《ᠣᠩᠨᠢᠭᠤᠳ ᠲᠤᠲᠤᠷᠭ᠎ᠠ》 LOGO ᠎ᠲᠠᠢ ᠪᠤᠯᠪᠠ
2021-10-03 11:49:45
ᠵᠣᠬᠢᠶᠠᠭ᠍ᠴᠢ᠄
ᠸᠠᠩ ᠲᠨᠨ᠎ᠠ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 30 ᠎ᠤ ᠡᠳᠦᠷ᠂ ᠣᠩᠨᠢᠭᠤᠳ ᠬᠤᠱᠢᠭᠤᠨ᠎ᠤ ᠠᠩᠬᠠᠳᠤᠭᠠᠷ ᠬᠤᠭᠤᠴᠠᠭᠠᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠬᠦᠳᠡᠭᠡ ᠠᠵᠤ ᠠᠬᠤᠢ ᠠᠵᠤ  ᠦᠢᠯᠡᠰ᠎ᠤᠨ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ ᠵᠢᠴᠢ 《ᠣᠩᠨᠢᠭᠤᠳ ᠲᠤᠲᠤᠷᠭ᠎ᠠ》 ᠎ᠶ᠋ᠢᠨ ᠲᠥᠷᠥᠯ ᠲᠡᠮᠳᠡᠭ᠎ᠢ ᠡᠭᠦᠳᠦᠨ ᠪᠠᠢᠭᠤᠯᠬᠤ ᠰᠤᠳᠤᠯᠤᠨ ᠶᠠᠷᠢᠯᠴᠠᠬᠤ ᠬᠤᠷᠠᠯ ᠣᠩᠨᠢᠭᠤᠳ ᠬᠤᠱᠢᠭᠤᠨ᠎ᠳᠤ ᠬᠤᠷᠠᠯᠳᠤᠪᠠ᠃ ᠶᠠᠷᠢᠶᠠᠨ᠎ᠤ ᠲᠠᠪᠴᠠᠩ᠎ᠨᠢ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠵᠤ᠂ ᠠᠵᠤ ᠦᠢᠯᠡᠰ᠎ᠲᠤ ᠬᠦᠳᠡᠯᠭᠡᠭ᠌ᠴᠢ ᠬᠦᠴᠦᠨ ᠣᠯᠭᠤᠬᠤ》 ᠎ᠪᠠᠷ ᠭᠤᠤᠯ ᠰᠡᠳᠦᠪ ᠪᠣᠯᠭᠠᠵᠤ᠂ ᠤᠯᠤᠰ᠎ᠤᠨ ᠲᠤᠳᠤᠭᠠᠲᠤ᠎ᠶ᠋ᠢᠨ ᠬᠦᠳᠡᠭᠡ ᠠᠵᠤ ᠠᠬᠤᠢ᠎ᠶ᠋ᠢᠨ ᠲᠤᠰᠭᠠᠶ ᠮᠡᠷᠭᠡᠵᠢᠯᠲᠡᠳ ᠲᠤᠬᠠᠶ᠎ᠶ᠋ᠢᠨ ᠲᠠᠯᠠᠪᠠᠶ᠎ᠳᠤ ᠣᠩᠨᠢᠭᠤᠳ ᠬᠤᠱᠢᠭᠤᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠ ᠣᠩᠨᠢᠭᠤᠳ ᠲᠤᠲᠤᠷᠭ᠎ᠠ᠎ᠶ᠋ᠢᠨ ᠠᠵᠤ  ᠦᠢᠯᠡᠰ᠎ᠤᠨ ᠬᠥᠭ᠌ᠵᠢᠯᠲᠡ᠎ᠳᠤ ᠠᠷᠭ᠎ᠠ ᠪᠣᠳᠣᠯᠭ᠎ᠠ ᠬᠠᠩᠭᠠᠵᠤ᠂ 《ᠣᠩᠨᠢᠭᠤᠳ ᠲᠤᠲᠤᠷᠭ᠎ᠠ》 ᠎ᠶ᠋ᠢᠨ ᠲᠥᠷᠥᠯ ᠲᠡᠮᠳᠡᠭ᠎ᠤᠨ ᠥᠷᠲᠡᠭ᠎ᠢ ᠭᠦᠨᠵᠡᠭᠡᠶ ᠠᠭᠤᠳᠠᠯᠵᠤ᠂ ᠣᠩᠨᠢᠭᠤᠳ᠎ᠤᠨ ᠪᠣᠬᠢᠷᠲᠤᠯ ᠥᠬᠡᠶ ᠣᠷᠭᠠᠨᠢᠭ ᠲᠠᠷᠢᠶᠠᠯᠠᠩ᠎ᠤᠨ ᠪᠦᠲᠦᠭᠡᠭ᠌ᠳᠡᠬᠦᠨ᠎ᠤ ᠲᠥᠷᠥᠯ ᠲᠡᠮᠳᠡᠭ᠎ᠢ ᠡᠭᠦᠳᠬᠦ᠌᠎ᠪᠠᠷ ᠵᠤᠷᠢᠯᠳᠠ᠎ᠪᠠᠨ ᠪᠤᠯᠭᠠᠵᠠᠢ᠃

ᠣᠩᠨᠢᠭᠤᠳ ᠬᠤᠱᠢᠭᠤ ᠪᠣᠯ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ᠎ᠶ᠋ᠢᠨ ᠲᠣᠮᠣ ᠬᠤᠱᠢᠭᠤ ᠪᠣᠯᠤᠨ᠎ᠠ᠂ ᠥᠨᠢ ᠤᠳᠠᠭᠠᠨ ᠬᠡᠷᠡᠯ ᠰᠠᠴᠤᠷᠠᠩᠭᠤᠶ ᠲᠠᠷᠢᠶᠠᠯᠠᠩ᠎ᠤᠨ ᠪᠣᠯᠪᠠᠰᠤᠨ᠎ᠲᠠᠢ᠂ ᠲᠠᠷᠢᠶᠠᠯᠠᠩ ᠮᠠᠯ ᠠᠵᠤ ᠠᠬᠤᠶ᠎ᠨᠢ ᠴᠦ᠍ ᠪᠥᠬᠦ᠌ ᠬᠤᠱᠢᠭᠤᠨ᠎ᠤ ᠭᠤᠤᠯᠯᠠᠬᠤ ᠠᠵᠤ ᠦᠢᠯᠡᠰ᠂ ᠲᠤᠯᠭᠠᠭᠤᠷᠢ ᠠᠵᠤ  ᠦᠢᠯᠡᠰ ᠪᠣᠯᠤᠭ᠍ᠰᠠᠭᠠᠷ ᠢᠷᠡᠵᠡᠶ᠃ ᠪᠥᠬᠦ᠌ ᠬᠤᠱᠢᠭᠤᠨ᠎ᠤ ᠵᠢᠯ᠎ᠤᠨ ᠠᠮᠤ ᠪᠤᠳᠠᠭᠠᠨ᠎ᠤ ᠶᠡᠷᠦᠩᠬᠡᠶ ᠤᠨᠠᠯᠲᠠ 35 ᠳ᠋ᠦᠩᠱᠢᠭᠤᠷ ᠵᠢᠩ᠎ᠢ ᠳᠠᠪᠠᠵᠤ᠂ ᠵᠢᠯ᠎ᠤᠨ ᠬᠡᠷ᠎ᠤᠨ ᠲᠡᠵᠢᠭᠡᠪᠦᠷᠢ᠎ᠶ᠋ᠢᠨ ᠲᠤᠭ᠎ᠠ ᠲᠣᠯᠣᠭᠠᠶ 260 ᠲᠦᠮᠡ ᠱᠢᠬᠠᠮ ᠪᠤᠯᠵᠠᠢ᠃ ᠣᠩᠨᠢᠭᠤᠳ ᠬᠤᠱᠢᠭᠤ ᠪᠣᠯ ᠪᠠᠰᠠ ᠤᠯᠠᠭᠠᠨᠬᠠᠳᠠ ᠬᠤᠲᠠ᠎ᠶ᠋ᠢᠨ ᠤᠰᠤᠨ ᠲᠤᠲᠤᠷᠭ᠎ᠠ᠎ᠶ᠋ᠢᠨ ᠭᠤᠤᠯ ᠭᠠᠷᠤᠯᠲᠠ᠎ᠶ᠋ᠢᠨ ᠣᠷᠣᠨ ᠪᠣᠯᠤᠨ᠎ᠠ᠂ ᠤᠰᠤᠨ ᠲᠤᠲᠤᠷᠭ᠎ᠠ ᠳᠠᠷᠢᠬᠤ ᠲᠠᠯᠠᠪᠠᠶ᠎ᠨᠢ ᠪᠠᠷᠤᠭ 25 ᠲᠦᠮᠡᠨ ᠮᠥ᠍ ᠪᠠᠢᠵᠤ᠂ ᠵᠢᠯ᠎ᠤᠨ ᠲᠤᠲᠤᠷᠭ᠎ᠠ᠎ᠶ᠋ᠢᠨ ᠭᠠᠷᠤᠯᠲᠠ᠎ᠨᠢ 12 ᠲᠦᠮᠡᠨ ᠲᠣᠨ᠎ᠠᠴᠠ ᠳᠡᠭᠡᠭ᠌ᠰᠢ ᠬᠦᠷᠴᠦ᠍᠂ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠶᠡᠭᠡ ᠤᠰᠤᠨ ᠲᠤᠲᠤᠷᠭ᠎ᠠ᠎ᠶ᠋ᠢᠨ ᠭᠠᠷᠤᠯᠲᠠ᠎ᠶ᠋ᠢᠨ ᠬᠤᠱᠢᠭᠤ ᠱᠢᠶᠠᠨ ᠪᠣᠯᠤᠨ᠎ᠠ᠃ ᠣᠳᠣᠬᠠᠨ᠎ᠳᠤ᠂ ᠪᠥᠬᠦ᠌ ᠬᠤᠱᠢᠭᠤᠨ᠎ᠤ ᠨᠢᠭᠡᠨᠲᠡ ᠭᠡᠷᠡᠴᠢᠯᠡᠭ᠌ᠰᠡᠨ ᠣᠷᠭᠠᠨᠢᠭ ᠤᠰᠤᠨ ᠲᠤᠲᠤᠷᠭ᠎ᠠ᠎ᠶ᠋ᠢᠨ ᠭᠠᠷᠤᠯᠲᠠ᠎ᠶ᠋ᠢᠨ ᠲᠠᠯᠠᠪᠠᠶ 1.5 ᠲᠦᠮᠡᠨ ᠮᠥ᠍ ᠪᠠᠢᠵᠤ᠂ ᠵᠢᠯ᠎ᠳᠤ 0.6 ᠲᠦᠮᠡᠨ ᠲᠣᠨ ᠣᠷᠭᠠᠨᠢᠭ ᠲᠤᠲᠤᠷᠭ᠎ᠠ ᠭᠠᠷᠳᠠᠭ᠃ 《ᠣᠩᠨᠢᠭᠤᠳ ᠲᠤᠲᠤᠷᠭ᠎ᠠ》 ᠎ᠨᠢ ᠤᠯᠤᠰ᠎ᠤᠨ ᠭᠠᠵᠠᠷ ᠵᠦᠢ᠎ᠶ᠋ᠢᠨ ᠢᠯᠡᠷᠭᠡᠢᠯᠡᠯᠳᠦ ᠲᠠᠸᠠᠷ᠎ᠤᠨ ᠲᠡᠮᠳᠡᠭ᠌ᠲᠦ᠎ᠶ᠋ᠢᠨ ᠭᠡᠷᠡᠴᠢᠯᠡᠭᠡ᠎ᠶ᠋ᠢ ᠣᠯᠤᠭ᠍ᠰᠠᠨ ᠪᠥᠭᠡᠳ 《ᠪᠦᠬᠦ᠌ ᠤᠯᠤᠰ᠎ᠤᠨ ᠨᠡᠷᠡᠳᠦ ᠣᠨᠴᠠ ᠱᠢᠯᠢᠳᠡᠭ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ》 ᠎ᠤ ᠨᠡᠷᠡᠰ᠎ᠤᠨ ᠵᠢᠭ᠍ᠰᠠᠭᠠᠯᠲᠠ᠎ᠳᠤ ᠣᠷᠣᠵᠠᠢ᠃

ᠶᠠᠷᠢᠶᠠᠨ᠎ᠤ ᠲᠠᠪᠴᠠᠩ ᠳᠡᠭᠡᠷ᠎ᠡ᠂ ᠳᠤᠮᠳᠠᠳᠤ ᠤᠯᠤᠰ᠎ᠤᠨ ᠬᠠᠮᠲᠤᠷᠠᠯᠴᠠᠭᠠᠨ᠎ᠤ ᠠᠵᠤ ᠠᠬᠤᠢ᠎ᠶ᠋ᠢᠨ ᠨᠡᠢᠭᠡᠮᠯᠢᠭ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠵᠡᠷᠭᠡ ᠭᠠᠵᠠᠷ᠎ᠤᠨ 8 ᠲᠤᠰᠭᠠᠢ ᠮᠡᠷᠭᠡᠵᠢᠯᠲᠡᠨ ᠲᠦᠷᠦ᠎ᠶ᠋ᠢᠨ ᠪᠤᠳᠤᠯᠭ᠎ᠠ᠎ᠶ᠋ᠢᠨ ᠬᠠᠨᠳᠤᠰᠢ᠂ ᠠᠮᠢ ᠠᠬᠤᠢ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠂ ᠲᠦᠷᠦᠯ ᠲᠡᠮᠳᠡᠭ᠎ᠤᠨ ᠰᠣᠶᠣᠯ ᠵᠡᠷᠭᠡ ᠭᠤᠷᠪᠠᠨ ᠶᠡᠭᠡ ᠲᠠᠯ᠎ᠠ᠎ᠶ᠋ᠢᠨ ᠲᠣᠭᠤᠷᠢᠨ᠎ᠳᠤ ᠭᠤᠣᠯ ᠰᠡᠳᠦᠪᠲᠦ ᠮᠡᠳᠡᠭᠦᠯᠦᠯᠲᠡ ᠬᠢᠵᠦ᠍᠂ ᠣᠩᠨᠢᠭᠤᠳ ᠬᠤᠱᠢᠭᠤᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠ 《ᠣᠩᠨᠢᠭᠤᠳ ᠲᠤᠲᠤᠷᠭ᠎ᠠ》 ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠳᠤ ᠠᠷᠭ᠎ᠠ ᠤᠬᠠᠭᠠᠨ ᠳᠡᠪᠱᠢᠭᠦᠯᠵᠦ᠍᠂ ᠣᠩᠨᠢᠭᠤᠳ ᠬᠤᠱᠢᠭᠤᠨ᠎ᠤ ᠤᠰᠤᠨ ᠲᠤᠳᠤᠷᠭ᠎ᠠ᠎ᠶ᠋ᠢᠨ ᠠᠵᠤ ᠦᠢᠯᠡᠰ ᠪᠠ ᠲᠤᠳᠤᠷᠭ᠎ᠠ᠎ᠶ᠋ᠢᠨ ᠨᠡᠷᠡᠲᠦ ᠲᠡᠮᠲᠡᠭ᠌ᠲᠦ᠎ᠶ᠋ᠢᠨ ᠬᠦᠭ᠌ᠵᠢᠯᠲᠡ᠎ᠳᠤ ᠵᠠᠮ ᠵᠢᠭᠠᠵᠤ ᠦᠭ᠌ᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号