬᠢᠨ ᠨᠡᠮᠡᠭ᠌ᠳᠡᠭᠦᠯᠵᠦ᠍ ᠴᠢᠳᠠᠨ᠎ᠠ ᠭᠡᠵᠤ
ᠲᠠᠨᠢᠯᠴᠠᠭᠤᠯᠪᠠ᠃
《ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠰᠤᠳᠤᠯᠭᠠᠨ᠎ᠤ ᠦᠷ᠎ᠡ ᠳ᠋ᠦᠩ᠎ᠦᠨ ᠵᠠᠳᠠᠯᠤᠯᠲᠠ᠎ᠶ᠋ᠢ
ᠦᠨᠳᠦᠰᠦᠯᠡᠪᠡᠯ᠂ ᠣᠲᠣ ᠸᠠᠺᠼᠢᠨ᠎ᠤ ᠲᠠᠷᠢᠯᠭ᠎ᠠ ᠲᠠᠷᠢᠬᠰᠡᠨᠦ ᠳᠠᠷᠠᠭ᠎ᠠ ᠬᠠᠯᠳᠠᠪᠤᠷᠢᠯᠠᠯ᠎ᠢ ᠤᠷᠢᠳᠴᠢᠯᠠᠨ ᠰᠡᠷᠭᠡᠢᠯᠡᠵᠦ᠍᠂
ᠢᠯᠠᠩᠭᠤᠶ᠎ᠠ ᠬᠦᠨᠳᠦ ᠡᠪᠡᠳᠴᠢᠨ ᠪᠠ ᠦᠬᠦᠯᠢ ᠤᠷᠢᠳᠴᠢᠯᠠᠨ ᠰᠡᠷᠭᠡᠢᠯᠡᠬᠦ ᠲᠠᠯ᠎ᠠ ᠪᠡᠷ ᠦᠷ᠎ᠡ ᠪᠦᠳᠦᠮᠵᠢ ᠨᠡᠯᠢᠶᠡᠳ
ᠰᠠᠢᠨ ᠪᠠᠢᠳᠠᠭ》᠃ ᠸᠠᠩ ᠬᠤᠸᠠ ᠴᠢᠩ᠂ ᠪᠥᠬᠥ᠌ ᠶᠠᠪᠤᠴᠠ᠎ᠶ᠋ᠢᠨ ᠡᠭᠡᠯᠢᠯᠡᠭᠡ᠎ᠶ᠋ᠢᠨ
ᠲᠠᠷᠢᠯᠭ᠎ᠠ ᠲᠠᠷᠢᠬᠰᠡᠨᠦ ᠳᠠᠷᠠᠭᠠᠬᠢ ᠬᠠᠯᠳᠠᠪᠤᠷᠢᠯᠠᠯ᠎ᠤᠨ ᠲᠦᠭ᠌ᠰᠢᠭᠦᠷᠢ᠎ᠶ᠋ᠢ ᠸᠠᠺᠼᠢᠨ᠎ᠤ ᠲᠠᠷᠢᠯᠭ᠎ᠠ ᠥᠬᠡᠶ
ᠬᠠᠯᠳᠠᠪᠤᠷᠢᠯᠠᠯ᠎ᠤᠨ ᠲᠦᠭ᠌ᠰᠢᠭᠦᠷᠢᠲᠡᠶ ᠬᠠᠷᠢᠴᠠᠭᠤᠯᠪᠠᠯ ᠶᠡᠬᠡᠪᠡᠷ ᠪᠠᠭᠤᠷᠠᠵᠠᠶ ᠭᠡᠵᠤ ᠢᠯᠡᠳᠭᠡᠪᠡ᠃
ᠭᠡᠪᠡᠴᠦ᠍᠂ ᠰᠤᠳᠤᠯᠭᠠᠨ᠎ᠳᠤ ᠬᠠᠷᠠᠭᠤᠯᠤᠬᠰᠡᠨ᠎ᠢᠶᠡᠷ᠂ ᠸᠠᠺᠼᠢᠨ᠎ᠤ ᠲᠠᠷᠢᠯᠭ᠎ᠠ
ᠲᠠᠷᠢᠬᠤ ᠴᠠᠭ᠎ᠤᠨ ᠥᠩᠭᠡᠷᠡᠬᠦ᠌᠎ᠶ᠋ᠢ ᠳᠠᠭᠠᠯᠳᠤᠨ᠂ ᠲᠠᠷᠢᠯᠭ᠎ᠠ ᠲᠠᠷᠢᠬᠰᠡᠳᠤᠨ ᠰᠠᠭᠠᠷᠮᠠᠭ᠍ᠵᠢᠭ᠍ᠰᠠᠨ ᠡᠰᠡᠷᠬᠦᠴᠡᠬᠦ
ᠪᠡᠶ᠎ᠡ ᠵᠢᠨ ᠴᠢᠳᠠᠪᠤᠷᠢ ᠵᠢᠨ ᠲᠦᠪᠱᠢᠨ ᠪᠠᠭᠤᠷᠠᠵᠤ᠂ ᠬᠠᠮᠠᠭᠠᠯᠠᠯᠲᠠ᠎ᠶ᠋ᠢᠨ ᠦᠷ᠎ᠡ ᠪᠦᠲᠦᠮᠵᠢ ᠪᠠᠭᠤᠷᠠᠵᠤ ᠪᠠᠢᠨ᠎ᠠ᠃
ᠸᠠᠩ ᠬᠤᠸᠠ ᠴᠢᠩ᠂ ᠡᠢᠮᠦᠷᠬᠦᠤ ᠪᠠᠢᠳᠠᠯ ᠳᠤᠤᠷ᠎ᠠ ᠸᠠᠺᠼᠢᠨ᠎ᠤ ᠲᠠᠷᠢᠯᠭ᠎ᠠ᠎ᠶ᠋ᠢ ᠨᠡᠮᠡᠭ᠌ᠳᠡᠭᠦᠯᠬᠦ᠌ ᠪᠣᠯ ᠡᠭᠡᠯᠢᠯᠡᠭᠡ᠎ᠶ᠋ᠢᠨ
ᠲᠦᠪᠱᠢᠨ᠎ᠢ ᠳᠡᠭᠡᠭ᠌ᠰᠢᠯᠡᠭᠦᠯᠵᠦ᠍᠂ ᠬᠠᠮᠠᠭᠠᠯᠠᠯᠲᠠ᠎ᠶ᠋ᠢᠨ ᠴᠢᠨᠠᠷ᠎ᠢ ᠨᠡᠮᠡᠭ᠌ᠳᠡᠭᠦᠯᠬᠦ᠌ ᠨᠢᠭᠡ ᠵᠦᠶ᠋ᠯ᠎ᠦᠨ
ᠠᠷᠭ᠎ᠠ ᠬᠡᠮᠵᠢᠶ᠎ᠡ ᠮᠥᠨ ᠭᠡᠵᠤ ᠢᠯᠡᠳᠭᠡᠪᠡ᠃
ᠶᠠᠮᠠᠷ ᠬᠥᠮᠦᠰ ᠴᠢᠩᠭᠠᠳᠭᠠᠬᠤ ᠲᠠᠷᠢᠯᠭ᠎ᠠ ᠲᠠᠷᠢᠬᠤ ᠪᠤᠢ?
ᠲᠠᠷᠢᠯᠭ᠎ᠠ᠎ᠶ᠋ᠢ ᠴᠢᠩᠭᠠᠳᠭᠠᠬᠤ ᠨᠢ ᠪᠦᠬᠦ᠌ ᠬᠥᠮᠦᠰ᠎ᠲᠦ ᠬᠠᠨᠳᠤᠭᠤᠯᠤᠭ᠍ᠰᠠᠨᠤᠤ? ᠲᠤᠰᠭᠠᠶ ᠮᠡᠷᠭᠡᠵᠢᠯᠲᠡᠨ᠂ ᠣᠳᠣᠬᠠᠨ᠎ᠳᠤ ᠭᠤᠤᠯᠳᠠᠯᠭ᠎ᠠ᠎ᠲᠠᠶ ᠬᠥᠮᠦᠰ᠎ᠦᠨ ᠡᠭᠡᠯᠢᠯᠡᠭᠡ᠎ᠶ᠋ᠢᠨ
ᠠᠵᠢᠯ᠎ᠢ ᠴᠢᠩᠭᠠᠳᠭᠠᠵᠤ ᠪᠠᠢᠨ᠎ᠠ᠂ ᠲᠠᠷᠠᠭᠠᠴᠢ᠎ᠶ᠋ᠢᠨ ᠠᠯᠬᠤᠮ᠎ᠳᠤ ᠬᠡᠪᠴᠢᠶ᠎ᠡ᠎ᠪᠡᠨ ᠥᠷᠭᠡᠳᠭᠡᠬᠦ᠌ ᠡᠰᠡᠬᠦ᠌᠎ᠶ᠋ᠢ
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ ᠪᠣᠯᠤᠨ ᠬᠤᠯᠪᠤᠬᠳᠠᠯ ᠪᠥᠬᠥᠶ ᠰᠤᠳᠤᠯᠭᠠᠨ᠎ᠤ
ᠦᠷ᠎ᠡ ᠳ᠋ᠦᠩ᠎ᠢ ᠦᠨᠳᠦᠰᠦᠯᠡᠨ ᠶᠡᠷᠦᠩᠬᠡᠢᠯᠡᠨ ᠰᠤᠳᠤᠯᠤᠨ ᠮᠠᠭᠠᠳᠯᠠᠬᠤ ᠪᠣᠯᠤᠨ᠎ᠠ ᠭᠡᠵᠤ ᠢᠯᠡᠳᠭᠡᠪᠡ᠃
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠪᠡᠳᠴᠢᠨ
ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶ᠋ᠢᠨ ᠳᠡᠳ᠋ ᠳᠠᠷᠤᠭ᠎ᠠ ᠦ᠋ ᠯᠢᠶᠠᠩ ᠶᠢᠦ᠂ ᠬᠢᠲᠠᠳ ᠡᠮ᠎ᠦᠨ
ᠵᠦᠩ ᠱᠧᠩ᠎ᠤᠨ ᠪᠡᠭᠡᠵᠢᠩ᠎ᠳᠡᠬᠢ ᠺᠣᠮᠫᠠᠨᠢ᠂ ᠪᠡᠭᠡᠵᠢᠩ᠎ᠦᠨ ᠺᠧ ᠱᠢᠩ ᠺᠣᠮᠫᠠᠨᠢ᠂ ᠬᠢᠲᠠᠳ ᠡᠮ᠎ᠦᠨ ᠵᠦᠩ ᠱᠧᠩ᠎ᠤᠨ
ᠦᠬᠠᠨ᠎ᠳᠠᠬᠢ ᠺᠣᠮᠫᠠᠨᠢ᠎ᠶ᠋ᠢᠨ ᠢᠳᠡᠪᠬᠢ ᠥᠬᠡᠢᠳᠡᠭᠦᠯᠬᠦ᠌ ᠸᠠᠺᠼᠢᠨ ᠪᠣᠯᠤᠨ ᠲᠢᠶᠠᠨᠵᠢᠨ᠎ᠤ ᠺᠠᠩ ᠰᠢ ᠨᠦᠧᠧ ᠺᠣᠮᠫᠠᠨᠢ᠎ᠶ᠋ᠢᠨ
ᠪᠤᠯᠴᠢᠷᠬᠠᠶ᠎ᠶ᠋ᠢᠨ ᠸᠢᠷᠦ᠋ᠰ᠎ᠦᠨ ᠠᠴᠢᠶᠠᠯᠠᠪᠤᠷᠢ᠎ᠶ᠋ᠢᠨ ᠸᠠᠺᠼᠢᠨ᠎ᠢ ᠪᠥᠬᠥ᠌ ᠶᠠᠪᠤᠴᠠ᠎ᠳᠤ 6 ᠰᠠᠷ᠎ᠠ
ᠳᠠᠷᠢᠭ᠍ᠰᠠᠨ 18
ᠨᠠᠰᠤ
ᠵᠢᠴᠢ ᠲᠡᠭᠦᠨ᠎ᠡᠴᠡ ᠳᠡᠭᠡᠭ᠌ᠰᠢᠬᠢ ᠬᠥᠮᠦᠰ᠎ᠲᠦ ᠨᠢᠭᠡ ᠤᠳᠠᠭ᠎ᠠ᠎ᠵᠢᠨ ᠡᠭᠡᠯᠢᠯᠡᠭᠡ᠎ᠶ᠋ᠢᠨ ᠲᠠᠷᠢᠯᠭ᠎ᠠ ᠬᠢᠵᠦ᠍
ᠪᠣᠯᠤᠨ᠎ᠠ ᠭᠡᠵᠤ ᠲᠠᠨᠢᠯᠴᠠᠭᠤᠯᠵᠠᠢ᠃
ᠲᠡᠷᠡ᠂ ᠡᠭᠡᠯᠢᠯᠡᠭᠡ᠎ᠶ᠋ᠢᠨ ᠲᠠᠷᠢᠯᠭ᠎ᠠ᠎ᠶ᠋ᠢ ᠴᠢᠩᠭᠠᠳᠭᠠᠬᠤ᠎ᠶ᠋ᠢ ᠣᠳᠣᠬᠠᠨ᠎ᠳᠤ
ᠬᠠᠯᠳᠠᠪᠤᠷᠢᠯᠠᠬᠳᠠᠬᠤ ᠠᠶᠤᠯ ᠲᠦᠭ᠌ᠰᠢᠭᠦᠷᠢ ᠶᠡᠬᠡᠲᠡᠶ ᠬᠥᠮᠦᠰ ᠪᠠ ᠨᠡᠢᠭᠡᠮ᠎ᠦᠨ ᠦᠨᠳᠦᠰᠦᠨ ᠠᠵᠢᠯᠯᠠᠭ᠎ᠠ᠎ᠨᠢ
ᠪᠠᠲᠤᠯᠠᠬᠤ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢᠨ ᠬᠥᠮᠦᠰ᠎ᠦᠨ ᠳᠤᠮᠳᠠ ᠤᠷᠢᠳ᠎ᠢᠶᠠᠷ ᠥᠷᠨᠢᠭᠦᠯᠦᠨ᠎ᠡ᠃
ᠡᠭᠦᠨ᠎ᠦ ᠵᠡᠷᠭᠡ ᠪᠡᠷ᠂ ᠡᠯ᠎ᠡ ᠭᠠᠵᠠᠷ᠎ᠤᠨ᠎ᠬᠢᠨ ᠬᠢᠯᠢ᠎ᠶ᠋ᠢᠨ ᠪᠣᠭᠣᠮᠲᠠ᠂ ᠬᠢᠯᠢ ᠬᠢᠵᠠᠭᠠᠷ᠂ ᠴᠢᠬᠤᠯᠠ ᠶᠡᠬᠡ
ᠠᠵᠢᠯᠯᠠᠭ᠎ᠠ ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ ᠪᠣᠯᠤᠨ 60 ᠨᠠᠰᠤ
ᠵᠢᠴᠢ ᠲᠡᠭᠦᠨ᠎ᠡᠴᠡ ᠳᠡᠭᠡᠭ᠌ᠰᠢᠬᠢ ᠵᠡᠷᠭᠡ ᠬᠠᠯᠳᠠᠪᠤᠷᠢᠯᠠᠭ᠍ᠰᠠᠨ᠎ᠤ ᠳᠠᠷᠠᠭ᠎ᠠ ᠬᠦᠨᠳᠦ ᠡᠪᠡᠳᠴᠢᠨ᠎ᠦ ᠠᠶᠤᠯ
ᠲᠦᠭ᠌ᠰᠢᠭᠦᠷᠢ᠎ᠶ᠋ᠢ ᠶᠡᠬᠡ ᠪᠣᠯᠭᠠᠭ᠍ᠰᠠᠨ ᠠᠶᠤᠯ ᠲᠦᠭ᠌ᠰᠢᠭᠦᠷᠢ ᠶᠡᠬᠡᠲᠡᠶ ᠬᠥᠮᠦᠰ ᠵᠡᠷᠭᠡ ᠬᠦᠴᠦᠨ ᠵᠦᠶ᠋ᠯ᠎ᠢ
ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠡᠭᠡᠯᠢᠯᠡᠭᠡ᠎ᠶ᠋ᠢᠨ ᠲᠠᠷᠢᠯᠭ᠎ᠠ ᠲᠠᠷᠢᠬᠤ᠎ᠶ᠋ᠢ ᠴᠢᠩᠭᠠᠳᠭᠠᠬᠤ
ᠬᠥᠮᠦᠰ᠎ᠦᠨ ᠬᠡᠪᠴᠢᠶ᠎ᠡ᠎ᠶ᠋ᠢ ᠥᠷᠭᠡᠳᠭᠡᠬᠦ᠌ ᠬᠡᠷᠡᠭ᠌ᠲᠡᠶ᠃ ᠨᠥᠬᠥᠴᠡᠯ᠎ᠳᠦ ᠨᠡᠢᠴᠡᠬᠦ᠌ ᠪᠥᠭᠡᠳ ᠲᠠᠷᠢᠯᠭ᠎ᠠ ᠲᠠᠷᠢᠬᠤ
ᠬᠡᠷᠡᠭ᠌ᠴᠡᠭᠡ᠎ᠲᠡᠶ ᠪᠤᠰᠤᠳ ᠬᠥᠮᠦᠰ᠎ᠲᠦ ᠴᠦ᠍ ᠡᠭᠡᠯᠢᠯᠡᠭᠡ᠎ᠶ᠋ᠢᠨ ᠲᠠᠷᠢᠯᠭ᠎ᠠ᠎ᠶ᠋ᠢ ᠴᠢᠩᠭᠠᠳᠭᠠᠬᠤ ᠦᠶ᠋ᠯᠡᠴᠢᠯᠡᠭᠡ
ᠬᠠᠩᠭᠠᠨ᠎ᠠ ᠭᠡᠵᠤ ᠢᠯᠡᠳᠭᠡᠪᠡ᠃
ᠠᠳᠠᠯᠢ ᠪᠤᠰᠤ ᠮᠡᠷᠭᠡᠵᠢᠯ᠎ᠦᠨ ᠱᠤᠭᠤᠮ᠎ᠤᠨ ᠸᠠᠺᠼᠢᠨ᠎ᠢ ᠬᠣᠯᠢᠯᠳᠤᠭᠤᠯᠤᠨ ᠲᠠᠷᠢᠵᠤ
ᠪᠣᠯᠤᠨ᠎ᠠ ᠦᠦ?
ᠴᠢᠩᠭᠠᠳᠭᠠᠬᠤ ᠲᠠᠷᠢᠯᠭ᠎ᠠ ᠪᠠ ᠡᠮᠦᠨ᠎ᠡ ᠲᠠᠷᠢᠭ᠍ᠰᠠᠨ ᠲᠠᠷᠢᠯᠭ᠎ᠠ ᠨᠢ ᠠᠳᠠᠯᠢ
ᠪᠤᠰᠤ ᠮᠡᠷᠭᠡᠵᠢᠯ᠎ᠦᠨ ᠱᠤᠭᠤᠮ᠎ᠤᠨ ᠸᠠᠺᠼᠢᠨ ᠪᠠᠢᠵᠤ ᠪᠤᠯᠬᠤ ᠦᠦ? ᠲᠤᠰᠭᠠᠶ ᠮᠡᠷᠭᠡᠵᠢᠯᠲᠡᠨ᠂
ᠠᠳᠠᠯᠢ ᠮᠡᠷᠭᠡᠵᠢᠯ᠎ᠦᠨ ᠵᠠᠮ ᠱᠤᠭᠤᠮ᠎ᠤᠨ ᠸᠠᠺᠼᠢᠨ᠎ᠤ ᠦᠶ᠋ᠯᠡᠳᠬᠦᠨ᠎ᠢ ᠰᠣᠩᠭᠣᠵᠤ ᠴᠠᠷᠤᠯᠲᠠ᠎ᠪᠠᠨ ᠴᠢᠩᠭᠠᠳᠭᠠᠪᠡᠯ
ᠵᠤᠬᠢᠨ᠎ᠠ ᠭᠡᠵᠤ ᠰᠠᠨᠠᠭᠤᠯᠪᠠ᠃
ᠸᠠᠩ ᠬᠤᠸᠠ ᠴᠢᠩ᠂ ᠠᠳᠠᠯᠢ ᠪᠤᠰᠤ ᠮᠡᠷᠭᠡᠵᠢᠯ᠎ᠦᠨ ᠱᠤᠭᠤᠮ᠂ ᠲᠤᠬᠠᠢᠯᠠᠪᠠᠯ ᠤᠨᠳᠤᠤ
ᠡᠭᠦᠰᠦᠯᠳᠦ ᠸᠠᠺᠼᠢᠨ᠎ᠤ ᠲᠠᠷᠢᠯᠭ᠎ᠠ ᠲᠠᠷᠢᠬᠤ ᠠᠰᠠᠭᠤᠳᠠᠯ᠎ᠤᠨ ᠲᠤᠬᠠᠶ ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯᠲᠡᠨ
ᠬᠣᠢᠱᠢᠳᠠ ᠬᠣᠯᠪᠣᠭ᠍ᠳᠠᠯ ᠪᠥᠬᠥᠶ ᠠᠵᠤ ᠠᠬᠤᠢᠯᠠᠯ᠎ᠤᠨ ᠰᠤᠳᠤᠯᠭᠠᠨ᠎ᠤ ᠦᠷ᠎ᠡ ᠳ᠋ᠦᠩ᠎ᠢ ᠦᠨᠳᠦᠰᠦᠯᠡᠨ ᠨᠤᠲᠠᠯᠠᠯᠲᠠ
ᠬᠢᠬᠦ᠌ ᠪᠣᠯᠤᠨ᠎ᠠ ᠭᠡᠵᠤ ᠲᠠᠨᠢᠯᠴᠠᠭᠤᠯᠪᠠ᠃
《ᠮᠠᠨ᠎ᠤ ᠤᠯᠤᠰ᠎ᠤᠨ ᠣᠳᠣᠬᠠᠨ᠎ᠤ ᠬᠡᠷᠡᠭ᠌ᠵᠢᠭᠦᠯᠵᠦ᠍ ᠪᠠᠢᠭ᠎ᠠ ᠡᠭᠡᠯᠢᠯᠡᠭᠡ᠎ᠶ᠋ᠢᠨ ᠲᠠᠷᠢᠯᠭ᠎ᠠ᠎ᠶ᠋ᠢ
ᠴᠢᠩᠭᠠᠳᠭᠠᠬᠤ ᠠᠷᠭ᠎ᠠ ᠪᠣᠳᠣᠯᠭ᠎ᠠ ᠪᠣᠯ ᠠᠳᠠᠯᠢ ᠭᠠᠷᠤᠯ᠎ᠲᠠᠶ ᠸᠠᠺᠼᠢᠨ᠎ᠤ ᠲᠠᠷᠢᠯᠭ᠎ᠠ ᠪᠣᠯᠤᠨ᠎ᠠ᠂ ᠲᠤᠬᠠᠢᠯᠠᠪᠠᠯ
ᠢᠳᠡᠪᠬᠢ ᠥᠬᠡᠢᠳᠡᠭᠦᠯᠬᠦ᠌ ᠸᠠᠺᠼᠢᠨ᠎ᠤ ᠪᠥᠬᠥ᠌ ᠶᠠᠪᠤᠴᠠ ᠵᠢᠨ ᠡᠭᠡᠯᠢᠯᠡᠭᠡ᠎ᠶ᠋ᠢᠨ ᠲᠠᠷᠢᠯᠭ᠎ᠠ᠎ᠶ᠋ᠢ ᠪᠡᠶᠡᠯᠡᠭᠦᠯᠦᠭ᠌ᠰᠡᠨ
ᠪᠤᠯ ᠮᠦᠨ ᠬᠦ᠌ ᠢᠳᠡᠪᠬᠢ ᠥᠬᠡᠢᠳᠡᠭᠦᠯᠬᠦ᠌ ᠸᠠᠺᠼᠢᠨ᠎ᠤ ᠴᠢᠩᠭᠠᠳᠬᠠᠬᠤ ᠲᠠᠷᠢᠯᠭ᠎ᠠ ᠵᠢ ᠲᠠᠷᠢᠵᠤ᠂ ᠪᠤᠯᠴᠢᠷᠬᠠᠶ᠎ᠶ᠋ᠢᠨ
ᠸᠢᠷᠦ᠋ᠰ᠎ᠦᠨ ᠠᠴᠢᠶᠠᠯᠠᠪᠤᠷᠢ᠎ᠶ᠋ᠢᠨ ᠸᠠᠺᠼᠢᠨ᠎ᠤ ᠪᠥᠬᠥ᠌ ᠶᠠᠪᠤᠴᠠ ᠵᠢᠨ ᠡᠭᠡᠯᠢᠯᠡᠭᠡ᠎ᠶ᠋ᠢᠨ ᠲᠠᠷᠢᠯᠭ᠎ᠠ᠎ᠶ᠋ᠢ
ᠪᠡᠶᠡᠯᠡᠭᠦᠯᠦᠭ᠌ᠰᠡᠨ ᠪᠤᠯ ᠮᠦᠨ ᠬᠦ᠌ ᠪᠤᠯᠴᠢᠷᠬᠠᠶ᠎ᠶ᠋ᠢᠨ ᠸᠢᠷᠦ᠋ᠰ᠎ᠦᠨ ᠠᠴᠢᠶᠠᠯᠠᠪᠤᠷᠢ᠎ᠶ᠋ᠢᠨ ᠸᠠᠺᠼᠢᠨ᠎ᠢ ᠬᠡᠷᠡᠭ᠌ᠯᠡᠬᠦ᠌
ᠴᠢᠬᠤᠯᠠᠳᠠᠢ》ᠭᠡᠵᠦ᠍ ᠸᠠᠩ ᠬᠤᠸᠠ ᠴᠢᠩ ᠲᠠᠨᠢᠯᠴᠠᠭᠤᠯᠪᠠ᠃
ᠴᠢᠩᠭᠠᠳᠭᠠᠬᠤ ᠲᠠᠷᠢᠯᠭ᠎ᠠ ᠵᠢ ᠲᠠᠷᠢᠬᠤ᠎ᠳᠤ ᠶᠠᠮᠠᠷ ᠠᠩᠬᠠᠷᠬᠤ ᠵᠦᠢᠯ ᠪᠠᠢᠬᠤ
ᠪᠤᠢ?
ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ᠎ᠤ ᠴᠢᠩᠭᠠᠳᠬᠠᠬᠤ ᠲᠠᠷᠢᠯᠭ᠎ᠠ ᠵᠢᠨ
ᠠᠮᠤᠷ ᠲᠦᠪᠰᠢᠨ ᠴᠢᠨᠠᠷ ᠨᠢ ᠬᠢᠷᠢ ᠵᠡᠷᠭᠡ ᠪᠣᠶ? ᠶᠠᠮᠠᠷ ᠶᠠᠮᠠᠷ ᠠᠩᠬᠠᠷᠬᠤ
ᠵᠦᠶ᠋ᠯ ᠪᠠᠢᠬᠤ ᠪᠣᠶ?
ᠸᠠᠩ ᠬᠤᠸᠠ ᠴᠢᠩ᠂ ᠰᠤᠳᠤᠯᠭᠠᠨ᠎ᠤ ᠦᠷ᠎ᠡ ᠳ᠋ᠦᠩ᠎ᠡᠴᠡ ᠦᠵᠡᠪᠡᠯ᠂ ᠱᠢᠨ᠎ᠡ ᠲᠢᠲᠢᠮᠯᠢᠭ
ᠸᠢᠷᠦ᠋ᠰ᠎ᠦᠨ ᠸᠠᠺᠼᠢᠨ᠎ᠤ ᠴᠢᠩᠭᠠᠳᠭᠠᠬᠤ ᠲᠠᠷᠢᠯᠭ᠎ᠠ᠎ᠶ᠋ᠢᠨ ᠮᠠᠭᠤ ᠲᠤᠰᠬᠠᠯ ᠭᠠᠷᠬᠤ ᠲᠦᠪᠱᠢᠨ᠎ᠨᠢ ᠥᠩᠭᠡᠷᠡᠭ᠌ᠰᠡᠨ᠎ᠦ
ᠲᠠᠷᠢᠯᠭ᠎ᠠ᠎ᠶ᠋ᠢᠨ ᠮᠠᠭᠤ ᠲᠤᠰᠬᠠᠯ ᠭᠠᠷᠤᠬᠰᠠᠨ ᠲᠦᠪᠱᠢᠨ᠎ᠡᠴᠡ ᠳᠠᠪᠠᠭ᠍ᠰᠠᠨ ᠥᠬᠡᠶ ᠭᠡᠵᠤ ᠲᠠᠨᠢᠯᠴᠠᠭᠤᠯᠵᠠᠢ᠃
ᠠᠩᠬᠠᠷᠬᠤ ᠵᠦᠶ᠋ᠯᠡᠰ᠎ᠦᠨ ᠲᠤᠬᠠᠶ᠂ ᠸᠠᠩ ᠬᠤᠸᠠ ᠴᠢᠩ᠂ ᠤᠤᠯ ᠨᠢ ᠢᠳᠡᠪᠬᠢ ᠥᠬᠡᠢᠳᠡᠭᠦᠯᠦᠭ᠌ᠰᠡᠨ
ᠸᠠᠺᠼᠢᠨ ᠪᠤᠶᠤ ᠪᠤᠯᠴᠢᠷᠬᠠᠶ᠎ᠶ᠋ᠢᠨ ᠸᠢᠷᠦ᠋ᠰ᠎ᠦᠨ ᠠᠴᠢᠶᠠᠯᠠᠪᠤᠷᠢ᠎ᠶ᠋ᠢᠨ ᠸᠠᠺᠼᠢᠨ᠎ᠢ ᠰᠣᠩᠭᠣᠵᠤ ᠲᠦᠷᠭᠡᠨ ᠴᠢᠨᠠᠷᠲᠠᠶ
ᠬᠠᠷᠱᠢᠮᠠᠲᠠᠭᠠᠶ ᠲᠤᠰᠬᠠᠯ ᠭᠠᠷᠪᠠᠯ᠂ ᠬᠣᠢᠨ᠎ᠠ ᠨᠢ ᠴᠡᠭᠡᠷ ᠪᠣᠯᠭᠠᠵᠤ ᠲᠠᠷᠢᠯᠭ᠎ᠠ ᠬᠢᠵᠦ᠍ ᠪᠣᠯᠬᠤ ᠥᠬᠡᠶ᠃ ᠸᠠᠺᠼᠢᠨ᠎ᠤ
ᠲᠠᠷᠢᠯᠭ᠎ᠠ ᠲᠠᠷᠢᠬᠰᠡᠨᠦ ᠳᠠᠷᠠᠭ᠎ᠠ ᠲᠤᠬᠠᠶ᠎ᠶ᠋ᠢᠨ ᠲᠠᠯᠠᠪᠠᠶ᠎ᠳᠤ 30 ᠮᠢᠨᠦ᠋ᠲ
ᠦᠯᠡᠳᠡᠭᠡᠨ ᠠᠵᠢᠭ᠍ᠯᠠᠵᠤ᠂ ᠲᠠᠷᠢᠯᠭ᠎ᠠ ᠲᠠᠷᠢᠬᠰᠡᠨᠦ ᠳᠠᠷᠠᠭ᠎ᠠ ᠭᠠᠷᠴᠤ᠌ ᠮᠡᠳᠡᠬᠦ᠌ ᠠᠶᠤᠯ ᠲᠦᠭ᠌ᠰᠢᠭᠦᠷᠢ᠎ᠶ᠋ᠢ
ᠦᠨᠡᠯᠡᠨ ᠵᠢᠱ᠌ᠢᠨ᠎ᠡ᠃ ᠡᠭᠦᠨ᠎ᠡᠴᠡ ᠭᠠᠳᠠᠨ᠎ᠠ᠂ ᠸᠠᠺᠼᠢᠨ᠎ᠤ ᠲᠠᠷᠢᠯᠭ᠎ᠠ ᠲᠠᠷᠢᠬᠰᠡᠨᠦ ᠳᠠᠷᠠᠭ᠎ᠠ ᠱᠢᠷᠦᠭᠦᠨ
ᠬᠥᠳᠡᠯᠭᠡᠭᠡᠨ ᠬᠢᠬᠦ᠌᠎ᠡᠴᠡ ᠵᠠᠢᠯᠠᠰᠭᠢᠵᠦ᠍᠂ ᠨᠠᠮᠵᠢᠭᠤᠨ ᠲᠣᠭ᠍ᠲᠠᠭᠤᠨ ᠪᠠᠢᠳᠠᠯ᠎ᠢᠶᠠᠨ ᠪᠠᠲᠤᠯᠠᠬᠤ ᠬᠡᠷᠡᠭ᠌ᠲᠡᠶ
ᠭᠡᠵᠤ ᠰᠠᠨᠠᠭᠤᠯᠪᠠ᠃
《ᠸᠠᠺᠼᠢᠨ ᠳᠠᠷᠢᠬᠤ᠎ᠳᠤ ᠵᠠᠷᠢᠮ ᠮᠠᠭᠤ ᠲᠤᠰᠭᠠᠯ ᠭᠠᠷᠳᠠᠭ᠂ ᠭᠤᠷᠪᠠᠳᠤᠭᠠᠷ ᠤᠳᠠᠭ᠎ᠠ ᠳᠠᠷᠢᠬᠤ᠎ᠳᠤ
ᠬᠠᠯᠠᠭᠤᠷᠠᠬᠤ᠂ ᠲᠣᠯᠣᠭᠠᠶ ᠡᠪᠡᠳᠬᠦ᠌᠂ ᠶᠠᠳᠠᠷᠠᠬᠤ ᠪᠠᠢᠳᠠᠯ ᠭᠠᠷᠴᠤ᠌ ᠮᠡᠳᠡᠨ᠎ᠡ》᠃ ᠸᠠᠩ ᠬᠤᠸᠠ ᠴᠢᠩ᠂ ᠡᠲᠡᠭᠡᠷ ᠨᠢ ᠴᠥᠮ ᠡᠩ᠎ᠦᠨ ᠲᠤᠰᠭᠠᠯ᠎ᠳᠤ ᠲᠣᠭᠠᠴᠠᠭ᠍ᠳᠠᠨᠠ᠂ ᠲᠤᠰᠭᠠᠶ
ᠡᠮᠴᠢᠯᠡᠭᠡ ᠬᠢᠬᠦ᠌ ᠴᠢᠬᠤᠯᠠ ᠥᠬᠡᠶ᠂ ᠭᠡᠪᠡᠴᠦ᠍ ᠡᠪᠡᠳᠴᠢᠨ᠎ᠦ ᠢᠯᠡᠷᠡᠯ ᠨᠢ ᠦᠷᠭᠦᠯᠵᠢᠯᠡᠵᠤ ᠨᠡᠯᠢᠶᠡᠳ ᠬᠦᠨᠳᠦ
ᠪᠤᠯᠬᠤ ᠳ᠋ᠦ ᠬᠦᠷᠪᠡᠯ ᠴᠠᠭ ᠲᠤᠬᠠᠶ᠎ᠳᠤᠨᠢ ᠡᠮᠨᠡᠭᠦᠯᠬᠦ᠌ ᠬᠡᠷᠡᠭ᠌ᠲᠡᠶ ᠭᠡᠵᠤ ᠢᠯᠡᠳᠭᠡᠪᠡ᠃
(ᠱᠢᠨᠬᠤᠸᠠ ᠬᠣᠷᠢᠶᠠᠨ᠎ᠤ ᠪᠡᠭᠡᠵᠢᠩ᠎ᠦᠨ 10 ᠰᠠᠷ᠎ᠠ᠎ᠶ᠋ᠢᠨ 26 ᠤ᠋ ᠴᠠᠬᠢᠯᠭᠠᠨ ᠮᠡᠳᠡᠭᠡ )