ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ
ᠭᠡᠱᠢᠭᠦᠨ ᠪᠤᠭᠤᠲᠤ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ
ᠮᠸᠩ ᠹᠠᠨ ᠯᠢ
ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠡᠴᠡ ᠱᠢᠨ᠎ᠡ ᠴᠠᠭ ᠦᠶ᠎ᠡ᠎ᠶ᠋ᠢᠨ
ᠨᠠᠮ᠎ᠤᠨ ᠦᠨᠳᠦᠰᠦᠲᠡᠨ᠎ᠦ ᠠᠵᠢᠯ᠎ᠤᠨ ᠦᠨᠳᠦᠰᠦᠨ ᠪᠣᠳᠣᠯᠭ᠎ᠠ ᠴᠢᠭ᠌ᠯᠡᠯᠲᠡ᠎ᠶ᠋ᠢ ᠲᠣᠳᠣᠷᠬᠠᠢᠯᠠᠵᠤ᠂ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ ᠡᠴᠡ ᠶᠡᠷᠦᠩᠬᠡᠶ ᠱᠦᠵᠢ ᠰᠢ᠎ᠶ᠋ᠢᠨ
ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠨᠠᠷᠢᠨ
ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ
ᠨᠠᠢᠳᠠᠪᠤᠷᠢᠵᠢᠭᠤᠯᠬᠤ ᠢ᠋ᠢᠨ ᠲᠣᠭᠣᠷᠢᠨ᠎ᠳᠤ ᠪᠥᠬᠥ᠌ ᠣᠷᠣᠨ᠎ᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ
ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠤᠤᠯᠳᠠᠯᠭ᠎ᠠ᠎ᠲᠠᠶ ᠡᠭᠦᠷᠭᠡ ᠪᠣᠯᠤᠨ ᠪᠣᠳᠠᠲᠠᠶ
ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ ᠪᠢᠳᠡ ᠡᠷᠬᠡᠪᠰᠢ ᠭᠦᠨᠵᠡᠭᠡᠢ ᠰᠤᠷᠤᠯᠴᠠᠨ ᠣᠢᠯᠠᠭᠠᠵᠤ᠂ ᠣᠨᠣᠪᠴᠢᠲᠠᠢ
ᠡᠵᠡᠮᠳᠡᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ
ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢ
ᠱᠢᠢᠳᠪᠦᠷᠢᠯᠡᠬᠦ᠌ ᠵᠥᠪ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ᠋ ᠡᠷᠬᠢᠮ ᠳᠡᠭᠡᠳᠦ
ᠢᠷᠠᠭᠤ ᠠᠯᠳᠠᠷ᠎ᠢ ᠰᠡᠳᠭᠢᠯ ᠲᠠᠯᠪᠢᠨ ᠰᠠᠢᠲᠤᠷ ᠬᠠᠮᠠᠭᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ
ᠡᠭᠡᠨᠡᠭᠳᠡ ᠮᠢᠷᠠᠯᠵᠠᠨ ᠳᠡᠯᠭᠡᠷᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠡᠭᠦᠷᠢᠳᠡ
ᠪᠠᠲᠤᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠲᠦᠷᠪᠡᠨ ᠤᠬᠠᠮᠰᠠᠷ》᠂《ᠲᠦᠷᠪᠡᠨ ᠢᠲᠡᠭᠡᠯ》᠂《ᠬᠣᠶᠠᠷ᠎ᠢ ᠬᠠᠮᠠᠭᠠᠯᠠᠬᠤ》 ᠵᠢ ᠦᠢᠯᠡᠳᠦᠯᠭᠡᠵᠢᠭᠦᠯᠬᠦ᠌
ᠬᠡᠷᠡᠭ᠌ᠲᠡᠢ᠃
ᠨᠢᠭᠡ᠎ᠳᠦ᠂ ᠪᠠᠳᠤ ᠴᠢᠩᠭ᠎ᠠ ᠤᠬᠠᠮᠰᠠᠷ ᠡᠴᠡ ᠪᠠᠨ ᠶᠡᠷᠦᠩᠬᠡᠢ ᠱᠦᠵᠢ
ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ
ᠲᠠᠷᠢᠬᠢ ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠬᠤ ᠬᠡᠷᠡᠭ᠌ᠲᠡᠢ᠃
ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ
ᠦᠵᠡᠯ ᠰᠠᠨᠠᠭ᠎ᠠ ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠂
ᠴᠢᠬᠤᠯᠠ ᠡᠭᠦᠷᠭᠡ᠂ ᠠᠵᠢᠯ᠎ᠤᠨ ᠭᠤᠤᠯ ᠱᠢᠵᠢᠮ᠂ ᠲᠦᠷᠢᠮ᠎ᠦᠨ ᠪᠠᠲᠤᠯᠠᠭ᠎ᠠ᠂ ᠪᠡᠶᠡᠯᠡᠭᠦᠯᠬᠦ᠌ ᠠᠷᠭ᠎ᠠ ᠬᠡᠯᠪᠡᠷᠢ
ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ ᠪᠠ ᠦᠨᠳᠦᠰᠦᠲᠡᠨ᠎ᠦ ᠠᠵᠢᠯ᠎ᠤᠨ ᠠᠷᠭ᠎ᠠ᠎ᠶ᠋ᠢᠨ
ᠣᠨᠣᠯ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠦᠨᠳᠦᠰᠦᠲᠡᠨ᠎ᠦ ᠠᠵᠢᠯ᠎ᠳᠤ ᠶᠠᠮᠠᠷ ᠲᠣᠭ᠎ᠢ ᠮᠠᠨᠳᠤᠭᠤᠯᠬᠤ᠂
ᠶᠠᠮᠠᠷ ᠵᠠᠮ᠎ᠢᠶᠠᠷ ᠵᠠᠮᠨᠠᠬᠤ ᠵᠡᠷᠭᠡ ᠦᠨᠳᠦᠰᠦᠨ ᠠᠰᠠᠭᠤᠳᠠᠯ᠎ᠢ ᠱᠢᠨᠵᠢᠯᠡᠬᠦ᠌ ᠤᠬᠠᠭᠠᠨᠴᠢ᠎ᠪᠠᠷ ᠬᠠᠷᠢᠭᠤᠯᠤᠭ᠍ᠰᠠᠨ
ᠪᠠᠢᠨ᠎ᠠ᠂ ᠡᠨᠡ ᠪᠣᠯ ᠨᠠᠮ᠎ᠤᠨ ᠦᠨᠳᠦᠰᠦᠲᠡᠨ᠎ᠦ ᠠᠵᠢᠯ᠎ᠤᠨ ᠦᠶ᠋ᠯᠡᠳᠦᠯᠭᠡ᠎ᠶ᠋ᠢᠨ ᠬᠠᠮᠤᠭ᠎ᠤᠨ ᠱᠢᠨ᠎ᠡ ᠳ᠋ᠦᠩᠨᠡᠯᠲᠡ
ᠮᠥᠨ᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠣᠨᠣᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ
ᠪᠦᠲᠦᠭᠡᠯ ᠮᠥᠨ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ᠦᠨᠳᠦᠰᠦᠨ ᠵᠢᠷᠤᠮᠯᠠᠯ
ᠮᠥᠨ᠃ ᠪᠢᠳᠡ ᠵᠠᠪᠠᠯ ᠰᠠᠢᠲᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠵᠦ᠍᠂ ᠡᠨᠡ ᠬᠦ᠌ ᠴᠢᠬᠤᠯᠠ
ᠦᠵᠡᠯ ᠰᠠᠨᠠᠭ᠎ᠠ᠎ᠶ᠋ᠢ ᠣᠨᠣᠪᠴᠢᠲᠠᠢ ᠡᠵᠡᠮᠳᠡᠬᠦ᠌ ᠪᠠ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠶ᠋ᠢ ᠤᠯᠤᠰ ᠲᠦᠷᠦ᠍᠎ᠶ᠋ᠢᠨ
ᠡᠭᠦᠷᠭᠡ᠎ᠪᠡᠨ ᠪᠣᠯᠭᠠᠵᠤ᠂ ᠭᠦᠨᠵᠡᠭᠡᠢ ᠰᠤᠷᠤᠯᠴᠠᠵᠤ ᠨᠡᠪᠳᠡᠷᠡᠳᠡᠯ᠎ᠡ ᠣᠢᠯᠠᠭᠠᠬᠤ᠂ ᠲᠠᠷᠢᠬᠢᠨ᠎ᠳᠠᠭᠠᠨ ᠬᠠᠳᠠᠩᠱᠢᠭᠤᠯᠬᠤ᠂
ᠦᠢᠯᠡᠳᠦᠯᠭᠡᠵᠢᠬᠦᠯᠵᠦ᠍ ᠦᠷ᠎ᠡ ᠪᠦᠲᠦᠮᠵᠢ ᠤᠯᠬᠤ ᠳᠡᠭᠡᠷ᠎ᠡ ᠬᠦᠴᠦ᠍ ᠲᠠᠯᠪᠢᠵᠤ᠂ ᠲᠡᠷᠡ ᠬᠡᠪ᠎ᠢᠶᠡᠷ ᠨᠢ ᠰᠤᠷᠤᠯᠴᠠᠵᠤ᠂
ᠦᠭᠡ ᠦᠰᠦᠭ ᠳᠠᠷᠠᠭᠠᠯᠠᠨ ᠣᠢᠯᠠᠭᠠᠵᠤ᠂ ᠦᠵᠡᠯ ᠰᠠᠨᠠᠭ᠎ᠠ ᠦᠵᠡᠯᠲᠡ ᠨᠢᠭᠡ ᠪᠦᠷᠢ᠂ ᠤᠯᠤᠰ ᠲᠦᠷᠦ᠍᠎ᠶ᠋ᠢᠨ ᠨᠤᠲᠠᠯᠠᠯᠲᠠ
ᠨᠢᠭᠡ ᠪᠦᠷᠢ᠂ ᠦᠢᠯᠡᠳᠦᠯᠭᠡ᠎ᠶ᠋ᠢᠨ ᠱᠠᠭᠠᠷᠳᠠᠯᠭ᠎ᠠ ᠨᠢᠭᠡ ᠪᠦᠷᠢ᠎ᠶ᠋ᠢ ᠦᠨᠡᠨ ᠬᠦ᠌ ᠲᠣᠳᠣᠷᠬᠠᠢ ᠲᠠᠨᠢᠵᠤ᠂ ᠨᠡᠪᠳᠡᠷᠡᠳᠡᠯ᠎ᠡ
ᠣᠢᠯᠠᠭᠠᠵᠤ᠂ ᠣᠨᠣᠪᠴᠢᠲᠠᠢ ᠡᠵᠡᠮᠱᠢᠵᠦ᠍᠂ ᠤᠯᠤᠰ ᠲᠦᠷᠦ᠍᠎ᠶ᠋ᠢᠨ ᠲᠠᠯ᠎ᠠ᠎ᠶ᠋ᠢᠨ ᠬᠤᠷᠴᠠ ᠰᠡᠷᠭᠡᠭ ᠴᠢᠨᠠᠷ ᠪᠠ
ᠨᠡᠪᠲᠡ ᠠᠵᠢᠭ᠍ᠯᠠᠬᠤ ᠴᠢᠳᠠᠪᠤᠷᠢ᠎ᠪᠠᠨ ᠲᠠᠰᠤᠷᠠᠯᠳᠠ ᠦᠭᠡᠢ ᠴᠢᠩᠭᠠᠳᠭᠠᠵᠤ᠂ ᠤᠯᠤᠰ ᠲᠦᠷᠦ᠍᠎ᠶ᠋ᠢᠨ ᠲᠠᠯ᠎ᠠ ᠡᠴᠡ
ᠦᠨᠳᠦᠰᠦᠲᠡᠨ᠎ᠦ ᠠᠰᠠᠭᠤᠳᠠᠯ᠎ᠳᠤ ᠬᠠᠨᠳᠤᠬᠤ ᠪᠠ ᠲᠡᠭᠦᠨ᠎ᠢ ᠡᠵᠡᠮᠱᠢᠬᠦ᠌᠂ ᠵᠠᠳᠠᠯᠬᠤ ᠪᠠ ᠱᠢᠢᠳᠪᠦᠷᠢᠯᠡᠬᠦ᠌ ᠴᠢᠳᠠᠪᠤᠷᠢ᠎ᠪᠠᠨ
ᠳᠡᠭᠡᠭ᠌ᠰᠢᠯᠡᠭᠦᠯᠵᠦ᠍᠂ ᠨᠠᠮ᠎ᠤᠨ ᠲᠥᠪ ᠬᠣᠷᠢᠶᠠᠨ᠎ᠤ ᠱᠠᠭᠠᠷᠳᠠᠯᠭ᠎ᠠ᠎ᠶ᠋ᠢ ᠲᠡᠷᠡ ᠶᠣᠰᠣᠭᠠᠷ ᠨᠢ ᠰᠠᠢᠲᠤᠷ ᠲᠤᠭᠤᠱᠢᠯᠠᠭᠤᠯᠤᠨ
ᠨᠠᠢᠳᠠᠪᠤᠷᠢᠵᠢᠭᠤᠯᠬᠤ ᠬᠡᠷᠡᠭ᠌ᠲᠡᠢ᠃ ᠤᠬᠠᠮᠰᠠᠷ ᠡᠴᠡ ᠪᠠᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ
ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ
ᠠᠵᠢᠯ᠎ᠤᠨ ᠲᠡᠦᠬᠡᠨ ᠣᠷᠣᠨ ᠪᠠᠢᠷᠢ᠎ᠶ᠋ᠢ ᠡᠵᠡᠮᠳᠡᠵᠦ᠍᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠲᠤᠢᠯ᠎ᠤᠨ
ᠴᠢᠬᠤᠯᠠ ᠴᠢᠨᠠᠷ᠂ ᠣᠨᠴᠠᠭᠠᠢ ᠪᠤᠳᠤᠯᠢᠶᠠᠨᠲᠤ ᠴᠢᠨᠠᠷ ᠪᠠ ᠪᠣᠳᠠᠲᠤ ᠲᠤᠯᠭᠠᠮ ᠴᠢᠨᠠᠷ᠎ᠢ ᠭᠦᠨᠵᠡᠭᠡᠢ ᠲᠠᠨᠢᠵᠤ᠂《ᠤᠯᠤᠰ᠎ᠤᠨ ᠶᠡᠬᠡ ᠶᠠᠪᠤᠳᠠᠯ》᠎ᠢ᠋ ᠪᠠᠲᠤ ᠴᠡᠭᠡᠵᠢᠯᠡᠵᠦ᠍᠂
ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ
ᠬᠦᠢᠴᠡᠳᠭᠡᠬᠦ ᠴᠢᠳᠠᠪᠤᠷᠢ᠎ᠪᠠᠨ ᠴᠢᠩᠭᠠᠳᠭᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ ᠤᠯᠤᠰ ᠲᠦᠷᠦ᠍᠎ᠶ᠋ᠢᠨ
ᠤᠬᠠᠮᠰᠠᠷ ᠪᠠ ᠠᠮᠤᠷ ᠲᠦᠪᠱᠢᠨ ᠪᠠᠢᠬᠤ ᠦᠶ᠎ᠡ᠎ᠳᠡᠭᠡᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠬᠤ ᠰᠠᠨᠠᠭᠠᠱᠢᠷᠠᠨ
ᠵᠣᠪᠠᠨᠢᠬᠤ ᠤᠬᠠᠮᠰᠠᠷ᠎ᠢᠶᠠᠨ ᠴᠢᠩᠭᠠᠳᠭᠠᠵᠤ᠂ ᠦᠨᠳᠦᠰᠦᠲᠡᠨ᠎ᠦ ᠬᠦᠷᠢᠶᠡᠨ᠎ᠳᠡᠬᠢ ᠡᠯ᠎ᠡ ᠵᠦᠢᠯ᠎ᠦᠨ ᠠᠵᠢᠯ᠎ᠢ ᠯᠠᠪᠳᠠᠭᠤᠨ
ᠪᠠᠲᠤᠲᠠᠢ ᠰᠠᠢᠲᠤᠷ ᠬᠢᠵᠦ᠍᠂ ᠦᠨᠳᠦᠰᠦᠲᠡᠨ᠎ᠦ ᠪᠦᠯᠬᠦᠮᠳᠡᠯ᠎ᠢ ᠬᠦᠴᠦᠯᠡᠨ ᠴᠢᠩᠭᠠᠳᠭᠠᠵᠤ᠂ ᠦᠨᠳᠦᠰᠦᠲᠡᠨ᠎ᠦ ᠰᠡᠷᠭᠦᠨ
ᠮᠠᠨᠳᠤᠯᠲᠠ᠎ᠶ᠋ᠢ ᠪᠡᠶᠡᠯᠡᠭᠦᠯᠬᠦ᠌ ᠰᠦᠷ ᠳᠠᠯᠠᠢᠴᠠᠲᠠᠢ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠬᠤ
ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ
ᠡᠨᠡ ᠬᠦ᠌ ᠶᠡᠷᠦᠩᠬᠡᠢ ᠱᠦᠵᠢ ᠰᠢ᠎ᠶ᠋ᠢᠨ ᠫᠢᠩ᠎ᠦᠨ ᠭᠠᠷᠭᠠᠭ᠍ᠰᠠᠨ ᠴᠢᠬᠤᠯᠠ ᠶᠡᠬᠡ ᠤᠤᠭᠠᠯ ᠡᠭᠦᠳᠦᠯᠲᠡ᠎ᠶ᠋ᠢᠨ
ᠴᠢᠨᠠᠷᠲᠠᠢ ᠨᠤᠲᠠᠯᠠᠯᠲᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠪᠠ ᠭᠦᠨᠵᠡᠭᠡᠢ ᠠᠭᠤᠯᠤᠭ᠍ᠳᠠᠬᠤᠨ᠎ᠢ ᠭᠦᠨᠵᠡᠭᠡᠢ
ᠤᠢ᠍ᠢᠯᠠᠭᠠᠨ ᠡᠵᠡᠮᠱᠢᠵᠦ᠍᠂《ᠲᠦᠷᠪᠡᠨ ᠬᠠᠷᠢᠴᠠᠭ᠎ᠠ》 ᠵᠢ ᠱᠢᠨ᠎ᠡ ᠴᠠᠭ
ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠴᠢᠬᠤᠯᠠ ᠤᠷᠢᠲᠠᠯ ᠪᠣᠯᠭᠠᠵᠤ᠂ ᠨᠡᠢᠲᠡᠯᠢᠭ
ᠴᠢᠨᠠᠷ᠎ᠢ ᠨᠡᠮᠡᠭᠳᠡᠬᠦᠯᠵᠦ ᠵᠦᠷᠢᠶᠡᠳᠤ ᠴᠢᠨᠠᠷ᠎ᠢ ᠬᠦᠨᠳᠦᠳᠭᠡᠬᠦ᠌ ᠪᠠ ᠪᠠᠭ᠍ᠲᠠᠭᠠᠬᠤ ᠵᠢ ᠴᠢᠬᠤᠯᠠ ᠵᠠᠷᠴᠢᠮ
ᠪᠣᠯᠭᠠᠵᠤ᠂ ᠥᠷᠭᠡᠨ ᠤᠯᠠᠨ ᠠᠷᠠᠳ ᠲᠦᠮᠡᠨ᠎ᠢ ᠬᠦᠳᠦᠯᠥᠨ ᠳᠠᠭᠠᠭᠤᠯᠵᠤ ᠪᠠᠢᠭᠠᠳ ᠳᠤᠮᠳᠠᠳᠤ᠎ᠶ᠋ᠢᠨ ᠦᠨᠳᠦᠰᠦᠲᠡᠨ᠎ᠦ
ᠠᠱᠢᠭ ᠲᠤᠰᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂
ᠢᠷᠠᠭᠤ ᠠᠯᠳᠠᠷ ᠢᠴᠢᠬᠦᠷᠢ ᠭᠤᠳᠤᠮᠰᠢᠭ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ
ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠳᠤᠮᠳᠠᠳᠤ᠎ᠶ᠋ᠢᠨ
ᠦᠨᠳᠦᠰᠦᠲᠡᠨ᠎ᠦ ᠬᠠᠮᠲᠤ ᠴᠣᠭ᠍ᠴᠠ᠎ᠶ᠋ᠢ ᠡᠪᠳᠡᠷᠡᠰᠢ ᠦᠭᠡᠢ ᠪᠠᠲᠤ ᠪᠡᠬᠢ ᠪᠣᠯᠭᠠᠬᠤ ᠬᠡᠷᠡᠭ᠌ᠲᠡᠢ᠃
ᠬᠣᠶᠠᠷ᠎ᠲᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ
ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ
ᠦᠨᠳᠦᠰᠦᠲᠡᠨ᠎ᠦ ᠠᠵᠢᠯ᠎ᠢ ᠪᠣᠳᠠᠲᠠᠢ ᠨᠠᠷᠢᠯᠢᠭ ᠬᠢᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ
ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ
ᠠᠵᠢᠯ᠎ᠤᠨ ᠭᠣᠣᠯ ᠱᠢᠵᠢᠮ ᠪᠠ《ᠬᠥᠲᠥᠯᠪᠦᠷᠢ》ᠪᠣᠯᠭᠠᠵᠤ ᠂ ᠪᠤᠢ ᠪᠦᠬᠦᠢ ᠠᠵᠢᠯ᠎ᠢ ᠡᠭᠦᠨ᠎ᠳᠦ ᠲᠥᠪᠯᠡᠷᠡᠭᠦᠯᠬᠦ᠌ ᠬᠡᠷᠡᠭ᠌ᠲᠡᠢ᠃ ᠳᠤᠮᠳᠠᠳᠤ᠎ᠶ᠋ᠢᠨ
ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ
ᠠᠬᠢᠭᠤᠯᠵᠤ ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠭᠦᠨᠵᠡᠭᠡᠢ ᠪᠤᠢ ᠪᠤᠯᠭᠠᠨ
ᠦᠢᠯᠡᠳᠦᠯᠭᠡᠵᠢᠭᠦᠯᠵᠦ᠍ ᠂ ᠪᠣᠯᠪᠠᠰᠤᠨ᠎ᠢ ᠡᠭᠦᠳᠦᠨ ᠪᠠᠢᠭᠤᠯᠬᠤ ᠂ ᠠᠷᠠᠳ ᠢᠷᠭᠡᠳ᠎ᠦᠨ ᠶᠣᠰᠣ ᠰᠤᠷᠲᠠᠬᠤᠨ᠎ᠤ ᠪᠠᠢᠭᠤᠯᠤᠯᠲᠠ
᠂ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌ ᠵᠡᠷᠭᠡ ᠢᠨᠵᠧᠨᠧᠷᠢᠩ᠎ᠢ ᠶᠡᠬᠡᠪᠡᠷ ᠬᠡᠷᠡᠭ᠌ᠵᠢᠭᠦᠯᠵᠦ᠍
᠂ ᠡᠯ᠎ᠡ ᠦᠨᠳᠦᠰᠦᠲᠡᠨ᠎ᠦ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠣᠯᠤᠨ ᠳᠤᠮᠳᠠᠳᠤ᠎ᠶ᠋ᠢᠨ
ᠦᠨᠳᠦᠰᠦᠲᠡᠨ᠎ᠦ ᠲᠦᠷᠢ ᠲᠥᠷᠬᠦ᠌᠎ᠶ᠋ᠢ ᠪᠤᠢ ᠪᠣᠯᠭᠠᠨ ᠲᠤᠪᠤᠢ᠌ᠯᠭᠠᠵᠤ ᠂ ᠤᠯᠤᠰ᠎ᠤᠨ ᠨᠡᠢᠳᠡᠮ ᠬᠡᠷᠡᠭ᠌ᠯᠡᠬᠦ᠌
ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠰᠠᠢᠲᠤᠷ ᠬᠢᠵᠦ᠍ ᠂ ᠥᠷᠭᠡᠨ ᠤᠯᠠᠨ
ᠺᠠᠳ᠋ᠷ ᠤᠯᠠᠨ ᠲᠦᠮᠡᠨ᠎ᠢ ᠬᠥᠮᠦᠵᠢᠭᠦᠯᠵᠦ ᠬᠦᠳᠤᠯᠤᠨ ᠵᠢᠯᠣᠭᠣᠳᠴᠤ᠌ ᠪᠠᠢᠭᠠᠳ《ᠲᠠᠪᠤᠨ ᠬᠠᠮᠲᠤ᠎ᠶ᠋ᠢᠨ ᠲᠠᠨᠢᠯᠲᠠ》ᠵᠢ ᠲᠠᠰᠤᠷᠠᠯᠳᠠ
ᠦᠭᠡᠢ ᠴᠢᠩᠭᠠᠳᠭᠠᠵᠤ ᠂ ᠤᠯᠤᠰ᠎ᠤᠨ ᠨᠢᠭᠡᠳᠦᠯ ᠪᠣᠯᠤᠨ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠪᠠᠲᠤ
ᠪᠡᠬᠢ ᠦᠵᠡᠯ ᠰᠠᠨᠠᠭᠠᠨ᠎ᠤ ᠤᠷᠳᠤ ᠴᠠᠭᠠᠨ ᠬᠡᠷᠡᠮ᠎ᠢ ᠦᠨᠡᠨ ᠬᠦ᠌ ᠪᠠᠲᠤ ᠴᠣᠭ᠍ᠴᠠᠯᠠᠬᠤ ᠬᠡᠷᠡᠭ᠌ᠲᠡᠢ᠃ ᠬᠥᠭ᠌ᠵᠢᠯᠲᠡ
ᠭᠡᠬᠦ᠌ ᠲᠡᠷᠢᠭᠦᠨ ᠴᠢᠬᠤᠯᠠ ᠡᠭᠦᠷᠭᠡ᠎ᠶ᠋ᠢ ᠴᠢᠩᠭ᠎ᠠ ᠠᠳᠭᠤᠵᠤ ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ
᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠂ ᠵᠥᠪ ᠣᠨᠣᠪᠴᠢᠲᠠᠶ ᠂ ᠪᠥᠬᠥ᠌ ᠲᠠᠯ᠎ᠠ᠎ᠪᠠᠷ
ᠲᠤᠭᠤᠱᠢᠯᠠᠭᠤᠯᠵᠤ ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠶ ᠦᠶ᠋ᠯᠡᠴᠢᠯᠡᠨ ᠠᠭᠤᠰᠤᠯᠴᠠᠵᠤ
᠂ ᠠᠵᠤ ᠠᠬᠤᠶ᠎ᠶ᠋ᠢᠨ ᠡᠷᠭᠢᠯᠲᠡ ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠂ ᠠᠷᠠᠯᠵᠢᠶᠠᠴᠢᠨ ᠤᠷᠢᠵᠤ
ᠪᠠᠯᠠ ᠮᠦᠩᠬᠦ ᠣᠷᠣᠭᠤᠯᠤᠨ ᠠᠪᠴᠢᠷᠠᠬᠤ ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠂ ᠠᠮᠢ ᠠᠬᠤᠶ᠎ᠶ᠋ᠢᠨ
ᠬᠠᠮᠠᠭᠠᠯᠠᠯᠲᠠ ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠲᠣᠭ᠍ᠲᠠᠭᠤᠨ᠎ᠢ ᠬᠠᠮᠠᠭᠠᠯᠠᠬᠤ ᠵᠡᠷᠭᠡ ᠡᠯ᠎ᠡ
ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ
ᠪᠠᠲᠤᠲᠠᠶ ᠠᠬᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠲᠡ᠎ᠪᠡᠷ
ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠰᠠᠢᠲᠤᠷ ᠵᠠᠮᠨᠠᠵᠤ
᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ
ᠱᠢᠨ᠎ᠡ ᠠᠶᠠᠨ᠎ᠳᠤ ᠪᠤᠭᠤᠲᠤ᠎ᠶ᠋ᠢᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠶ᠃
ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠡᠩ ᠥᠷᠭᠡᠨ ᠳᠡᠯᠭᠡᠷ ᠭᠦᠨᠵᠡᠭᠡᠢ ᠠᠬᠢᠭᠤᠯᠵᠤ
᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠬᠤ ᠠᠵᠢᠯ᠎ᠢ ᠬᠡᠯᠪᠡᠷᠢ ᠲᠠᠢ ᠪᠦᠲᠦᠮᠵᠢ
ᠲᠡᠢ ᠰᠡᠳᠬᠢᠯᠬᠡ ᠲᠠᠢ᠎ᠪᠡᠷ ᠰᠠᠢᠲᠤᠷ ᠬᠢᠵᠦ᠍ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ
ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍ ᠂ ᠦᠨᠳᠦᠰᠦᠲᠡᠨ᠎ᠨᠦᠭᠦᠳ᠎ᠦᠨ
ᠤᠯᠠᠨ ᠲᠦᠮᠡᠨ᠎ᠦ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ ᠂ ᠬᠠᠮᠲᠤ᠎ᠪᠠᠷ ᠪᠠᠢᠭᠤᠯᠵᠤ ᠬᠠᠮᠲᠤ᠎ᠪᠠᠷ
ᠡᠳ᠋ᠯᠡᠬᠦ᠌ ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠡᠭᠦᠳᠴᠦ᠍ ᠂ ᠦᠨᠳᠦᠰᠦᠲᠡᠨ᠎ᠨᠦᠭᠦᠳ᠎ᠦᠨ
ᠬᠦᠰᠡᠯᠡᠩ ᠂ ᠢᠲᠡᠭᠡᠯ ᠪᠢᠱᠢᠷᠡᠯ ᠂ ᠬᠠᠢᠷ᠎ᠠ ᠰᠡᠳᠭᠢᠯᠭᠡ ᠂ ᠰᠣᠶᠣᠯ᠎ᠤᠨ ᠲᠠᠯ᠎ᠠ᠎ᠪᠠᠷ ᠪᠦᠯᠬᠦᠮᠳᠡᠨ ᠨᠢᠭᠡᠳᠬᠦ᠌
᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠠᠬ᠎ᠠ ᠳᠡᠭᠦᠦ᠍᠎ᠶ᠋ᠢᠨ ᠬᠠᠢᠷ᠎ᠠ ᠰᠡᠳᠭᠢᠯᠭᠡ᠎ᠲᠡᠶ ᠪᠠᠢᠬᠤ᠎ᠶ᠋ᠢ
ᠠᠬᠢᠭᠤᠯᠵᠤ ᠂ ᠡᠶ᠎ᠡ ᠨᠠᠢᠷᠰᠠᠬ ᠵᠢᠡᠷ ᠬᠠᠮᠲᠤ ᠪᠡᠷ ᠣᠷᠣᠱᠢᠵᠤ ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ
᠂ ᠡᠶ᠎ᠡ ᠵᠣᠬᠢᠴᠠᠩᠭᠤᠢ᠎ᠪᠠᠷ ᠬᠥᠭ᠌ᠵᠢᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃ ᠦᠨᠳᠦᠰᠦᠲᠡᠨ᠎ᠦ ᠬᠡᠷᠡᠭ ᠶᠠᠪᠤᠳᠠᠯ᠎ᠤᠨ
ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ
ᠬᠦᠴᠦᠯᠡᠨ ᠳᠡᠭᠡᠭ᠌ᠰᠢᠯᠡᠭᠦᠯᠵᠦ᠍ ᠂ ᠬᠠᠤᠯᠢᠵᠢᠯ᠎ᠤᠨ ᠵᠠᠮ ᠳᠡᠭᠡᠷ᠎ᠡ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠬᠤ᠎ᠶ᠋ᠢ
ᠪᠠᠷᠢᠮᠲᠠᠯᠠᠵᠤ ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠬᠠᠤᠯᠢ ᠂ ᠥᠪᠡᠷᠲᠡᠭᠡᠨ ᠵᠠᠰᠠᠬᠤ ᠣᠷᠣᠨ᠎ᠤ
ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠦᠷᠢᠮ ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ
ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠬᠠᠤᠯᠢ ᠴᠠᠭᠠᠵᠠ᠎ᠶ᠋ᠢᠨ ᠡᠮᠦᠨ᠎ᠡ ᠬᠥᠮᠦᠨ
ᠪᠦᠬᠦᠨ ᠡᠷᠬᠡ ᠲᠡᠭ᠌ᠰᠢ ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠦᠨᠳᠦᠰᠦᠲᠡᠨ᠎ᠦ ᠬᠦᠷᠢᠶᠡᠨ᠎ᠳᠡᠬᠢ ᠠᠶᠤᠯ
ᠲᠦᠭ᠌ᠰᠢᠭᠦᠷᠢ᠎ᠶ᠋ᠢᠨ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠵᠦ᠍ ᠂ ᠱᠢᠨᠵᠢᠯᠡᠬᠦ᠌ ᠤᠬᠠᠭᠠᠨᠴᠢ᠎ᠪᠠᠷ ᠰᠤᠳᠤᠯᠤᠨ
ᠮᠠᠭᠠᠳᠯᠠᠵᠤ ᠂ ᠡᠯ᠎ᠡ ᠲᠥᠷᠥᠯ᠎ᠦᠨ ᠴᠤᠬᠤᠢᠯᠲᠠ᠎ᠶ᠋ᠢᠨ ᠴᠢᠨᠠᠷᠲᠠᠶ ᠬᠡᠯᠪᠡᠷᠢᠯ᠎ᠦᠨ ᠴᠢᠨᠠᠷᠲᠠᠶ ᠠᠰᠠᠭᠤᠳᠠᠯ᠎ᠢ
ᠴᠠᠭ ᠲᠤᠬᠠᠶ᠎ᠳᠤᠨᠢ ᠢᠯᠡᠷᠡᠭᠦᠯᠵᠦ᠍ ᠂ ᠡᠷᠡᠰ ᠱᠢᠭᠤᠷᠬᠠᠶ᠎ᠪᠠᠷ ᠱᠢᠶ᠋ᠳᠪᠦᠷᠢᠯᠡᠵᠦ᠍ ᠂ ᠲᠦᠰᠦᠭᠡᠯᠡᠬᠦ ᠵᠢᠨ ᠠᠷᠭ᠎ᠠ
ᠦᠭᠡᠢ ᠂ ᠨᠦᠯᠦᠭᠡ ᠶᠡᠬᠡ ᠳᠠᠯᠳᠠ ᠵᠢᠨ ᠲᠦᠭᠰᠢᠭᠦᠷᠢ ᠲᠠᠢ ᠬᠡᠷᠡᠭ ᠡᠬᠦᠰᠬᠦ᠎ᠶ᠋ᠢ ᠡᠷᠡᠰ ᠰᠡᠷᠭᠡᠢᠯᠡᠵᠦ᠍
᠂ ᠱᠢᠰᠲ᠋ᠧᠮᠴᠢ ᠴᠢᠨᠠᠷᠲᠠᠶ ᠂ ᠨᠤᠷᠠᠭᠠᠯᠲᠠ᠎ᠶ᠋ᠢᠨ ᠴᠢᠨᠠᠷᠲᠠᠶ ᠠᠶᠤᠯ ᠲᠦᠭ᠌ᠰᠢᠭᠦᠷᠢ ᠡᠭᠦᠰᠭᠦ ᠥᠬᠡᠶ ᠪᠠᠢᠬᠤ
ᠬᠣᠷᠢᠭ᠎ᠠ ᠱᠤᠭᠤᠮ᠎ᠢ ᠡᠷᠡᠰ ᠰᠠᠬᠢᠵᠤ ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ
ᠡᠷᠡᠰ ᠬᠠᠮᠠᠭᠠᠯᠠᠬᠤ ᠬᠡᠷᠡᠭ᠌ᠲᠡᠶ᠃
ᠭᠤᠷᠪᠠ᠎ᠳᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ
ᠴᠢᠩᠭᠠᠳᠭᠠᠨ ᠲᠡᠭᠦᠯᠳᠡᠷᠵᠢᠭᠦᠯᠬᠦ᠌᠎ᠶ᠋ᠢ ᠦᠨᠳᠦᠰᠦᠲᠡᠨ᠎ᠦ ᠠᠵᠢᠯ ᠪᠠ ᠡᠯ᠎ᠡ ᠵᠦᠢᠯ᠎ᠦᠨ ᠠᠵᠢᠯ᠎ᠤᠨ ᠪᠦᠬᠦ᠌ ᠶᠠᠪᠤᠴᠠ᠎ᠳᠤ
ᠲᠤᠭᠤᠱᠢᠯᠠᠭᠤᠯᠬᠤ ᠬᠡᠷᠡᠭ᠌ᠲᠡᠢ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌
ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠦᠨᠳᠦᠰᠦᠨ ᠤᠯᠤᠰ ᠲᠦᠷᠦ᠍᠎ᠶ᠋ᠢᠨ
ᠪᠠᠲᠤᠯᠠᠭ᠎ᠠ ᠮᠥᠨ᠃ ᠪᠢᠳᠡ ᠨᠠᠮ᠎ᠤᠨ ᠬᠣᠷᠢᠶᠠᠨ᠎ᠤ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠌ ᠂ ᠡᠯ᠎ᠡ
ᠲᠠᠯ᠎ᠠ᠎ᠶ᠋ᠢ ᠵᠣᠬᠢᠴᠠᠭᠤᠯᠵᠦ ᠤᠳᠤᠷᠢᠳᠭᠤ ᠦᠢᠯᠡᠳᠦᠯ᠎ᠢ ᠭᠦᠢᠴᠡᠳ ᠪᠠᠳᠠᠷᠠᠭᠤᠯᠵᠤ ᠂ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ
ᠪᠣᠳᠠᠲᠠᠢ ᠨᠠᠷᠢᠯᠢᠭ ᠨᠠᠢᠳᠠᠪᠤᠷᠢᠵᠢᠭᠤᠯᠵᠤ ᠂ ᠨᠠᠮ᠎ᠤᠨ ᠬᠤᠷᠢᠶ᠎ᠠ ᠨᠢᠭᠡᠳᠦᠯᠲᠡᠢ ᠤᠳᠤᠷᠢᠳᠭᠤ ᠂ ᠵᠠᠰᠠᠭ᠎ᠤᠨ
ᠣᠷᠳᠣᠨ ᠬᠠᠤᠯᠢ ᠶᠣᠰᠣᠭᠠᠷ ᠬᠠᠮᠢᠶᠠᠷᠬᠤ ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ
᠂ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠂ ᠡᠯ᠎ᠡ ᠰᠠᠯᠠᠭ᠎ᠠ
ᠮᠥᠴᠢᠷ ᠬᠦᠴᠦ᠍᠎ᠪᠡᠨ ᠬᠠᠮᠲᠤᠳᠭᠠᠨ ᠬᠠᠮᠲᠤᠷᠠᠯᠴᠠᠬᠤ ᠂ ᠪᠦᠬᠦ᠌ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠬᠤ
ᠰᠠᠢ᠌ᠨ ᠰᠠᠢᠬᠠᠨ ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠰᠠᠢᠨ
ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ ᠂ 《ᠳᠥᠷᠪᠡᠨ ᠣᠨᠴᠠᠭᠠᠶ》 ᠱᠠᠭᠠᠷᠳᠠᠯᠭ᠎ᠠ᠎ᠶ᠋ᠢ
ᠳᠣᠪᠣᠢᠯᠭᠠᠵᠤ ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠵᠤ ᠂ ᠴᠥᠭᠡᠨ ᠲᠣᠭᠠᠲᠤ ᠦᠨᠳᠦᠰᠦᠲᠡᠨ᠎ᠦ
ᠱᠢᠯᠢᠳᠡᠭ ᠺᠠᠳ᠋ᠷ᠎ᠢ ᠬᠥᠮᠦᠵᠢᠭᠦᠯᠦᠨ ᠬᠡᠷᠡᠭ᠌ᠯᠡᠬᠦ᠌᠎ᠶ᠋ᠢ ᠰᠠᠢᠲᠤᠷ ᠠᠳᠭᠤᠵᠤ ᠂ ᠢᠲᠡᠭᠡᠯ ᠵᠣᠷᠢᠭ ᠡᠷᠡᠰ ᠪᠠᠲᠤ
᠂ ᠨᠠᠮ᠎ᠳᠠᠭᠠᠨ ᠦᠨᠡᠨᠴᠢ ᠱᠢᠳᠤᠷᠭᠤ᠂ ᠪᠣᠳᠠᠲᠠᠶ᠎ᠶ᠋ᠢ ᠴᠢᠬᠤᠯᠠᠴᠢᠯᠠᠬᠤ ᠂ ᠦᠨᠡᠨ᠎ᠡᠴᠡ ᠵᠥᠪ᠎ᠢ ᠡᠷᠢᠬᠦ᠌ ᠂ ᠵᠣᠷᠢᠭ᠍ᠲᠠᠶ᠎ᠪᠠᠷ
ᠬᠠᠷᠢᠭᠤᠴᠠᠯᠭ᠎ᠠ ᠡᠭᠦᠷᠭᠡᠯᠡᠬᠦ᠌ ᠂ ᠴᠢᠳᠠᠮᠠᠭᠠᠶ᠎ᠪᠠᠷ ᠵᠢᠳᠬᠦᠯ ᠴᠢᠷᠮᠠᠢᠯᠭ᠎ᠠ ᠭᠠᠷᠭᠠᠬᠤ ᠂ ᠵᠠᠷᠴᠢᠮ᠎ᠢ ᠪᠠᠷᠢᠮᠲᠠᠯᠠᠬᠤ
᠂ ᠵᠣᠷᠢᠭ᠍ᠲᠠᠶ᠎ᠪᠠᠷ ᠲᠡᠮᠡᠴᠡᠬᠦ᠌ ᠂ ᠶᠣᠰᠣ ᠲᠦᠷᠢᠮ᠎ᠢ ᠴᠢᠩᠭ᠎ᠠ ᠰᠠᠬᠢᠬᠤ ᠂ ᠬᠣᠷᠢᠭ᠎ᠠ ᠱᠤᠭᠤᠮ᠎ᠢ ᠳᠠᠪᠠᠬᠤ
ᠥᠬᠡᠶ ᠂ ᠱᠢᠷᠭᠠᠭᠤ ᠰᠤᠷᠤᠯᠴᠠᠵᠤ ᠱᠢᠷᠭᠠᠭᠤ ᠪᠣᠯᠪᠠᠰᠤᠷᠠᠬᠤ ᠂ ᠴᠢᠳᠠᠪᠤᠷᠢ᠎ᠪᠠᠨ ᠲᠡᠭᠡᠭᠰᠢᠯᠡᠬᠦᠯᠤᠨ ᠴᠢᠩᠭᠠᠳᠬᠠᠬᠤ᠌
ᠱᠢᠯᠢᠳᠡᠭ ᠺᠠᠳ᠋ᠷ᠎ᠤᠨ ᠡᠩᠨᠡᠭᠡ᠎ᠶ᠋ᠢ ᠴᠢᠷᠮᠠᠢᠨ ᠪᠠᠢᠭᠤᠯᠬᠤ ᠬᠡᠷᠡᠭ᠌ᠲᠡᠶ ᠃ ᠦᠨᠳᠦᠰᠦᠨ ᠱᠠᠲᠤ᠎ᠶ᠋ᠢ ᠠᠳᠭᠤᠵᠤ
ᠰᠠᠭᠤᠷᠢ ᠲᠠᠯᠪᠢᠬᠤ᠎ᠶ᠋ᠢ ᠦᠨᠳᠦᠰᠦ᠎ᠪᠡᠨ ᠪᠡᠬᠢᠵᠢᠭᠦᠯᠬᠦ᠌ ᠠᠷᠭ᠎ᠠ ᠬᠡᠮᠵᠢᠶ᠎ᠡ ᠪᠣᠯᠭᠠᠵᠤ ᠂ ᠦᠨᠳᠦᠰᠦᠨ ᠱᠠᠲᠤᠨ᠎ᠤ
ᠵᠣᠬᠢᠶᠠᠨ ᠪᠠᠢᠭᠤᠯᠤᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠪᠠᠢᠭᠤᠯᠤᠯᠲᠠ᠎ᠶ᠋ᠢ ᠴᠢᠩᠭᠠᠳᠭᠠᠵᠤ ᠂ ᠪᠦᠬᠦ᠌
ᠬᠣᠲᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠢᠭ᠍ᠰᠠᠭᠠᠯ᠎ᠤᠨ ᠭᠠᠵᠠᠷ᠂ ᠪᠡᠬᠢᠯᠡᠯᠲᠡ᠂
ᠭᠡᠷ ᠣᠷᠣᠨ᠎ᠤ ᠴᠢᠳᠠᠮᠵᠢ᠎ᠶ᠋ᠢ ᠲᠠᠰᠤᠷᠠᠯᠲᠠ ᠦᠭᠡᠢ ᠴᠢᠩᠭᠠᠳᠭᠠᠵᠤ ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ
ᠪᠠᠢᠭᠤᠯᠤᠯᠲᠠ ᠨᠢᠭᠡ ᠪᠦᠷᠢ᠎ᠶ᠋ᠢ ᠴᠥᠮ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ
ᠪᠠᠲᠤ ᠴᠣᠭ᠍ᠴᠠᠯᠠᠬᠤ ᠂ ᠣᠯᠠᠨ ᠲᠦᠮᠡᠨ᠎ᠢ ᠳᠠᠭᠠᠭᠤᠯᠤᠨ ᠪᠠᠶᠠᠵᠢᠭᠤᠯᠬᠤ ᠂ ᠨᠡᠢᠭᠡᠮ᠎ᠦᠨ ᠲᠣᠭ᠍ᠲᠠᠭᠤᠨ ᠢ᠋ ᠬᠠᠮᠠᠭᠠᠯᠠᠬᠤ
᠂ ᠡᠬᠡ ᠤᠯᠤᠰ ᠤ᠋ᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠂ ᠬᠠᠭᠠᠴᠠᠭᠤᠯᠤᠯ᠎ᠢ ᠡᠰᠡᠷᠭᠦᠴᠡᠬᠦ᠌ ᠲᠡᠮᠡᠴᠡᠯ
ᠥᠷᠨᠢᠭᠦᠯᠬᠦ᠌ ᠪᠠᠲᠤ ᠴᠢᠩᠭ᠎ᠠ ᠳᠠᠢᠴᠢᠨ ᠪᠡᠬᠢᠯᠡᠯᠲᠡ ᠪᠣᠯᠭᠠᠵᠦ ᠪᠦᠲᠦᠭᠡᠨ ᠪᠠᠢᠭᠤᠯᠬᠤ ᠬᠡᠷᠡᠭ᠌ᠲᠡᠢ᠃