ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠠᠷᠠᠯᠵᠢᠶᠠᠨ᠎ᠤ ᠵᠢᠭᠠᠯᠲᠠ ᠲᠣᠭ᠎ᠠ 10 ᠵᠢᠯ᠎ᠳᠦ 140% ᠭᠠᠷᠤᠢ᠎ᠪᠠᠷ ᠨᠡᠮᠡᠭᠳᠡᠪᠡ
2021-10-29 16:33:34
ᠵᠣᠬᠢᠶᠠᠭ᠍ᠴᠢ᠄
ᠱᠢᠤᠢ ᠬᠠᠢ ᠲᠤᠤ
ᠣᠩᠱᠢᠭ᠍ᠰᠠᠨ ᠣᠳᠠᠭ᠎ᠠ᠄
★★★☆☆

ᠤᠳᠤ ᠶᠠᠬ ᠶᠠᠪᠤᠭ᠍ᠳᠠᠵᠤ ᠪᠠᠢᠭ᠎ᠠ 18 ᠳ᠋ᠤᠭᠠᠷ ᠬᠤᠭᠤᠴᠠᠭᠠᠨ᠎ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠦᠵᠡᠰᠭᠦᠯᠡᠩ᠎ᠦᠨ ᠴᠤᠭ᠍ᠯᠠᠭᠠᠨ ᠪᠣᠯᠤᠨ ᠳᠤᠮᠳᠠᠳᠤ ᠤᠯᠤᠰ —  ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ᠎ᠬᠤᠳᠠᠯᠳᠤᠭᠠᠨ᠎ᠤ᠎ᠶᠠᠪᠤᠳᠠᠯ᠎ᠬᠢᠭᠡᠳ᠎ᠪᠡᠯᠡ᠎ᠣᠷᠣᠭᠤᠯᠤᠯᠲᠠ᠎ᠶ᠋ᠢᠨ ᠲᠦᠷᠦᠭᠦᠴᠦᠳ ᠎ᠦᠨ ᠬᠤᠷᠠᠯ ᠳᠡᠭᠡᠷ᠎ᠡ᠂ ᠪᠣᠭᠣᠮᠲᠠ᠎ᠶ᠋ᠢᠨ ᠶᠡᠷᠦᠩᠬᠡᠢ ᠵᠠᠬᠢᠷᠭ᠎ᠠ ᠪᠤᠯᠤᠨ ᠭᠤᠸᠠᠩᠰᠢ᠎ᠶ᠋ᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠠᠷᠠᠯᠵᠢᠶᠠᠨ᠎ᠤ ᠵᠢᠭᠠᠯᠲᠠ ᠲᠣᠭ᠎ᠠ᠎ᠶ᠋ᠢ ᠬᠠᠮᠲᠤᠷᠠᠨ ᠨᠡᠢᠲᠡᠯᠡᠪᠡ᠃ ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ 2020 ᠣᠨ᠎ᠳᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠠᠷᠠᠯᠵᠢᠶᠠᠨ᠎ᠤ ᠵᠢᠭᠠᠯᠲᠠ ᠲᠣᠭ᠎ᠠ 2010 ᠣᠨ᠎ᠤ ᠬᠢ᠎ᠡᠴᠡ 141.09% ᠪᠡᠷ ᠨᠡᠮᠡᠭ᠌ᠳᠡᠵᠡᠢ᠃

ᠡᠨᠡ ᠬᠦ᠌ ᠵᠢᠭᠠᠯᠲᠠ ᠲᠣᠭ᠎ᠠ᠎ᠶ᠋ᠢ ᠵᠡᠭᠦᠨ ᠡᠮᠦᠨᠡᠲᠦ ᠠᠽᠢᠶ᠎ᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠎ᠤ ᠱᠢᠷᠢᠰ ᠶᠠᠷᠢᠶᠠᠨ᠎ᠤ ᠲᠠᠪᠴᠠᠩ᠎ᠤᠨ ᠨᠢᠭᠡ ᠪᠣᠯᠬᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠶᠠᠷᠢᠯᠴᠠᠭᠠᠨ᠎ᠤ ᠬᠠᠷᠢᠯᠴᠠᠭ᠎ᠠ ᠪᠠᠢᠭᠤᠯᠤᠭ᠍ᠰᠠᠨ 30 ᠵᠢᠯ᠎ᠦᠨ ᠤᠢ᠎ᠶ᠋ᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ ᠳᠡᠭᠡᠷ᠎ᠡ ᠨᠡᠢᠲᠡᠯᠡᠭ᠌ᠰᠡᠨ ᠶᠤᠮ᠃

ᠣᠢᠯᠠᠭᠠᠭ᠍ᠰᠠᠨ᠎ᠢᠶᠠᠷ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠠᠷᠠᠯᠵᠢᠶᠠᠨ᠎ᠤ ᠵᠢᠭᠠᠯᠲᠠ ᠲᠣᠭ᠎ᠠ᠎ᠨᠢ ᠠᠷᠠᠯᠵᠢᠶ᠎ᠠ ᠵᠢᠨ ᠨᠠᠷᠢᠨ ᠨᠢᠭᠳᠠ ᠬᠠᠮᠳᠤᠷᠠᠯᠴᠠᠭ᠎ᠠ᠂ ᠠᠷᠠᠯᠵᠢᠶᠠᠨ᠎ᠤ ᠶᠠᠰᠤ ᠴᠢᠨᠠᠷ᠂ ᠠᠷᠠᠯᠵᠢᠶᠠᠨ᠎ᠤ ᠳᠠᠯᠳᠠ ᠬᠦᠴᠦᠨ᠂ ᠠᠷᠠᠯᠵᠢᠶᠠᠨ᠎ᠤ ᠠᠮᠢᠵᠢᠷᠠᠯ᠎ᠤᠨ ᠬᠦᠴᠦᠨ ᠪᠣᠯᠤᠨ ᠠᠷᠠᠯᠵᠢᠶᠠᠨ᠎ᠤ ᠣᠷᠴᠢᠨ ᠲᠣᠭᠣᠷᠢᠨ ᠵᠡᠷᠭᠡ 5 ᠲᠠᠯ᠎ᠠ᠎ᠡᠴᠡ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠠᠷᠠᠯᠵᠢᠶᠠᠨ᠎ᠤ ᠣᠨᠴᠠᠯᠢᠭ᠎ᠲᠠᠶ ᠭᠦᠶ᠋ᠴᠡᠳᠭᠡᠯ᠎ᠲᠣᠭ᠎ᠠ᠎ᠶ᠋ᠢᠨ᠎ᠱᠢᠰᠲ᠋ᠧᠮ᠎ᠢ ᠪᠠᠢᠭᠤᠯᠵᠤ᠂᠎ᠵᠠᠰᠠᠭ᠎ᠤᠨ᠎ᠣᠷᠳᠣᠨ᠎ᠤ᠎ᠰᠠᠯᠠᠭ᠎ᠠ ᠮᠥᠴᠢᠷ᠎ᠦᠨ ᠠᠷᠠᠯᠵᠢᠶᠠᠨ᠎ᠤ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠵᠤ᠂ ᠥᠷᠭᠡᠨ᠎ᠣᠯᠠᠨ᠎ᠭᠠᠳᠠᠭᠠᠳᠤ᠎ᠣᠷᠣᠭᠤᠯᠤᠯᠲᠠ ᠭᠠᠷᠭᠠᠯᠲᠠ᠎ᠶ᠋ᠢᠨ ᠠᠵᠤ ᠠᠬᠤᠢᠯᠠᠯ᠎ᠤᠨ ᠥᠨᠳᠥᠷ ᠲᠦᠪᠱᠢᠨ᠎ᠢᠶᠡᠷ 《ᠭᠠᠳᠠᠭ᠍ᠰᠢ ᠭᠠᠷᠬᠤ》᠎ᠪᠠ ᠴᠢᠨᠠᠷ ᠰᠠᠢᠲᠠᠶ᠎ᠪᠠᠷ 《ᠣᠷᠣᠭᠤᠯᠤᠨ ᠠᠪᠴᠢᠷᠠᠬᠤ》 ᠳ᠋ᠤ ᠮᠡᠳᠡᠭᠡ ᠵᠠᠩᠭᠢ᠎ᠶ᠋ᠢᠨ ᠳᠡᠮᠵᠢᠯᠭᠡ ᠬᠠᠩᠭᠠᠬᠤ ᠪᠣᠯᠤᠨ᠎ᠠ᠃

ᠲᠣᠭ᠎ᠠ ᠪᠠᠷᠢᠮᠲᠠ᠎ᠳᠤ᠂ 2010 ᠣᠨ᠎ᠡᠴᠡ ᠨᠠᠭᠠᠰᠢ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠠᠷᠠᠯᠵᠢᠶᠠᠨ᠎ᠤ ᠪᠠᠢᠳᠠᠯ ᠶᠡᠷᠦᠩᠬᠡᠢ᠎ᠳᠡᠭᠡᠨ ᠰᠠᠢᠵᠢᠷᠠᠵᠤ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ ᠎ᠤᠳ ᠎ᠤᠨ ᠬᠣᠯᠪᠣᠭ᠎ᠠ ᠎ᠶ᠋ᠢᠨ ᠎ᠠᠷᠠᠯᠵᠢᠶᠠᠨ ᠎ᠤ ᠵᠢᠭᠠᠯᠲᠠ ᠎ᠲᠣᠭ᠎ᠠ ᠎ᠦᠷᠭᠦᠯᠵᠢᠯᠡᠨ ᠳᠡᠭᠡᠭ᠌ᠰᠢᠯᠡᠪᠡ᠃ 2020 ᠣᠨ᠎ᠳᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠠᠷᠠᠯᠵᠢᠶᠠᠨ᠎ᠤ ᠵᠢᠭᠠᠯᠲᠠ ᠲᠣᠭ᠎ᠠ ᠨᠢ 241.09 ᠪᠠᠢᠵᠤ᠂ 2019 ᠣᠨ᠎ᠤ᠎ᠬᠢ᠎ᠡᠴᠡ 19.64% ᠎ᠪᠠᠷ ᠨᠡᠮᠡᠭ᠌ᠳᠡᠪᠡ᠃

ᠡᠨᠡ ᠵᠢᠯ ᠪᠣᠯ ᠳᠤᠮᠳᠠᠳᠤ ᠤᠯᠤᠰ— ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ ᠶᠠᠷᠢᠯᠴᠠᠭᠠᠨ᠎ᠤ ᠬᠠᠷᠢᠯᠴᠠᠭ᠎ᠠ ᠪᠠᠢᠭᠤᠯᠤᠭ᠍ᠰᠠᠨ 30 ᠵᠢᠯ᠎ᠦᠨ ᠤᠢ ᠪᠣᠯᠤᠨ᠎ᠠ᠃ 30 ᠵᠢᠯ᠎ᠦᠨ ᠲᠤᠷᠰᠢ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠠᠷᠠᠯᠵᠢᠶᠠᠨ᠎ᠤ ᠬᠡᠪᠴᠢᠶ᠎ᠡ85᠎ᠳᠠᠬᠢᠨ᠎ᠥᠷᠭᠡᠳᠴᠦ᠍᠂ 2020 ᠣᠨ᠎ᠳᠤ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ ᠨᠢ ᠳᠤᠮᠳᠠᠳᠤ ᠤᠯᠤᠰ᠎ᠤᠨ ᠬᠠᠮᠤᠭ᠎ᠤᠨ ᠶᠡᠬᠡ ᠠᠷᠠᠯᠵᠢᠶᠠᠨ᠎ᠤ ᠬᠠᠨᠢᠲᠠᠨ ᠪᠣᠯᠪᠠ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠬᠣᠶᠠᠷ᠎ᠲᠠᠯ᠎ᠠ᠎ᠶ᠋ᠢᠨ᠎ᠠᠷᠠᠯᠵᠢᠶᠠᠨ᠎ᠤ ᠎ᠬᠡᠮᠵᠢᠶ᠎ᠡ ᠎ᠠᠳᠠᠯᠢ ᠬᠤᠭᠤᠴᠠᠭᠠᠨ᠎ᠤ ᠎ᠬᠢ᠎ᠡᠴᠡ 38.2% ᠵᠢᠡᠷ ᠨᠡᠮᠡᠭ᠌ᠳᠡᠵᠦ᠍᠂ ᠡᠷᠴᠢᠮᠳᠦ᠎ᠪᠠᠢᠳᠠᠯ᠎ᠢᠶᠠᠨ᠎ᠦᠷᠭᠦᠯᠵᠢᠯᠡᠨ ᠪᠠᠲᠤᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号