ᠦᠨᠳᠦᠰᠦᠲᠡᠨ᠎ᠦ ᠣᠷᠣᠨ᠎ᠤ ᠰᠠᠢᠨ ᠺᠠᠳ᠋ᠷ 《ᠳᠥᠷᠪᠡᠨ ᠣᠨᠴᠠᠭᠠᠶ 》 ᠪᠠᠷᠢᠮᠵᠢᠶ᠎ᠡ᠎ᠳᠤ ᠬᠦᠷᠬᠦ᠌ ᠬᠡᠷᠡᠭ᠌ᠲᠡᠶ
2021-10-29 09:46:00
ᠵᠣᠬᠢᠶᠠᠭ᠍ᠴᠢ᠄
ᠱᠢᠤᠢ ᠱᠢᠩ ᠵᠢᠶᠧ
ᠣᠩᠱᠢᠭ᠍ᠰᠠᠨ ᠣᠳᠠᠭ᠎ᠠ᠄
★★★☆☆

《ᠳᠥᠷᠪᠡᠨ ᠣᠨᠴᠠᠭᠠᠶ》 ᠭᠡᠳᠡᠭ ᠪᠣᠯ ᠨᠠᠮ᠎ᠤᠨ ᠦᠨᠳᠦᠰᠦᠲᠡᠨ᠎ᠦ ᠣᠷᠣᠨ᠎ᠤ ᠪᠣᠳᠠᠲᠤ ᠪᠠᠢᠳᠠᠯ ᠪᠣᠯᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠬᠡᠷᠡᠭ᠌ᠴᠡᠭᠡ ᠶ᠋ᠢ ᠦᠨᠳᠦᠰᠦᠯᠡᠨ᠂᠎ᠦᠨᠳᠦᠰᠦᠲᠡᠨ᠎ᠦ ᠣᠷᠣᠨ᠎ᠤ ᠺᠠᠳ᠋ᠷ᠎ᠤᠨ ᠎ᠡᠩᠨᠡᠭᠡᠨ᠎ᠦ ᠪᠠᠢᠭᠤᠯᠤᠯᠲᠠ᠎ᠳᠤ ᠳᠤᠷᠠᠳᠤᠭ᠍ᠰᠠᠨ ᠱᠢᠨ᠎ᠡ ᠱᠠᠭᠠᠷᠳᠠᠯᠭ᠎ᠠ ᠪᠣᠯᠤᠨ᠎ᠠ᠃ ᠦᠨᠳᠦᠰᠦᠲᠡᠨ᠎ᠦ ᠣᠷᠣᠨ᠎ᠤ ᠺᠠᠳ᠋ᠷᠴᠤᠳ ᠱᠢᠨ᠎ᠡ ᠴᠠᠭ ᠦᠶ᠎ᠡ᠎ᠶ᠋ᠢᠨ 《ᠲᠦᠷᠪᠡᠨ ᠣᠨᠴᠠᠭᠠᠢ》 ᠰᠠᠢ᠌ᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ ᠵᠢᠡᠷ ᠭᠣᠣᠯᠳᠠᠯᠭ᠎ᠠ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠪᠤᠶᠠᠨ ᠦᠢᠯᠡᠳᠬᠦ᠌ ᠎ᠪᠡᠷ ᠵᠣᠷᠢᠯᠲᠠ ᠪᠣᠯᠭᠠᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠬᠡᠷᠡᠭ᠌ᠲᠡᠢ᠃

ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠬᠠᠮᠠᠭᠠᠯᠠᠬᠤ ᠣᠪᠣᠷ ᠣᠨᠴᠠᠭᠠᠶ ᠡᠷᠡᠰ ᠪᠠᠳᠤ ᠪᠠᠢ᠌ᠬᠤ ᠬᠡᠷᠡᠭ᠌ᠲᠡᠢ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠮᠥᠨ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠳᠤ ᠬᠠᠮᠤᠭ᠎ᠤᠨ ᠴᠢᠬᠤᠯᠠ ᠨᠢ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠬᠤ ᠶᠠᠪᠤᠳᠠᠯ ᠪᠣᠯᠤᠨ᠎ᠠ᠂ ᠡᠨᠡ ᠪᠣᠯ ᠮᠠᠨ᠎ᠤ ᠬᠠᠮᠤᠭ᠎ᠤᠨ ᠶᠡᠬᠡ ᠤᠯᠤᠰ ᠲᠦᠷᠦ᠍᠎ᠶ᠋ᠢᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠂ ᠪᠠᠢᠭᠤᠯᠤᠯ᠎ᠤᠨ ᠳᠠᠪᠠᠭᠤᠯᠢᠭ ᠪᠣᠯᠤᠨ᠎ᠠ᠃ ᠦᠨᠳᠦᠰᠦᠲᠡᠨ᠎ᠦ ᠣᠷᠣᠨ᠎ᠤ ᠺᠠᠳ᠋ᠷᠴᠤᠳ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠨ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ᠎ᠲᠦᠷᠦ᠍᠎ᠶ᠋ᠢᠨ ᠤᠢ᠍ᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠦᠢᠴᠡᠳᠭᠡᠬᠦ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ 《ᠤᠯᠤᠰ᠎ᠤᠨ ᠶᠡᠬᠡ ᠲᠠᠯ᠎ᠠ》 ᠵᠢ ᠪᠠᠲᠤ ᠴᠡᠭᠡᠵᠢᠯᠡᠨ᠂ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ ᠪᠠᠨ ᠎ᠨᠠᠷᠢᠨ ᠬᠢᠨᠠᠮᠠᠭᠠᠢ ᠎ᠭᠦᠢᠴᠡᠳᠭᠡᠵᠦ᠍᠂᠎ᠨᠠᠮ᠎ᠤᠨ ᠤᠳᠤᠷᠢᠳᠤᠯᠭ᠎ᠠ᠎ᠶ᠋ᠢ᠎ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠢ᠃

ᠵᠥᠪ ᠪᠤᠷᠤᠭᠤ᠎ᠶ᠋ᠢ ᠲᠤᠳᠤᠷᠬᠠᠢ ᠢᠯᠭᠠᠬᠤ ᠵᠣᠭ᠍ᠰᠣᠯᠲᠠ ᠣᠨᠴᠠᠭᠠᠢ ᠳᠤᠳᠤ ᠪᠠᠢ᠌ᠬᠤ ᠬᠡᠷᠡᠭ᠌ᠲᠡᠢ᠃ ᠤᠨᠤᠯ᠎ᠤᠨ ᠲᠠᠯ᠎ᠠ᠎ᠪᠠᠷ ᠰᠡᠷᠭᠡᠢ ᠪᠠᠢᠪᠠᠯ ᠤᠯᠤᠰ ᠲᠦᠷᠦ᠍᠎ᠶ᠋ᠢᠨ ᠲᠠᠯ᠎ᠠ᠎ᠪᠠᠷ ᠰᠠᠶᠢ ᠡᠷᠡᠰ ᠪᠠᠲᠤ ᠪᠠᠢᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠴᠢᠭ᠌ᠯᠡᠯ ᠬᠡᠯᠪᠡᠢᠬᠦ᠌ ᠦᠭᠡᠢ ᠪᠠᠢᠬᠤ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃ ᠦᠨᠳᠦᠰᠦᠲᠡᠨ᠎ᠦ ᠣᠷᠣᠨ᠎ᠤ ᠺᠠᠳ᠋ᠷᠴᠤᠳ ᠮᠠᠷᠺᠰ᠎ᠤᠨ ᠦᠵᠡᠯ᠎ᠦᠨ ᠵᠣᠭ᠍ᠰᠣᠯᠲᠠ᠎ᠪᠠᠨ ᠪᠠᠲᠤᠳᠭᠠᠵᠤ᠂ ᠨᠠᠮᠴᠢ ᠴᠢᠨᠠᠷ᠎ᠤᠨ ᠵᠣᠭ᠍ᠰᠣᠯᠲᠠ ᠪᠠ ᠠᠷᠠᠳ ᠲᠦᠮᠡᠨ᠎ᠦ ᠵᠣᠭ᠍ᠰᠣᠯᠲᠠ᠎ᠵᠢ ᠡᠷᠡᠰ ᠪᠠᠷᠢᠮᠲᠠᠯᠠᠵᠤ᠂ ᠤᠬᠠᠮᠰᠠᠷ ᠡᠴᠡ᠎ᠪᠠᠨ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠲᠠᠶ ᠪᠠᠷᠢᠮᠵᠢᠶᠠᠯᠠᠨ ᠬᠠᠷᠭᠤᠭᠤᠯᠵᠤ᠂ ᠤᠯᠤᠰ ᠲᠦᠷᠦ᠍᠎ᠶ᠋ᠢᠨ ᠵᠣᠭ᠍ᠰᠣᠴᠠ ᠎ᠪᠠᠨ ᠳᠡᠭᠡᠭ᠌ᠰᠢᠯᠡᠭᠦᠯᠵᠦ᠍᠂ ᠤᠯᠤᠰ ᠲᠦᠷᠦ᠍ ᠎ᠶ᠋ᠢᠨ ᠴᠢᠭ᠌ᠯᠡᠯ ᠎ᠢᠶᠡᠨ ᠣᠨᠣᠪᠴᠢᠲᠠᠢ ᠡᠵᠡᠮᠳᠡᠵᠦ᠍᠂ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠨᠠᠮ᠎ᠤᠨ ᠤᠯᠤᠰ ᠲᠦᠷᠦ᠍᠎ᠶ᠋ᠢᠨ ᠱᠤᠭᠤᠮ᠎ᠢ ᠵᠥᠷᠢᠴᠡᠭ᠌ᠰᠡᠨ᠂ ᠭᠠᠵᠢᠭᠤᠳᠠᠭᠤᠯᠤᠭ᠍ᠰᠠᠨ᠂ ᠦᠭᠡᠢᠰᠭᠡᠭ᠌ᠰᠡᠨ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠎ᠲᠠᠶ ᠡᠷᠡᠰ ᠲᠡᠮᠡᠴᠡᠯ ᠬᠢᠵᠦ᠍᠂ ᠶᠠᠮᠠᠷᠪᠠ ᠴᠠᠭ ᠦᠶ᠎ᠡ᠎ᠳᠦ ᠴᠦ᠍ ᠭᠡᠳ ᠨᠠᠮ᠎ᠲᠠᠶ ᠰᠡᠳᠭᠢᠯ ᠰᠠᠨᠠᠭ᠎ᠠ᠎ᠪᠠᠨ ᠨᠢᠭᠡᠳᠭᠡᠬᠦ᠌ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ᠂ 《ᠲᠦᠷᠪᠡᠨ ᠬᠠᠷᠢᠴᠠᠭ᠎ᠠ》 ᠵᠢ ᠵᠥᠪ ᠡᠵᠡᠮᠳᠡᠵᠦ᠍᠂ ᠵᠠᠷᠴᠢᠮ᠎ᠤᠨ ᠠᠰᠠᠭᠤᠳᠠᠯ ᠳᠡᠭᠡᠷ᠎ᠡ ᠥᠴᠦᠬᠡᠨ ᠴᠦ᠍ ᠨᠠᠢᠷ ᠲᠠᠯᠪᠢᠬᠤ ᠦᠭᠡᠢ ᠪᠠᠢᠬᠤ᠎ᠶ᠋ᠢ ᠪᠡᠶᠡᠯᠡᠭᠦᠯᠵᠦ᠍᠂ ᠦᠨᠳᠦᠰᠦᠲᠡᠨ᠎ᠦ ᠬᠠᠭᠠᠴᠠᠯ᠂ ᠱᠠᠱᠢᠨ ᠰᠤᠷᠲᠠᠬᠤᠨ᠎ᠤ ᠬᠡᠲᠦᠷᠡᠮᠡᠬᠡᠢ ᠦᠵᠡᠯ ᠰᠠᠨᠠᠭᠠᠨ᠎ᠤ ᠬᠣᠣᠷ ᠨᠥᠯᠥᠭᠡ᠎ᠶ᠋ᠢ ᠦᠷᠭᠦᠯᠵᠢᠯᠡᠨ ᠠᠷᠢᠯᠭᠠᠵᠤ᠂ ᠦᠨᠳᠦᠰᠦᠲᠡᠨ᠎ᠦ ᠣᠷᠣᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠪᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠵᠢᠯ᠎ᠢ ᠰᠠᠢᠲᠤᠷ ᠬᠢᠵᠦ᠍᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠬᠡᠷᠡᠭ᠌ᠲᠡᠢ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯᠯᠠᠭ᠎ᠠ ᠣᠨᠴᠠᠭᠠᠢ ᠡᠷᠡᠰ ᠴᠢᠩᠭ᠎ᠠ ᠪᠠᠢ᠌ᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ᠎ᠱᠢᠵᠢᠮ᠎ᠮᠥᠨ᠃ ᠦᠨᠳᠦᠰᠦᠲᠡᠨ᠎ᠦ ᠣᠷᠣᠨ᠎ᠤ ᠺᠠᠳ᠋ᠷ ᠤᠬᠠᠮᠰᠠᠷ ᠡᠴᠡ᠎ᠪᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠭᠦᠷᠭᠡ ᠬᠠᠷᠢᠭᠤᠴᠠᠯᠭ᠎ᠠ᠎ᠵᠢ ᠡᠭᠦᠷᠭᠡᠯᠡᠵᠦ᠍᠂ ᠵᠢᠷᠭᠠᠯ ᠵᠣᠪᠠᠯᠠᠩ ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠤᠯᠭᠠᠵᠤ᠂ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠳᠡᠭᠡᠳᠦ ᠬᠡᠮᠵᠢᠶᠡᠨ᠎ᠦ ᠎ᠬᠠᠮᠲᠤ ᠎ᠶ᠋ᠢᠨ ᠎ᠲᠠᠨᠢᠯᠲᠠ ᠎ᠶ᠋ᠢ ᠪᠠᠲᠤᠳᠭᠠᠵᠤ᠂ ᠳᠤᠮᠳᠠᠳᠤ ᠎ᠶ᠋ᠢᠨ ᠦᠨᠳᠦᠰᠦᠲᠡᠨ᠎ᠦ ᠠᠱᠢᠭ ᠲᠤᠰᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠨᠡᠢᠲᠡᠯᠢᠭ ᠴᠢᠨᠠᠷ ᠪᠠ ᠵᠥᠷᠢᠶᠡᠠᠲᠦ ᠴᠢᠨᠠᠷ᠎ᠤᠨ ᠬᠤᠪᠢᠰᠤᠩᠭᠤᠢ ᠨᠢᠭᠡᠳᠦᠯ᠂ ᠦᠨᠳᠦᠰᠦᠲᠡᠨ᠎ᠦ ᠬᠦᠴᠦᠨ ᠵᠦᠢᠯ ᠪᠠ ᠣᠷᠣᠨ ᠪᠦᠰᠡ᠎ᠶ᠋ᠢᠨ ᠬᠦᠴᠦᠨ᠎ᠵᠦᠢᠯ ᠎ᠢ ᠣᠷᠭᠠᠨᠢᠭ᠎ᠢᠶᠠᠷ᠎ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ᠎ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ᠎ᠶ᠋ᠢ᠎ᠠᠬᠢᠭᠤᠯᠬᠤ ᠬᠡᠷᠡᠭ᠌ᠲᠡᠢ᠃

ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠢᠷᠠᠯᠠᠬᠤ ᠬᠠᠢ᠌ᠷ᠎ᠠ ᠰᠡᠳᠭᠢᠯᠭᠡ ᠣᠨᠴᠠᠭᠠᠢ ᠦᠨᠡᠨᠴᠢ ᠪᠠᠢ᠌ᠬᠤ ᠬᠡᠷᠡᠭ᠌ᠲᠡᠢ᠃ ᠠᠷᠠᠳ ᠲᠦᠮᠡᠨ᠎ᠦ ᠵᠣᠭ᠍ᠰᠣᠯᠲᠠ ᠪᠣᠯ ᠨᠠᠮ᠎ᠤᠨ ᠦᠨᠳᠦᠰᠦᠨ ᠤᠯᠤᠰ ᠲᠦᠷᠦ᠍᠎ᠶ᠋ᠢᠨ ᠵᠣᠭ᠍ᠰᠣᠯᠲᠠ ᠮᠥᠨ᠂ ᠠᠷᠠᠳ ᠤᠯᠠᠨ ᠪᠣᠯ ᠨᠠᠮ᠎ᠤᠨ ᠬᠦᠴᠦᠨ ᠴᠢᠳᠠᠯ᠎ᠤᠨ ᠡᠬᠢ ᠪᠤᠯᠠᠭ ᠮᠥᠨ᠃ ᠭᠠᠭ᠍ᠴᠠ ᠬᠦ᠌ ᠠᠷᠠᠳ ᠤᠯᠠᠨ᠎ᠢ ᠲᠦᠱᠢᠭ᠌ᠯᠡᠪᠡᠯ ᠰᠠᠶᠢ ᠤᠷᠤᠭ᠍ᠰᠢᠯᠠᠯᠲᠠ᠎ᠶ᠋ᠢᠨ ᠵᠠᠮ᠎ᠳᠡᠬᠢ ᠡᠯ᠎ᠡ ᠵᠦᠢᠯ᠎ᠦᠨ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠢᠯᠠᠯᠲᠠ᠎ᠶ᠋ᠢᠨ ᠲᠡᠷᠲᠡᠭᠡ ᠡᠷᠭᠢᠨ᠎ᠳᠦ ᠬᠦᠷᠴᠦ᠍ ᠴᠢᠳᠠᠨ᠎ᠠ᠃ ᠦᠨᠳᠦᠰᠦᠲᠡᠨ᠎ᠦ ᠭᠠᠵᠠᠷ ᠣᠷᠣᠨ᠎ᠤ ᠺᠠᠳ᠋ᠷᠴᠤᠳ ᠪᠦᠬᠦ᠌ ᠰᠡᠳᠭᠢᠯ ᠪᠦᠬᠦ᠌ ᠵᠣᠷᠢᠭ ᠵᠢᠡᠷ ᠎ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ ᠨᠠᠮ᠎ᠤᠨ ᠤᠯᠠᠨ ᠲᠦᠮᠡᠨᠴᠢ ᠱᠤᠭᠤᠮ᠎ᠢ ᠢᠮᠠᠭ᠍ᠲᠠ ᠭᠤᠢᠪᠢᠰᠢ ᠦᠭᠡᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠴᠢᠩ ᠦᠨᠡᠨᠴᠢ ᠪᠡᠷ ᠠᠷᠠᠳ᠎ᠤᠨ ᠲᠥᠯᠥᠭᠡ ᠵᠢᠳᠬᠦᠨ᠂ ᠠᠷᠠᠳ ᠲᠦᠮᠡᠨ᠎ᠢ ᠰᠡᠳᠬᠢᠯ ᠵᠢᠷᠦᠭᠡᠨ ᠳ᠋ᠡᠭᠡᠨ ᠳᠡᠭᠡᠳᠦᠯᠡᠵᠦ᠂ ᠠᠰᠠᠭᠤᠳᠠᠯ᠎ᠢ ᠪᠣᠳᠣᠯᠬᠢᠯᠠᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠵᠢᠯ ᠶᠠᠪᠤᠳᠠᠯ ᠬᠢᠬᠦ᠌᠎ᠳᠡᠭᠡᠨ ᠠᠷᠠᠳ ᠲᠦᠮᠡᠨ᠎ᠦ ᠠᠱᠢᠭ ᠲᠤᠰᠠ ᠡᠴᠡ ᠡᠭᠦᠰᠴᠦ᠍᠂ ᠠᠷᠠᠳ ᠤᠯᠠᠨ᠎ᠤ ᠬᠠᠮᠤᠭ᠎ᠤᠨ ᠠᠩᠬᠠᠷᠴᠤ᠌ ᠪᠠᠢᠭ᠎ᠠ ᠪᠣᠳᠠᠲᠠᠢ ᠠᠱᠢᠭ ᠲᠤᠰᠠ᠎ᠶ᠋ᠢᠨ᠎ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠦᠨᠳᠦᠰᠦᠲᠡᠨ᠎ᠨᠦᠭᠦᠳ᠎ᠦᠨ ᠦᠨᠳᠦᠰᠦᠨ ᠠᠱᠢᠭ ᠲᠤᠰᠠ᠎ᠶ᠋ᠢ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠳᠠ ᠦᠭᠡᠢ ᠨᠡᠮᠡᠭ᠌ᠳᠡᠭᠦᠯᠬᠦ᠌ ᠬᠡᠷᠡᠭ᠌ᠲᠡᠢ᠃ 

(ᠵᠣᠬᠢᠶᠠᠭ᠍ᠴᠢ ᠵᠢᠨ ᠪᠠᠢᠭᠤᠯᠭ᠎ᠠ᠄ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号