ᠭᠤᠤᠯ ᠰᠠᠨᠠᠭᠤᠯᠤᠮᠵᠢ᠄
•ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠦᠢᠯᠡᠳᠦᠯᠭᠡ ᠭᠠᠷᠳᠠᠴᠠ ᠠᠷᠭ᠎ᠠ ᠵᠠᠮ᠎ᠢ ᠣᠨᠣᠪᠴᠢᠲᠠᠢ ᠡᠷᠢᠨ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠢ ᠴᠢᠩᠭᠠᠳᠭᠠᠬᠤ ᠬᠡᠷᠡᠭ᠌ᠲᠡᠢ
•ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠤᠭ᠍ᠴᠠᠯᠠᠬᠤ᠎ᠳᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠮᠦᠵᠢᠭᠦᠯᠦᠨ ᠬᠦᠳᠦᠯᠦᠨ ᠵᠢᠯᠣᠭᠣᠳᠴᠤ᠌᠂ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠳᠡᠭᠡᠳᠦ ᠬᠡᠮᠵᠢᠶᠠᠨ᠎ᠤ ᠬᠠᠮᠳᠦ ᠵᠢᠨ ᠲᠠᠨᠢᠯᠳᠠ ᠳᠤᠮᠳᠠ ᠡᠶ᠎ᠡ ᠨᠠᠢᠷᠲᠠᠢ ᠬᠠᠮᠲᠤ ᠣᠷᠣᠱᠢᠵᠤ᠂ ᠬᠠᠮᠲᠤ ᠪᠠᠷ ᠪᠦᠯᠬᠦᠮᠳᠡᠨ ᠤᠷᠤᠭ᠍ᠰᠢᠯᠠᠵᠤ᠂ ᠦᠨᠳᠦᠰᠦᠲᠡᠨ᠎ᠦ ᠭᠠᠵᠠᠷ ᠣᠷᠣᠨ᠎ᠤ ᠲᠦᠷᠭᠡᠨ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ ᠬᠡᠷᠡᠭ᠌ᠲᠡᠢ
•ᠦᠢᠯᠡᠳᠦᠯᠭᠡ᠎ᠶ᠋ᠢᠨ ᠰᠠᠭᠤᠷᠢ ᠴᠡᠭ ᠢ ᠣᠨᠣᠪᠴᠢᠲᠠᠢ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠴᠢᠪᠬᠠᠳᠠᠬᠤ ᠬᠡᠷᠡᠭ᠌ᠲᠡᠢ

ᠦᠨᠳᠦᠰᠦᠲᠡᠨ᠎ᠦ ᠠᠵᠢᠯ ᠪᠣᠯ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ᠎ᠲᠡᠶ ᠬᠣᠯᠪᠣᠭ᠍ᠳᠠᠵᠤ ᠪᠠᠢᠳᠠᠭ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠤᠬᠠᠢ ᠭᠦᠨᠵᠡᠭᠡᠢ ᠠᠵᠢ᠍ᠭ᠍ᠯᠠᠯᠲᠠ ᠬᠢᠵᠦ᠍᠂《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》ᠴᠢᠬᠤᠯᠠ ᠥᠭᠦᠯᠡᠯᠲᠡ᠎ᠶ᠋ᠢ ᠳᠤᠷᠠᠳᠪᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠡᠴᠡ《ᠳᠤᠮᠳᠠᠳᠤ ᠶ᠋ᠢᠨ ᠦᠨᠳᠦᠰᠦᠲᠡᠨ ᠦ ᠬᠠᠮᠲᠤ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ》ᠵᠢ ᠨᠠᠮ᠎ᠤᠨ ᠲᠦᠷᠢᠮ᠎ᠳᠦ ᠪᠢᠴᠢᠵᠦ᠍ ᠣᠷᠣᠭᠤᠯᠪᠠ᠃ ᠲᠦᠷᠦᠭᠦᠬᠡᠨ ᠬᠤᠷᠠᠯᠳᠤᠭ᠍ᠰᠠᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢᠯᠣᠭᠣᠳᠭᠤ ᠦᠵᠡᠯ ᠰᠠᠨᠠᠭ᠎ᠠ᠂ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠂ ᠭᠤᠤᠯ ᠡᠭᠦᠷᠭᠡ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠦ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ ᠡᠴᠡ ᠭᠠᠷᠳᠠᠵᠤ᠂ ᠦᠢᠯᠡᠳᠦᠯᠭᠡ ᠭᠠᠷᠳᠠᠴᠠ ᠠᠷᠭ᠎ᠠ ᠵᠠᠮ ᠢ ᠣᠨᠣᠪᠴᠢᠲᠠᠢ ᠡᠷᠢᠨ ᠣᠯᠵᠤ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠵᠢᠨ ᠤᠬᠠᠮᠰᠠᠷ᠎ᠢ ᠴᠢᠩᠭᠠᠳᠭᠠᠬᠤ ᠬᠡᠷᠡᠭ᠌ᠲᠡᠢ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠰᠠᠢ᠌ᠲᠤᠷ ᠡᠵᠡᠮᠳᠡᠬᠦ᠌ ᠬᠡᠷᠡᠭ᠌ᠲᠡᠢ
20 ᠳ᠋ᠤᠭᠠᠷ ᠵᠠᠭᠤᠨ᠎ᠤ ᠨᠠᠶᠠᠭᠠᠳ ᠣᠨ᠎ᠳᠤ᠂ ᠡᠷᠳᠡᠮᠲᠡᠨ ᠹᠸᠢ ᠱᠢᠶᠤᠤ ᠲᠦᠩ ᠳᠤᠮᠳᠠᠳᠤ᠎ᠶ᠋ᠢᠨ ᠦᠨᠳᠦᠰᠦᠲᠡᠨ᠎ᠦ ᠤᠯᠠᠨ ᠡᠱᠢᠲᠦ ᠨᠢᠭᠡ ᠴᠤᠬ᠍ᠴᠠᠵᠢᠬ᠍ᠰᠠᠨ ᠤᠨᠤᠯ᠎ᠢ ᠳᠤᠷᠠᠳᠴᠤ᠌᠂ ᠳᠤᠮᠳᠠᠳᠤ᠎ᠶ᠋ᠢᠨ ᠦᠨᠳᠦᠰᠦᠲᠡᠨ ᠪᠣᠯ ᠮᠠᠰᠢ ᠤᠯᠠᠨ ᠲᠠᠷᠠᠬᠠᠢ ᠪᠤᠲᠠᠷᠬᠠᠢ ᠲᠤᠰᠠᠭᠠᠷ ᠣᠷᠣᠱᠢᠵᠤ ᠪᠠᠢᠭ᠎ᠠ ᠦᠨᠳᠦᠰᠦᠲᠡᠨ᠎ᠦ ᠨᠢᠭᠡᠴᠢ ᠵᠢᠨ ᠬᠢᠨ ᠲᠠᠮᠵᠢᠨ ᠤᠢ᠍ᠢᠷᠠᠳᠤᠯᠴᠠᠬᠤ᠂ ᠬᠣᠯᠢᠯᠳᠤᠬᠤ᠂ ᠬᠣᠯᠪᠣᠭᠠᠯᠠᠬᠤ ᠪᠠ ᠠᠭᠤᠰᠤᠯᠴᠠᠬᠤ ᠵᠡᠷᠭᠡ᠎ᠪᠡᠷ ᠲᠠᠮᠵᠢᠨ᠂ ᠴᠢ ᠢᠷᠡᠪᠡᠯ ᠪᠢ ᠣᠴᠢᠬᠤ᠂ ᠪᠢ ᠣᠴᠢᠪᠠᠯ ᠴᠢ ᠢᠷᠡᠬᠦ᠂ ᠪᠠᠰᠠ ᠥᠪᠡᠷ ᠥᠪᠡᠷ᠎ᠦᠨ ᠥᠪᠡᠷᠮᠢᠴᠡ ᠣᠨᠴᠠᠯᠢᠭ᠎ᠲᠠᠶ ᠤᠯᠠᠨ ᠡᠱᠢᠲᠦ ᠨᠢᠭᠡᠳᠦᠮᠡᠯ ᠴᠣᠭ᠍ᠴᠠ ᠪᠤᠯᠵᠦ᠍ ᠪᠦᠷᠢᠯᠳᠦᠵᠡᠢ᠃ ᠮᠠᠨ᠎ᠤ ᠤᠯᠤᠰ᠎ᠤᠨ ᠲᠡᠦᠬᠡ᠎ᠶ᠋ᠢᠨ ᠬᠤᠪᠢᠰᠤᠯᠲᠠ᠎ᠡᠴᠡ ᠮᠠᠨ᠎ᠤ ᠤᠯᠤᠰ᠎ᠤᠨ ᠦᠨᠳᠦᠰᠦᠲᠡᠨ ᠨᠦᠭᠦᠳ ᠲᠠᠷᠬᠠᠯᠲᠠ᠎ᠶ᠋ᠢᠨ ᠲᠠᠯ᠎ᠠ᠎ᠪᠠᠷ ᠰᠣᠯᠪᠢᠴᠠᠨ ᠬᠣᠯᠢᠯᠳᠤᠨ ᠰᠠᠭᠤᠷᠢᠱᠢᠭ᠍ᠰᠠᠨ᠂ ᠰᠣᠶᠣᠯ ᠤᠨ ᠲᠠᠯ᠎ᠠ᠎ᠪᠠᠷ ᠪᠦᠬᠦᠨ᠎ᠢ ᠠᠪᠴᠤ᠌ ᠪᠠᠢᠳᠠᠭ᠎ᠢ ᠬᠠᠳᠠᠭᠠᠯᠠᠭ᠍ᠰᠠᠨ᠂ ᠠᠵᠤ ᠠᠬᠤᠢ᠎ᠶ᠋ᠢᠨ ᠲᠠᠯ᠎ᠠ᠎ᠪᠠᠷ ᠬᠠᠷᠢᠯᠴᠠᠨ ᠲᠦᠱᠢᠯᠴᠡᠭ᠌ᠰᠡᠨ᠂ ᠬᠠᠢᠷ᠎ᠠ ᠰᠡᠳᠭᠢᠯᠭᠡ᠎ᠶ᠋ᠢᠨ ᠲᠠᠯ᠎ᠠ᠎ᠪᠠᠷ ᠬᠠᠷᠢᠯᠴᠠᠨ ᠬᠠᠨᠢᠰᠤᠬᠰᠠᠨ᠂ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ ᠤᠯᠠᠨ ᠡᠱᠢᠲᠦ ᠨᠢᠭᠡ ᠴᠣᠭ᠍ᠴᠠ ᠵᠢᠨ ᠪᠠᠢᠷᠢᠱᠢᠯ᠎ᠢ ᠪᠤᠢ ᠪᠣᠯᠭᠠᠭ᠍ᠰᠠᠨ ᠪᠠᠢᠨ᠎ᠠ᠃ ᠣᠯᠠᠨ ᠡᠱᠢᠲᠦ ᠭᠡᠳᠡᠭ ᠨᠢ ᠦᠵᠡᠯ ᠰᠠᠨᠠᠭ᠎ᠠ ᠰᠣᠶᠣᠯ ᠣᠯᠠᠨ ᠡᠱᠢᠲᠦ᠍᠂ ᠱᠠᠱᠢᠨ ᠱᠢᠲᠦᠯᠭᠡ ᠣᠯᠠᠨ ᠡᠱᠢᠲᠦ᠍᠂ ᠥᠷᠲᠡᠭ᠎ᠦᠨ ᠬᠥᠭᠡᠭᠡᠴᠡᠯᠳᠦᠯ ᠣᠯᠠᠨ ᠡᠱᠢᠲᠦ᠍᠂ ᠵᠠᠩ ᠳᠠᠳᠭᠠᠯ ᠣᠯᠠᠨ ᠡᠱᠢᠲᠦ ᠪᠠᠢᠬᠤ᠎ᠶ᠋ᠢ ᠬᠠᠷᠠᠭᠤᠯᠵᠤ ᠪᠠᠢᠨ᠎ᠠ᠃ ᠨᠢᠭᠡ ᠴᠣᠭ᠍ᠴᠠ ᠭᠡᠳᠡᠭ ᠨᠢ ᠦᠨᠳᠦᠰᠦᠲᠡᠨ᠎ᠨᠦᠭᠦᠳ᠎ᠦᠨ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠱᠢᠨᠵᠢ ᠴᠢᠨᠠᠷ᠎ᠲᠤ ᠨᠢᠭᠡᠳᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠲᠡᠮᠡᠴᠡᠬᠦ᠌ ᠬᠠᠷᠠᠯᠲᠠ᠎ᠳᠤ ᠨᠢᠭᠡᠳᠬᠦ᠂ ᠳᠤᠮᠳᠠᠳᠤ᠎ᠶ᠋ᠢᠨ ᠦᠨᠳᠦᠰᠦᠲᠡᠨ᠎ᠦ ᠬᠤᠪᠢ ᠵᠠᠶᠠᠭᠠᠨ᠎ᠤ ᠬᠠᠮᠲᠤ ᠴᠣᠭ᠍ᠴᠠ᠎ᠳᠤ ᠨᠢᠭᠡᠳᠬᠦ᠌᠎ᠶ᠋ᠢ ᠵᠢᠭᠠᠵᠤ ᠪᠠᠢᠨ᠎ᠠ᠃ ᠥᠭᠡᠷᠡᠴᠢᠯᠡᠯᠲᠡ ᠨᠡᠭᠡᠭᠡᠯᠳᠡ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠮᠠᠨ᠎ᠤ ᠨᠠᠮ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠵᠡᠷᠭᠡ ᠣᠢᠯᠠᠭᠠᠭ᠍ᠳᠠᠬᠤᠨ᠎ᠢ ᠴᠢᠬᠤᠯᠠᠴᠢᠯᠠᠵᠤ᠂ ᠤᠯᠠᠮᠵᠢᠯᠠᠯ ᠨᠢᠭᠡᠲᠡᠢ ᠪᠦᠭᠡᠳ ᠴᠠᠭ ᠦᠶ᠎ᠡ ᠲᠡᠶ ᠵᠡᠷᠭᠡ ᠪᠡᠷ ᠤᠷᠤᠭ᠍ᠰᠢᠯᠠᠨ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠵᠤ᠂ ᠦᠨᠳᠦᠰᠦᠲᠡᠨ᠎ᠦ ᠠᠰᠠᠭᠤᠳᠠᠯ᠎ᠢ ᠡᠵᠡᠮᠳᠡᠬᠦ᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠡᠷᠬᠢᠮ ᠨᠠᠨᠳᠢᠨ ᠲᠤᠷᠱᠢᠯᠭ᠎ᠠ᠎ᠶ᠋ᠢ ᠬᠤᠷᠠᠮᠳᠤᠭᠤᠯᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠨᠠᠮ᠎ᠤᠨ ᠴᠢᠬᠤᠯᠠ ᠦᠵᠡᠯ ᠰᠠᠨᠠᠭ᠎ᠠ᠎ᠶ᠋ᠢ ᠪᠤᠢ ᠪᠣᠯᠭᠠᠪᠠ᠂ ᠡᠭᠦᠨ ᠢ 《ᠠᠷᠪᠠᠨ ᠬᠣᠶᠠᠷ ᠡᠷᠬᠡᠪᠰᠢ》 ᠭᠡᠵᠦ᠍ ᠬᠤᠷᠢᠶᠠᠩᠭᠤᠢᠯᠠᠵᠤ ᠪᠣᠯᠤᠨ᠎ᠠ᠃ ᠡᠨᠡ ᠬᠦ᠌ 《ᠠᠷᠪᠠᠨ ᠬᠣᠶᠠᠷ ᠡᠷᠬᠡᠪᠰᠢ》 ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ ᠶᠠᠮᠠᠷ ᠲᠤᠭ᠎ᠢ ᠮᠠᠨᠳᠤᠭᠤᠯᠬᠤ᠂ ᠶᠠᠮᠠᠷ ᠵᠠᠮ᠎ᠢᠶᠠᠷ ᠵᠠᠮᠨᠠᠬᠤ ᠵᠡᠷᠭᠡ ᠴᠢᠬᠤᠯᠠ ᠶᠡᠬᠡ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ ᠬᠠᠷᠢᠭᠤᠯᠲᠠ ᠥᠭ᠌ᠴᠦ ᠂ ᠮᠠᠨ᠎ᠦ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠤᠨᠤᠯ᠎ᠤᠨ ᠵᠢᠯᠤᠭᠤᠳᠤᠯᠭ᠎ᠠ ᠪᠠ ᠦᠢᠯᠡᠳᠦᠯᠭᠡ᠎ᠶ᠋ᠢᠨ ᠵᠦᠭ᠌ᠯᠡᠭᠦᠷ ᠬᠠᠩᠭᠠᠪᠠ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠦᠴᠦᠯᠡᠬᠦ᠌ ᠴᠡᠭ᠎ᠢ ᠣᠨᠣᠪᠴᠢᠲᠠᠶ ᠣᠯᠬᠤ ᠬᠡᠷᠡᠭ᠌ᠲᠡᠢ
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠤᠭ᠍ᠴᠠᠯᠠᠬᠤ᠎ᠳᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠮᠦᠵᠢᠭᠦᠯᠦᠨ ᠬᠦᠳᠦᠯᠦᠨ ᠵᠢᠯᠣᠭᠣᠳᠴᠤ᠌᠂ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠳᠡᠭᠡᠳᠦ ᠬᠡᠮᠵᠢᠶᠠᠨ᠎ᠤ ᠬᠠᠮᠳᠦ ᠵᠢᠨ ᠲᠠᠨᠢᠯᠳᠠ ᠵᠢᠨ ᠳᠤᠮᠳᠠ ᠡᠶ᠎ᠡ ᠨᠠᠢᠷᠲᠠᠢ ᠬᠠᠮᠲᠤ ᠣᠷᠣᠱᠢᠵᠤ᠂ ᠬᠠᠮᠲᠤ᠎ᠪᠠᠷ ᠪᠦᠯᠬᠦᠮᠳᠡᠨ ᠤᠷᠤᠭ᠍ᠰᠢᠯᠠᠵᠤ᠂ ᠦᠨᠳᠦᠰᠦᠲᠡᠨ᠎ᠦ ᠭᠠᠵᠠᠷ ᠣᠷᠣᠨ᠎ᠤ ᠲᠦᠷᠭᠡᠨ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ ᠬᠡᠷᠡᠭ᠌ᠲᠡᠢ᠃
ᠠᠭᠤᠤ ᠶᠡᠬᠡ ᠡᠬᠡ ᠤᠯᠤᠰᠤᠨᠲᠤᠬᠠᠶ ᠬᠠᠮᠲᠤ᠎ᠶ᠋ᠢᠨ ᠲᠠᠨᠢᠯᠲᠠ᠎ᠵᠢ ᠴᠢᠩᠭᠠᠳᠭᠠᠬᠤ ᠬᠡᠷᠡᠭ᠌ᠲᠡᠢ᠃ ᠤᠯᠤᠰ ᠪᠣᠯ ᠦᠨᠳᠦᠰᠦᠲᠡᠨ᠎ᠦ ᠣᠷᠣᠱᠢᠬᠤᠶᠶ᠋ᠢᠨ ᠰᠠᠭᠤᠷᠢ ᠮᠥᠨ᠂ ᠡᠪᠦᠭᠡ ᠳᠡᠭᠡᠳᠦᠰ᠎ᠦᠨ ᠰᠣᠶᠣᠯ ᠪᠠ ᠦᠨᠳᠦᠰᠦᠲᠡᠨ ᠠᠢ᠌ᠮᠠᠭ᠎ᠤᠨ ᠤᠬᠠᠮᠰᠠᠷ᠎ᠤᠨ ᠣᠷᠣᠱᠢᠬᠤᠶ ᠡᠴᠡ ᠪᠣᠯᠵᠤ᠂ ᠦᠨᠳᠦᠰᠦᠲᠡᠨ᠎ᠦ ᠬᠠᠮᠲᠤ ᠵᠢᠨ ᠲᠠᠨᠢᠯᠲᠠ ᠪᠠ ᠤᠯᠤᠰ᠎ᠤᠨ ᠬᠠᠮᠲᠤ ᠵᠢᠨ ᠲᠠᠨᠢᠯᠲᠠ ᠪᠣᠳᠠᠭᠠᠯᠢ ᠪᠡᠶ᠎ᠡ᠎ᠶ᠋ᠢᠨ ᠲᠠᠨᠢᠯᠲᠠ ᠤᠬᠠᠮᠰᠠᠷᠲᠤ ᠬᠠᠮᠲᠤ ᠣᠷᠣᠱᠢᠳᠠᠭ᠃ ᠤᠯᠤᠰ᠎ᠤᠨ ᠤᠬᠠᠮᠰᠠᠷ᠎ᠢ ᠴᠢᠩᠭᠠᠳᠭᠠᠵᠤ᠂ ᠤᠯᠤᠰ ᠵᠢᠡᠨ ᠬᠠᠢᠷᠠᠯᠠᠬᠤ ᠦᠵᠡᠯ᠎ᠢ ᠪᠠᠳᠠᠷᠠᠭᠤᠯᠪᠠᠯ ᠰᠠᠶᠢ ᠤᠤᠯ᠎ᠤᠨ ᠦᠨᠳᠦᠰᠦᠲᠡᠨ᠎ᠦ ᠬᠠᠮᠲᠤ ᠵᠢᠨ ᠲᠠᠨᠢᠯᠲᠠ᠎ᠶ᠋ᠢ ᠨᠢᠭᠡᠳᠭᠡᠬᠦ᠌ ᠳᠤᠮᠳᠠ ᠤᠯᠤᠰ᠎ᠤᠨ ᠨᠢᠭᠡᠳᠦᠯᠲᠡᠢ ᠬᠠᠮᠲᠤ ᠵᠢᠨ ᠲᠠᠨᠢᠯᠲᠠ᠎ᠶ᠋ᠢ ᠪᠤᠢ ᠪᠤᠯᠭᠠᠵᠤ ᠴᠢᠳᠠᠨ᠎ᠠ᠃
ᠳᠤᠮᠳᠠᠳᠤ ᠶ᠋ᠢᠨ ᠦᠨᠳᠦᠰᠦᠲᠡᠨ ᠦ ᠲᠤᠬᠠᠢ ᠬᠠᠮᠲᠤ ᠶ᠋ᠢᠨ ᠲᠠᠨᠢᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠴᠢᠨ ᠤᠯᠤᠰ᠎ᠤᠨ ᠦᠶ᠎ᠠ ᠳ᠋ᠦ ᠨᠢᠭᠡᠳᠦᠭ᠌ᠰᠡᠨᠦ ᠲᠠᠷᠠᠭ᠎ᠠ᠂ ᠳᠤᠮᠳᠠᠳᠤ ᠤᠯᠤᠰ ᠨᠢᠭᠡᠳᠦᠭ᠌ᠰᠡᠨ ᠤᠯᠠᠨ ᠦᠨᠳᠦᠰᠦᠲᠡᠨ᠎ᠲᠡᠶ ᠤᠯᠤᠰ᠎ᠤᠨ ᠬᠥᠭ᠌ᠵᠢᠯᠲᠡ᠎ᠶ᠋ᠢᠨ ᠲᠡᠦᠬᠡᠨ ᠶᠠᠪᠤᠴᠠ᠎ᠶ᠋ᠢ ᠡᠬᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠤᠬᠠᠮᠰᠠᠷ ᠠᠯᠬᠤᠮ ᠠᠯᠬᠤᠮ᠎ᠢᠶᠠᠷ ᠪᠦᠷᠢᠯᠳᠦᠨ ᠲᠣᠭ᠍ᠲᠠᠪᠤᠷᠢᠵᠢᠪᠠ᠂ ᠢᠯᠠᠩᠭᠤᠶ᠎ᠠ ᠤᠢ᠍ᠢᠷ᠎ᠠ ᠦᠶ᠎ᠡ ᠳᠤ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠵᠦ᠍᠂ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠢ ᠪᠡᠶᠡᠯᠡᠭᠦᠯᠬᠦ᠌ ᠠᠭᠤᠤ ᠶᠡᠬᠡ ᠲᠡᠮᠡᠴᠡᠯ ᠳᠤᠮᠳᠠ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠢᠭ᠍ᠲᠠᠷᠠᠨ ᠪᠦᠯᠬᠦᠮᠳᠡᠵᠦ᠍᠂ 《ᠬᠢᠲᠡᠳ ᠦᠨᠳᠦᠰᠦᠲᠡᠨ ᠴᠦᠬᠡᠨ ᠲᠤᠭᠠᠲᠤ ᠦᠨᠳᠦᠰᠦᠲᠡᠨ ᠡᠴᠡ ᠰᠠᠯᠵᠤ ᠴᠢᠳᠠᠬᠤ ᠦᠭᠡᠢ᠂ ᠴᠦᠬᠡᠨ ᠲᠤᠭᠠᠳᠤ ᠦᠨᠳᠦᠰᠦᠲᠡᠨ ᠬᠢᠲᠡᠳ ᠦᠨᠳᠦᠰᠦᠲᠡᠨ ᠡᠴᠡ ᠰᠠᠯᠵᠤ ᠴᠢᠳᠠᠬᠤ ᠦᠭᠡᠢ᠂ ᠡᠯ᠎ᠡ ᠦᠨᠳᠦᠰᠦᠲᠡᠨ ᠴᠤ᠌ ᠬᠤᠭᠤᠷᠤᠨᠳᠤ ᠪᠠᠨ ᠰᠠᠯᠵᠤ ᠴᠢᠳᠠᠬᠤ ᠦᠭᠡᠢ》 ᠳᠤᠮᠳᠠᠳᠤ᠎ᠶ᠋ᠢᠨ ᠦᠨᠳᠦᠰᠦᠲᠡᠨ᠎ᠦ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠦᠷᠢᠯᠳᠦᠭᠦᠯᠪᠡ᠃ ᠦᠨᠳᠦᠰᠦᠲᠡᠨ᠎ᠨᠦᠭᠦᠳ ᠥᠪᠡᠷ ᠦᠨ ᠬᠤᠪᠢ ᠵᠠᠶᠠᠭ᠎ᠠ᠎ᠪᠠᠨ ᠳᠤᠮᠳᠠᠳᠤ᠎ᠶ᠋ᠢᠨ ᠦᠨᠳᠦᠰᠦᠲᠡᠨ᠎ᠦ ᠬᠤᠪᠢ ᠵᠠᠶᠠᠭ᠎ᠠ᠎ᠲᠠᠶ ᠨᠢᠭ᠍ᠲᠠ ᠬᠣᠯᠪᠣᠪᠠᠯ ᠰᠠᠶᠢ ᠭᠡᠭᠡᠨ ᠰᠠᠷᠠᠭᠤᠯ ᠢᠷᠡᠭᠡᠳᠦᠢ᠎ᠲᠡᠶ᠂ ᠬᠦᠰᠡᠯ ᠡᠷᠡᠮᠡᠯᠵᠡᠯ᠎ᠲᠡᠶ ᠪᠤᠯᠵᠤ ᠴᠢᠳᠠᠨ᠎ᠠ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠦᠵᠡᠯ ᠰᠠᠨᠠᠭᠠᠨ᠎ᠤ ᠰᠠᠭᠤᠷᠢ᠎ᠶ᠋ᠢ ᠨᠡᠩ ᠪᠠᠲᠤᠳᠭᠠᠵᠤ ᠴᠢᠳᠠᠨ᠎ᠠ᠃
ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠵᠢ ᠴᠢᠩᠭᠠᠳᠭᠠᠬᠤ ᠬᠡᠷᠡᠭ᠌ᠲᠡᠢ᠃ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠨᠢᠭᠡ ᠦᠨᠳᠦᠰᠦᠲᠡᠨ᠂ ᠨᠢᠭᠡ ᠤᠯᠤᠰ᠎ᠤᠨ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠦᠨᠳᠦᠰᠦᠲᠡᠨ᠎ᠦ ᠡᠶ᠎ᠡ ᠵᠤᠬᠢᠴᠠᠯ᠎ᠤᠨ ᠰᠦᠭ ᠰᠦᠨᠡᠰᠦ ᠮᠥᠨ᠃ ᠠᠭᠤᠤ ᠶᠡᠬᠡ ᠳᠤᠮᠳᠠᠳᠤ᠎ᠶ᠋ᠢᠨ ᠰᠣᠶᠣᠯ ᠪᠣᠯ ᠦᠨᠳᠦᠰᠦᠲᠡᠨ᠎ᠨᠦᠭᠦᠳ᠎ᠦᠨ ᠱᠢᠯᠢᠳᠡᠭ ᠰᠣᠶᠣᠯ᠎ᠤᠨ ᠬᠤᠷᠠᠮᠳᠤᠯ ᠮᠥᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠢᠭᠡ ᠬᠠᠷᠠᠯᠲᠠ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠤᠶᠤᠨ ᠰᠠᠨᠠᠭᠠᠨ᠎ᠤ ᠬᠣᠯᠪᠣᠭᠠᠰᠤ ᠮᠥᠨ᠂ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ ᠮᠥᠨ᠃ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠵᠢ ᠴᠢᠩᠭᠠᠳᠭᠠᠵᠤ᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠪᠠᠷ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠂ ᠦᠷᠳᠡᠭ᠎ᠦᠨ ᠬᠠᠮᠲᠤ᠎ᠶ᠋ᠢᠨ ᠲᠠᠨᠢᠯᠲᠠ᠂ ᠬᠠᠢᠷ᠎ᠠ ᠰᠡᠳᠭᠢᠯᠭᠡ ᠶ᠋ᠢᠨ ᠬᠠᠮᠲᠤ ᠶ᠋ᠢᠨ ᠲᠠᠨᠢᠯᠲᠠ᠎ᠵᠢ ᠴᠢᠩᠭᠠᠳᠭᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠨᠳᠦᠰᠦᠨ ᠯᠤᠬᠢᠬ ᠮᠥᠨ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠤᠢ᠍ᠢᠷ᠎ᠠ ᠦᠶ᠎ᠡ᠎ᠡᠴᠡ ᠨᠠᠭᠠᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠶᠠᠳᠠᠭᠤ ᠳᠤᠷᠤᠢ᠂ ᠳᠤᠷᠤᠮᠵᠢᠯᠠᠭ᠍ᠳᠠᠨ ᠳᠠᠷᠤᠯᠠᠭ᠍ᠳᠠᠬᠤ ᠬᠤᠪᠢ ᠵᠠᠶᠠᠭ᠎ᠠ ᠡᠴᠡ ᠠᠩᠭᠢᠵᠢᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠱᠢᠨ᠎ᠡ ᠠᠶᠠᠨ ᠵᠦᠭ ᠬᠦᠲᠦᠯᠪᠡ᠃ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ ᠭᠡᠳᠡᠭ ᠪᠤᠯ ᠨᠢᠭᠡᠨᠲᠡ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠲᠠᠨᠢᠯᠲᠠ ᠪᠣᠯᠤᠭ᠍ᠰᠠᠨ ᠪᠠᠢᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠡᠷᠬᠡᠪᠰᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠵᠣᠷᠢᠭ ᠰᠠᠨᠠᠭ᠎ᠠ᠎ᠶ᠋ᠢ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠢᠭᠡᠳᠦᠯᠲᠡᠶ ᠵᠣᠷᠢᠭ ᠰᠠᠨᠠᠭ᠎ᠠ ᠪᠣᠯᠭᠠᠨ ᠳᠡᠭᠡᠭ᠌ᠰᠢᠯᠡᠭᠦᠯᠬᠦ᠌ ᠬᠡᠷᠡᠭ᠌ᠲᠡᠶ᠃
ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠲᠤᠬᠠᠢ ᠬᠠᠮᠲᠤ ᠵᠢᠨ ᠲᠠᠨᠢᠯᠲᠠ ᠵᠢ ᠴᠢᠩᠭᠠᠳᠭᠠᠬᠤ ᠬᠡᠷᠡᠭ᠌ᠲᠡᠢ᠃ ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠬᠥᠭ᠌ᠵᠢᠭᠦᠯᠵᠦ᠍ ᠴᠢᠳᠠᠨ᠎ᠠ᠂ ᠡᠨᠡ ᠪᠣᠯ ᠲᠡᠦᠬᠡ᠎ᠶ᠋ᠢᠨ ᠳ᠋ᠦᠩᠨᠡᠯᠲᠡ᠂ ᠠᠷᠠᠳ ᠲᠦᠮᠡᠨ᠎ᠦ ᠰᠣᠩᠭᠣᠯᠲᠠ ᠮᠥᠨ᠃ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠪᠣᠯ ᠨᠠᠮ ᠪᠠ ᠠᠷᠠᠳ ᠲᠦᠮᠡᠨ᠎ᠦ 100 ᠵᠢᠯ᠎ᠦᠨ ᠲᠡᠮᠡᠴᠡᠯ᠂ ᠡᠭᠦᠳᠦᠯᠲᠡ᠂ ᠬᠤᠷᠠᠮᠳᠤᠭᠤᠯᠤᠯ᠎ᠤᠨ ᠠᠮᠵᠢᠯᠲᠠ ᠮᠥᠨ᠂ ᠳᠤᠮᠳᠠᠳᠤ ᠤᠯᠤᠰ᠎ᠤᠨ ᠲᠠᠪᠰᠢᠯᠳᠠ ᠵᠢ ᠬᠦᠳᠦᠯᠦᠨ ᠵᠢᠯᠤᠭᠤᠳᠬᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠡᠴᠡᠭ᠌ᠯᠡᠯ ᠬᠥᠭ᠌ᠵᠢᠯ᠎ᠢ ᠪᠡᠶᠡᠯᠡᠭᠦᠯᠬᠦ᠌ ᠵᠠᠢᠯᠠᠰᠢ ᠦᠭᠡᠢ ᠶᠠᠪᠤᠬᠤ ᠵᠠᠮ ᠮᠥᠨ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠠᠬᠢᠭᠤᠯᠬᠤ ᠬᠡᠷᠡᠭ᠌ᠲᠡᠢ
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠪᠣᠯ ᠤᠯᠤᠰ᠎ᠤᠨ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠬᠦᠴᠦᠨ ᠴᠢᠳᠠᠯ᠎ᠢ ᠨᠢᠭ᠍ᠲᠠᠷᠠᠭᠤᠯᠬᠤ ᠡᠬᠢ ᠪᠤᠯᠠᠭ ᠮᠥᠨ᠂ ᠡᠭᠦᠨ᠎ᠳᠤ ᠦᠢᠯᠡᠳᠦᠯᠭᠡ᠎ᠶ᠋ᠢᠨ ᠰᠠᠭᠤᠷᠢ ᠴᠡᠭ᠎ᠢ ᠣᠨᠣᠪᠴᠢᠲᠠᠢ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠠᠭ ᠦᠶ᠎ᠡ᠎ᠶ᠋ᠢᠨ ᠬᠦᠴᠦᠷᠬᠡᠭ ᠳᠠᠭᠤᠨ᠎ᠢ ᠴᠢᠪᠬᠠᠳᠠᠬᠤ ᠬᠡᠷᠡᠭ᠌ᠲᠡᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠲᠡᠢ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠤᠯᠤᠰ ᠲᠦᠷᠦ᠍ ᠶ᠋ᠢᠨ ᠦᠨᠳᠦᠰᠦᠨ ᠪᠠᠲᠤᠯᠠᠭ᠎ᠠ ᠮᠥᠨ᠃ ᠭᠠᠭ᠍ᠴᠠ ᠬᠦ᠌ ᠨᠠᠮ᠎ᠤᠨ ᠤᠳᠤᠷᠢᠳᠤᠯᠭ᠎ᠠ᠎ᠶ᠋ᠢ ᠭᠤᠢᠪᠢᠰᠢ ᠥᠬᠡᠶ ᠪᠠᠷᠢᠮᠲᠠᠯᠠᠵᠤ᠂ 《ᠳᠥᠷᠪᠡᠨ ᠤᠬᠠᠮᠰᠠᠷ》ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠨ᠂ 《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠢ᠍ᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠪᠡᠯ ᠰᠠᠶᠢ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠥᠷᠢᠰᠥᠯᠳᠦᠭᠡᠨ᠎ᠢ ᠪᠦᠲᠦᠮᠵᠢᠲᠡᠶ ᠠᠷᠭᠠᠴᠠᠭᠠᠵᠤ᠂ ᠦᠨᠳᠦᠰᠦᠲᠡᠨ᠎ᠦ ᠪᠦᠯᠬᠦᠮᠳᠡᠯ ᠨᠢᠭᠡᠳᠦᠯ᠎ᠳᠦ ᠪᠠᠲᠤ ᠴᠢᠩᠭ᠎ᠠ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠵᠤ ᠴᠢᠳᠠᠨ᠎ᠠ᠃
ᠳᠤᠮᠳᠠᠳᠤ ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠳᠤ᠂ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠤᠷᠤᠨ ᠪᠠᠢᠷᠢ᠎ᠶ᠋ᠢ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠡᠷ ᠵᠤᠷᠢᠯᠳᠠ ᠪᠠ ᠲᠤᠰᠤᠯᠳᠠ ᠪᠣᠯᠭᠠᠬᠤ ᠬᠡᠷᠡᠭ᠌ᠲᠡᠢ᠃ ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌ ᠤᠳᠭ᠎ᠠ ᠠᠭᠤᠯᠭ᠎ᠠ᠎ᠶ᠋ᠢ ᠪᠠᠭ᠍ᠲᠠᠭᠠᠵᠤ᠂ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠂ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠴᠢᠨᠡᠭᠡᠯᠢᠭ᠌ᠵᠢᠯ᠎ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠡᠳ᠋ᠯᠡᠬᠦ᠌ ᠰᠠᠢ᠌ᠨ ᠰᠠᠢᠬᠠᠨ ᠠᠮᠢᠳᠤᠷᠠᠯ᠎ᠤᠨ ᠳᠤᠮᠳᠠ ᠣᠢᠯᠠᠭᠠᠯᠴᠠᠭ᠎ᠠ ᠪᠠ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢ ᠪᠡᠬᠢᠵᠢᠭᠦᠯᠬᠦ ᠭᠡᠷᠡᠭᠲᠡᠢ᠃
ᠦᠨᠳᠦᠰᠦᠨ ᠱᠠᠲᠤᠨ ᠤ ᠦᠨᠳᠦᠰᠦᠲᠡᠨ ᠦ ᠠᠵᠢᠯ ᠤᠨ ᠪᠠᠢᠭᠤᠯᠤᠮᠵᠢ ᠶ᠋ᠢᠨ ᠪᠠᠢᠭᠤᠯᠤᠯᠲᠠ ᠪᠠ ᠦᠨᠳᠦᠰᠦᠲᠡᠨ᠎ᠦ ᠠᠵᠢᠯ᠎ᠤᠨ ᠬᠦᠴᠦᠨ᠎ᠢ ᠴᠢᠩᠭᠠᠳᠭᠠᠬᠤ ᠭᠡᠷᠡᠭᠲᠡᠢ᠃ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ᠂ ᠬᠥᠮᠦᠨ᠎ᠳᠦ ᠪᠤᠢ᠃ ᠱᠢᠨ᠎ᠡ ᠴᠠᠭ ᠦᠶ᠎ᠡ᠎ᠶ᠋ᠢᠨ ᠰᠠᠢ᠌ᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠣᠪᠣᠷ ᠤᠨᠴᠠᠭᠠᠢ ᠡᠷᠡᠰ ᠪᠠᠲᠤ᠌᠂ ᠵᠥᠪ ᠪᠤᠷᠤᠭᠤ᠎ᠶ᠋ᠢ ᠲᠣᠳᠣᠷᠬᠠᠢ ᠢᠯᠭᠠᠬᠤ ᠵᠣᠭ᠍ᠰᠣᠯᠲᠠ ᠣᠨᠴᠠᠭᠠᠢ ᠲᠤᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯᠯᠠᠭ᠎ᠠ ᠣᠨᠴᠠᠭᠠᠢ ᠡᠷᠡᠰ ᠴᠢᠩᠭ᠎ᠠ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠢᠷᠠᠯᠠᠬᠤ ᠬᠠᠢ᠌ᠷ᠎ᠠ ᠰᠡᠳᠭᠢᠯᠭᠡ ᠣᠨᠴᠠᠭᠠᠢ ᠦᠨᠡᠨᠴᠢ ᠦᠨᠳᠦᠰᠦᠲᠡᠨ᠎ᠦ ᠣᠷᠣᠨ᠎ᠤ ᠺᠠᠳ᠋ᠷ᠎ᠤᠨ ᠡᠩᠨᠡᠭᠡ᠎ᠶ᠋ᠢ ᠴᠢᠷᠮᠠᠢᠨ ᠪᠠᠢᠭᠤᠯᠵᠤ᠂ ᠦᠨᠳᠦᠰᠦᠲᠡᠨ᠎ᠦ ᠣᠷᠣᠨ᠎ᠤ ᠤᠳᠤᠷᠢᠳᠭᠤ ᠡᠷᠬᠡ᠎ᠶ᠋ᠢ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠤᠨ ᠭᠠᠷ ᠲᠤ ᠡᠵᠡᠮᠳᠡᠭᠦᠯᠬᠦ᠌ ᠶ᠋ᠢ ᠦᠨᠡᠨ ᠬᠦ᠌ ᠪᠠᠲᠤᠯᠠᠵᠤ᠂ ᠨᠠᠮ᠎ᠤᠨ ᠦᠨᠳᠦᠰᠦᠲᠡᠨ᠎ᠦ ᠤᠨᠤᠯ ᠪᠣᠯᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
(ᠵᠣᠬᠢᠶᠠᠭ᠍ᠴᠢ ᠵᠢᠨ ᠪᠠᠢᠭᠤᠯᠭ᠎ᠠ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠦᠨ ᠰᠤᠳᠤᠯᠭᠠᠨ᠎ᠤ ᠲᠥᠪ)