ᠵᠢᠩ ᠳ᠋ᠦᠡᠭ ᠰᠦᠯᠵᠢᠶᠡᠨ᠎ᠳᠤ ᠬᠠᠯᠠᠮᠱᠢᠯ ᠪᠤᠷᠤᠯᠠᠭᠤᠯᠭ᠎ᠠ᠎ᠲᠠᠢ 《ᠱᠢᠯᠢ᠎ᠶ᠋ᠢᠨ ᠭᠤᠤᠯ ᠬᠤᠨᠢ》
2021-10-03 12:28:21
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

ᠠᠯᠳᠠᠨ ᠨᠠᠮᠤᠷ᠎ᠤᠨ ᠲᠠᠩᠰᠤᠭ ᠤᠯᠠᠷᠢᠯ ᠪᠤᠯ ᠮᠠᠯ ᠰᠦᠷᠦᠭ ᠦᠭᠡᠬᠦ᠌᠎ᠪᠠᠷ ᠪᠦᠮᠪᠦᠭᠡᠯᠡᠵᠦ᠍ ᠲᠠᠷᠭᠤ ᠬᠦᠴᠤ᠌ ᠪᠦᠷᠢᠳᠦᠭ᠌ᠰᠡᠨ ᠦᠭ᠌ᠭᠢᠶᠡᠮᠦᠷ ᠰᠠᠢᠬᠠᠨ ᠤᠯᠠᠷᠢᠯ ᠪᠢᠯᠡ᠃ 9 ᠰᠠᠷ᠎ᠠ᠎ᠶ᠋ᠢᠨ 24 ᠎ᠤ ᠡᠳᠦᠷ᠂ ᠤᠳᠠᠯ ᠦᠭᠡᠢ ᠤᠯᠤᠰ᠎ᠤᠨ ᠪᠠᠶᠠᠷ᠎ᠤᠨ ᠠᠮᠠᠷᠠᠯᠳᠠ ᠬᠦᠷᠴᠤ᠌ ᠢᠷᠡᠬᠦ᠌ ᠪᠤᠯᠤᠭ᠍ᠰᠠᠨ ᠲᠠᠱᠢᠷᠠᠮ᠎ᠳᠤ ᠱᠢᠯᠢ᠎ᠶ᠋ᠢᠨ ᠭᠤᠤᠯ ᠠᠢᠮᠠᠭ ᠪᠤᠯᠤᠨ ᠵᠢᠩ ᠳ᠋ᠦᠩ ᠪᠦᠯᠦᠭ᠌ᠯᠡᠯ ᠬᠠᠮᠳᠤᠷᠠᠯᠴᠠᠨ ᠰᠦᠯᠵᠢᠶᠡᠨ᠎ᠤ ᠱᠢᠭᠤᠳ ᠨᠡᠪᠲᠡᠷᠡᠭᠦᠯᠭᠡ᠎ᠶ᠋ᠢᠨ ᠠᠵᠢᠯᠯᠠᠭ᠎ᠠ᠎ᠪᠠᠷ 《ᠵᠢᠩ ᠳ᠋ᠦᠩ · ᠱᠢᠯᠢ᠎ᠶ᠋ᠢᠨ ᠭᠤᠤᠯ ᠬᠤᠨᠢᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ᠌ᠲᠦ᠎ᠶ᠋ᠢ ᠤᠯᠠᠨ ᠨᠡᠢᠳᠡ᠎ᠳᠤ ᠲᠠᠨᠢᠯᠴᠠᠭᠤᠯᠬᠤ ᠠᠵᠢᠯᠯᠠᠭ᠎ᠠ》 ᠬᠦᠱᠢᠭᠡ᠎ᠪᠠᠨ ᠰᠡᠬᠦᠯ᠎ᠡ᠃

ᠣᠷᠣᠶ᠎ᠶ᠋ᠢᠨ 6 ᠴᠠᠭ ᠬᠠᠭᠠᠰ᠎ᠲᠤ᠌᠂ ᠱᠢᠯᠢᠩᠬᠤᠲᠠ᠎ᠶ᠋ᠢᠨ ᠬᠤᠲᠠ᠎ᠶ᠋ᠢᠨ ᠵᠣᠴᠢᠯᠠᠬᠤ ᠲᠢᠩᠬᠢᠮ᠎ᠤᠨ ᠮᠣᠩᠭᠤᠯ ᠭᠡᠷ᠎ᠤᠨ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠲᠤ ᠬᠤᠭᠤᠷ ᠴᠤᠭᠤᠷ᠎ᠤᠨ ᠤᠶᠠᠩᠭᠠᠲᠤ ᠡᠬᠡᠱᠢᠭ ᠬᠠᠨᠭ᠌ᠭᠢᠨᠠᠵᠤ᠂ ᠨᠡᠷᠡᠲᠦ ᠲᠡᠮᠳᠡᠭ᠌ᠲᠤ ᠪᠦᠲᠦᠭᠡᠭ᠌ᠳᠡᠬᠦᠨ᠎ᠤ ᠭᠤᠢᠳᠠ ᠰᠠᠢᠬᠠᠨ ᠤᠬᠠᠭᠤᠯᠭ᠎ᠠ᠎ᠶ᠋ᠢᠨ ᠹᠢᠯᠢᠮ ᠬᠦᠮᠦᠰ᠎ᠤᠨ ᠠᠩᠬᠠᠷᠤᠯ᠎ᠢ ᠤᠨᠴᠠ ᠲᠠᠳᠠᠵᠤ ᠪᠠᠢᠯ᠎ᠠ᠃ ᠱᠢᠭᠤᠳ ᠨᠡᠪᠲᠡᠷᠡᠭᠦᠯᠭᠡ᠎ᠳᠤ ᠰᠦᠯᠵᠢᠶᠡᠨ ᠤᠳᠤᠨ ᠤᠶᠠᠩᠭ᠎ᠠ᠂ ᠱᠢᠯᠢ᠎ᠶ᠋ᠢᠨ ᠭᠤᠣᠯ ᠠᠢᠮᠠᠭ᠎ᠤᠨ ᠲᠦᠷᠦᠯ ᠲᠡᠮᠳᠡᠭ᠎ᠤᠨ ᠲᠥᠪ᠂ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ᠎ᠶ᠋ᠢᠨ ᠺᠣᠮᠫᠠᠨᠢ᠎ᠶ᠋ᠢᠨ ᠬᠠᠷᠢᠭᠤᠴᠠᠯᠭᠠᠳᠠᠨ ᠪᠣᠯᠤᠨ ᠦᠢᠯᠡᠳᠪᠦᠷᠢ ᠬᠤᠳᠠᠯᠳᠤᠭᠠᠨ᠎ᠤ ᠲᠥᠯᠦᠭᠡᠯᠡᠭ᠌ᠴᠢ ᠬᠠᠮᠲᠤ᠎ᠪᠠᠷ ᠦᠷᠭᠡᠨ ᠤᠯᠠᠨ ᠰᠦᠯᠵᠢᠶᠡᠨ ᠠᠨᠳᠠ᠎ᠯᠤᠭ᠎ᠠ ᠶᠠᠷᠢᠯᠴᠠᠵᠤ᠂ ᠲᠡᠳᠡ ᠨᠡᠷ᠎ᠲᠤ ᠱᠢᠯᠢ᠎ᠶ᠋ᠢᠨ ᠭᠤᠣᠯ ᠬᠤᠨᠢᠨ᠎ᠤ ᠲᠦᠷᠦᠯ ᠲᠡᠮᠳᠡᠭ᠎ᠤᠨ ᠦᠯᠢᠭᠡᠷ᠎ᠢ ᠶᠠᠷᠢᠵᠤ ᠦᠭ᠌ᠬᠦᠨ᠎ᠠ᠃

ᠠᠮᠢ ᠠᠬᠤᠢ᠎ᠶ᠋ᠢᠨ ᠨᠣᠭᠤᠭᠠᠨ ᠥᠩᠭᠡ ᠪᠣᠯ ᠱᠢᠯᠢ᠎ᠶ᠋ᠢᠨ ᠭᠤᠤᠯ᠎ᠤᠨ ᠬᠠᠮᠤᠭ᠎ᠤᠨ ᠦᠵᠡᠰᠭᠦᠯᠡᠩᠲᠦ ᠰᠠᠢᠬᠠᠨ ᠳᠡᠪᠢᠰᠭᠡᠷ ᠥᠩᠭᠡ᠂ ᠪᠠᠢᠭᠠᠯᠢ ᠡᠵᠢ᠎ᠶ᠋ᠢᠨ ᠦᠭ᠌ᠭᠢᠶᠡᠮᠦᠷ ᠬᠡᠱᠢᠭ ᠪᠤᠯᠬᠤ 《ᠱᠢᠯᠢ᠎ᠶ᠋ᠢᠨ ᠭᠤᠤᠯ ᠬᠤᠨᠢ》 ᠪᠣᠯ ᠶᠤᠰᠤᠳᠠᠢ ᠨᠡᠷ᠎ᠡ ᠨᠢᠳᠡᠷ᠎ᠲᠡᠭᠡᠨ ᠨᠡᠢᠴᠡᠭ᠌ᠰᠡᠨ ᠲᠠᠯ᠎ᠠ ᠨᠤᠲᠤᠭ᠎ᠤᠨ ᠤᠨᠴᠠ ᠭᠠᠷᠤᠯᠳᠠ ᠮᠥᠨ ᠪᠥᠭᠡᠳ ᠱᠢᠯᠢ᠎ᠶ᠋ᠢᠨ ᠭᠤᠤᠯ᠎ᠤᠨ ᠬᠠᠮᠤᠭ᠎ᠤᠨ ᠲᠤᠳᠤ ᠲᠤᠪᠤᠭᠤᠷ ᠨᠡᠷ᠎ᠡ᠎ᠶ᠋ᠢᠨ ᠬᠠᠭᠤᠳᠠᠰᠤ ᠮᠥᠨ᠃ ᠨᠡᠷᠡᠲᠦ ᠲᠡᠮᠳᠡᠭ᠎ᠤᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠱᠢᠯᠢ᠎ᠶ᠋ᠢᠨ ᠭᠤᠣᠯ ᠬᠤᠨᠢᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠢ ᠡᠭᠦᠳᠬᠦ᠌ ᠪᠣᠯ ᠱᠢᠯᠢ᠎ᠶ᠋ᠢᠨ ᠭᠤᠣᠯ ᠠᠢᠮᠠᠭ ᠰᠢ᠎ᠶ᠋ᠢᠨ ᠫᠢᠩ ᠶᠡᠷᠦᠩᠬᠡᠢ ᠱᠦᠵᠢ᠎ᠶ᠋ᠢᠨ ᠦᠪᠦᠷ ᠮᠤᠩᠭᠤᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠵᠤ᠂ ᠠᠮᠢ ᠠᠬᠤᠢ᠎ᠶ᠋ᠢ ᠲᠡᠷᠢᠭᠦᠨ᠎ᠳᠤ ᠲᠠᠯᠪᠢᠬᠤ ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠪᠠᠷ ᠭᠤᠣᠯ ᠱᠤᠭᠤᠮ ᠪᠣᠯᠭᠠᠵᠤ᠂ ᠴᠢᠨᠠᠷ ᠰᠠᠢᠲᠠᠢ ᠬᠥᠭ᠌ᠵᠢᠭᠦᠯᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠂ ᠮᠠᠯ ᠠᠵᠤ ᠠᠬᠤᠢ᠎ᠶ᠋ᠢᠨ ᠦᠷ᠎ᠡ ᠠᠱᠢᠭ᠎ᠢ ᠨᠡᠮᠡᠭ᠌ᠳᠡᠭᠦᠯᠬᠦ᠂ ᠨᠤᠲᠤᠭ ᠪᠡᠯᠴᠢᠭᠡᠷ᠎ᠤᠨ ᠠᠮᠢ ᠠᠬᠤᠢ᠎ᠶ᠋ᠢ ᠰᠠᠢᠵᠢᠷᠠᠭᠤᠯᠬᠤ᠎ᠶ᠋ᠢ ᠪᠡᠶᠡᠯᠡᠭᠦᠯᠬᠦ᠌ ᠴᠢᠬᠤᠯᠠ ᠠᠷᠭ᠎ᠠ  ᠬᠡᠮᠵᠢᠶ᠎ᠡ ᠪᠣᠯᠤᠨ᠎ᠠ᠃ ᠠᠭᠤᠳᠠᠮ ᠰᠠᠷᠠᠭᠤᠯ ᠱᠢᠯᠢ᠎ᠶ᠋ᠢᠨ ᠭᠤᠤᠯ ᠤᠤᠯ᠎ᠠᠴᠠ᠎ᠪᠠᠨ ᠤᠨᠠᠭᠠᠨ ᠪᠠᠢᠭᠠᠯᠢ ᠪᠠᠶᠠᠨ ᠰᠦᠷᠦᠭ᠎ᠢᠶᠠᠷ᠎ᠢᠶᠠᠨ ᠠᠯᠳᠠᠷ ᠮᠠᠨᠳᠤᠭ᠍ᠰᠠᠨ ᠭᠠᠵᠠᠷ ᠪᠢᠯᠡ᠃ ᠡᠨᠡ ᠨᠤᠲᠤᠭ ᠤᠰᠤᠨ᠎ᠤ ᠪᠠᠶᠠᠨ ᠬᠡᠱᠢᠭ᠂ ᠬᠦᠳᠡᠯᠮᠦᠷᠢᠴᠢ ᠡᠵᠡᠳ᠎ᠤᠨ ᠤᠢ᠍ᠢᠭ᠎ᠠ ᠦᠭᠡᠢ ᠴᠢᠷᠮᠠᠢᠯᠭ᠎ᠠ ᠪᠠᠢᠭ᠍ᠰᠠᠨ᠎ᠢᠶᠠᠷ ᠰᠠᠶᠢ 《ᠱᠢᠯᠢ᠎ᠶ᠋ᠢᠨ ᠭᠤᠣᠯ ᠬᠤᠨᠢ》᠂ ᠲᠠᠷᠤᠢ ᠵᠢᠩᠬᠢᠨᠢ ᠪᠠᠢᠭᠠᠯᠢ᠎ᠶ᠋ᠢᠨ ᠲᠠᠯ᠎ᠠ ᠨᠤᠲᠤᠭ᠎ᠤᠨ ᠠᠮᠢ ᠠᠬᠤᠢ᠎ᠶ᠋ᠢᠨ ᠬᠤᠨᠢ᠎ᠶ᠋ᠢ ᠪᠤᠢᠵᠢᠭᠤᠯᠵᠠᠢ᠃ ᠤᠢ᠍ᠢᠷ᠎ᠠ᠎ᠶ᠋ᠢᠨ ᠵᠢᠯ᠂ ᠱᠢᠯᠢ᠎ᠶ᠋ᠢᠨ ᠭᠤᠣᠯ ᠠᠢᠮᠠᠭ ᠱᠢᠯᠢ᠎ᠶ᠋ᠢᠨ ᠭᠤᠤᠯ ᠬᠤᠨᠢᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠢ ᠡᠬᠢ ᠡᠭᠦᠰᠦᠯ᠎ᠠᠴᠠ᠎ᠨᠢ ᠪᠠᠲᠤᠯᠠᠬᠤ᠎ᠶ᠋ᠢᠨ ᠲᠥᠯᠥᠭᠡ ᠨᠢᠭᠡ ᠲᠠᠯ᠎ᠠ᠎ᠪᠠᠷ ᠲᠦᠷᠦᠯ ᠲᠡᠮᠳᠡᠭ᠎ᠤᠨ ᠪᠠᠢᠭᠤᠯᠤᠯᠳᠠ᠎ᠶ᠋ᠢ ᠠᠳᠭᠤᠵᠤ᠂ ᠨᠦᠬᠦᠭᠡ ᠲᠠᠯ᠎ᠠ᠎ᠪᠠᠷ ᠪᠦᠬᠦ᠌ ᠠᠵᠤ ᠦᠢᠯᠡᠰ᠎ᠤᠨ ᠬᠡᠯᠬᠢᠶᠡᠵᠢᠯ᠎ᠤᠨ ᠶᠠᠰᠤ ᠴᠢᠨᠠᠷ᠎ᠢ ᠪᠦᠬᠦ᠌ ᠶᠠᠪᠤᠴᠠ᠎ᠳᠤ ᠮᠥᠷᠳᠡᠵᠦ᠍᠂ ᠶᠠᠰᠤ ᠴᠢᠨᠠᠷ᠎ᠢ ᠴᠢᠩᠭ᠎ᠠ ᠬᠢᠨᠠᠨ ᠡᠵᠡᠮᠳᠡᠪᠠ᠃

ᠣᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠱᠢᠯᠢ᠎ᠶ᠋ᠢᠨ ᠭᠤᠤᠯ ᠬᠤᠨᠢᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠥᠷᠥᠯ ᠲᠡᠮᠳᠡᠭ᠌ᠲᠦ᠎ᠶ᠋ᠢᠨ ᠲᠠᠨᠢᠯᠴᠠᠭᠤᠯᠭ᠎ᠠ᠎ᠶ᠋ᠢᠨ ᠠᠵᠢᠯᠯᠠᠭ᠎ᠠ 《ᠬᠤᠤᠰ ᠠᠷᠪᠠᠨ ᠨᠢᠭᠡᠨ》 ᠎ᠤ ᠰᠦᠯᠵᠢᠶᠡᠨ᠎ᠤ ᠬᠦᠭ᠌ᠵᠢᠶᠡᠨᠳᠦ ᠪᠠᠶᠠᠷ ᠬᠦᠷᠲᠡᠯ᠎ᠡ ᠦᠷᠭᠦᠯᠵᠢᠯᠡᠵᠦ᠍᠂ ᠡᠨᠡ ᠬᠤᠭᠤᠴᠠᠭᠠᠨ᠎ᠳᠤ ᠵᠢᠩ ᠳ᠋ᠦᠩ᠎ᠤᠨ ᠱᠢᠯᠢ᠎ᠶ᠋ᠢᠨ ᠭᠤᠤᠯ ᠬᠤᠨᠢᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠥᠷᠥᠯ ᠲᠡᠮᠳᠡᠭ᠌ᠲᠦ᠎ᠶ᠋ᠢᠨ ᠬᠤᠱᠢᠭᠤᠴᠢ ᠳᠡᠯᠭᠡᠭᠦᠷ ᠵᠢᠩ ᠳ᠋ᠦᠩ ᠲᠠᠪᠴᠠᠩ᠎ᠤᠨ ᠡᠯ᠎ᠡ ᠲᠥᠷᠥᠯ᠎ᠤᠨ ᠳᠡᠯᠭᠡᠷᠡᠭᠦᠯᠬᠦ᠌ ᠠᠵᠢᠯᠯᠠᠭ᠎ᠠ᠎ᠳᠤ ᠣᠷᠣᠯᠴᠠᠬᠤ᠎ᠶ᠋ᠢᠨ ᠬᠠᠮᠲᠤ ᠨᠠᠷᠠᠲᠤ ᠲᠥᠷᠥᠯ ᠲᠡᠮᠳᠡᠭ᠌ᠲᠦ᠎ᠶ᠋ᠢᠨ ᠦᠢᠯᠡᠳᠭᠦᠨ᠎ᠤ ᠬᠠᠷᠠᠭᠠᠯᠵᠠᠯ᠎ᠲᠠᠢ᠎ᠪᠠᠷ ᠪᠣᠷᠣᠯᠠᠭᠤᠯᠭ᠎ᠠ᠎ᠶ᠋ᠢ ᠠᠬᠢᠭᠤᠯᠬᠤ ᠪᠣᠯᠤᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号