ᠨᠢᠬᠡᠨ ᠬᠤᠪᠢ ᠤᠨᠴᠠᠭᠠᠢ ᠨᠠᠮ᠎ᠤᠨ ᠰᠦᠢᠤᠨᠬᠡᠯ
2021-10-03 12:21:57
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠤᠷᠴᠢᠮᠬᠠᠨ᠂ ᠪᠠᠭᠠᠷᠢᠨ ᠵᠡᠭᠦᠨ ᠬᠤᠱᠢᠭᠤᠨ᠎ᠤ ᠯᠢᠨᠳᠦ᠋ᠩ ᠪᠠᠯᠭᠠᠰᠤᠨ᠎ᠤ 75 ᠨᠠᠰᠤᠲᠠᠶ ᠠᠵᠢᠯ᠎ᠠᠴᠠ᠎ᠪᠠᠨ ᠠᠮᠠᠷᠠᠭ᠍ᠰᠠᠨ ᠠᠬᠠᠮᠠᠳ ᠺᠠᠳ᠋ᠷ ᠸᠠᠩ ᠱᠢᠶᠠᠨ ᠴᠦᠨ ᠪᠠᠯᠭᠠᠰᠤᠠ᠎ᠤ᠎ᠪᠠᠨ ᠰᠢ ᠴᠧᠩ ᠵᠡᠭᠡᠯᠢ ᠭᠤᠳᠤᠮᠵᠢ᠎ᠶ᠋ᠢᠨ ᠵᠧᠨ ᠱᠢᠩ ᠨᠡᠢᠭᠡᠮ ᠲᠣᠭᠤᠷᠢᠭ᠎ᠲᠤ ᠬᠦᠷᠴᠤ᠌᠂ ᠵᠣᠬᠢᠶᠠᠨ ᠪᠠᠢᠭᠤᠯᠤᠯᠲᠠ᠎ᠳᠤ 1000 ᠲᠥᠭᠦᠷᠢᠭ᠎ᠤᠨ ᠨᠠᠮ᠎ᠤᠨ  ᠰᠦᠢᠳᠭᠡᠯ ᠲᠤᠱᠢᠶᠠᠵᠤ᠂ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ᠎ᠶ᠋ᠢ ᠪᠠᠶᠠᠷᠯᠠᠨ ᠪᠡᠯᠬᠡᠯᠡᠵᠥ᠍ ᠪᠠᠢᠬᠤ ᠰᠡᠳᠭᠢᠯᠭᠡ᠎ᠪᠠᠨ ᠢᠯᠡᠳᠭᠡᠪᠡ᠃ ᠡᠨᠡ ᠬᠦ᠌ ᠣᠨᠴᠠᠭᠠᠢ ᠨᠠᠮ᠎ᠤᠨ ᠰᠦᠢᠳᠭᠡᠯ᠎ᠳᠤ ᠨᠠᠮ᠎ᠳᠤ ᠣᠷᠣᠭᠠᠳ 52 ᠵᠢᠯ ᠪᠣᠯᠤᠭ᠍ᠰᠠᠨ ᠠᠬᠠᠮᠠᠳ ᠨᠠᠮ᠎ᠤᠨ ᠭᠡᠱᠢᠭᠦᠨ᠎ᠤ ᠨᠠᠮ᠎ᠳᠠᠭᠠᠨ ᠬᠠᠢᠷᠠᠳᠠᠢ ᠪᠠᠢᠭ᠎ᠠ ᠭᠦᠨ ᠵᠤᠵᠠᠭᠠᠨ ᠬᠠᠢᠷ᠎ᠠ ᠰᠡᠳᠭᠢᠯᠭᠡ ᠪᠠ ᠬᠢᠵᠠᠭᠠᠯᠠᠰᠢ ᠦᠭᠡᠢ ᠬᠦᠨᠳᠦᠳᠭᠡᠯ ᠪᠢᠱᠢᠷᠡᠯ ᠠᠭᠤᠯᠤᠭ᠍ᠳᠠᠨ᠎ᠠ᠃

ᠸᠠᠩ ᠱᠢᠶᠠᠨ ᠴᠦᠨ 1979 ᠣᠨ᠎ᠳᠤ ᠤᠤᠯ᠎ᠤᠨ ᠪᠡᠭᠡᠵᠢᠩ᠎ᠤᠨ ᠴᠡᠷᠢᠭ᠎ᠤᠨ ᠲᠣᠭᠤᠷᠢᠭ᠎ᠤᠨ ᠱᠢᠭᠤᠳ ᠬᠠᠷᠢᠶ᠎ᠠ ᠴᠡᠷᠢᠭ ᠠᠩᠭᠢ᠎ᠠᠴᠠ ᠲᠤᠰ ᠬᠤᠱᠢᠭᠤᠨ᠎ᠳᠤ ᠱᠢᠯᠵᠢᠨ ᠢᠷᠡᠵᠥ᠍ ᠠᠵᠢᠯᠯᠠᠭ᠍ᠰᠠᠨ᠎ᠤ ᠳᠠᠷᠠᠭ᠎ᠠ᠂ ᠤᠷᠢᠳ ᠬᠤᠵᠢᠳ ᠠᠵᠢᠯᠲᠠᠨ᠎ᠤ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ᠂ ᠪᠠᠢᠴᠠᠭᠠᠬᠤ ᠬᠤᠷᠢᠶᠠᠨ᠎ᠤ ᠳᠡᠳ᠋ ᠳᠠᠷᠤᠭ᠎ᠠ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠢᠷᠭᠡᠨ᠎ᠤ ᠬᠠᠤᠯᠢ᠎ᠶ᠋ᠢᠨ ᠵᠥᠪᠯᠡᠯ᠎ᠤᠨ ᠡᠷᠬᠢᠯᠡᠭ᠌ᠴᠢ ᠵᠡᠷᠬᠡ ᠲᠤᠱᠢᠶᠠᠯ᠎ᠢ ᠡᠭᠦᠷᠭᠡᠯᠡᠵᠦ᠍ ᠥᠩᠭᠡᠷᠡᠪᠡ᠃

ᠨᠠᠮ᠎ᠤᠨ ᠭᠡᠱᠢᠭᠦᠨ᠎ᠤ ᠲᠤᠬᠠᠢ ᠲᠦᠷᠦᠭ᠌ᠳᠡᠯ᠎ᠢᠶᠠᠨ ᠶᠠᠷᠢᠬᠤ᠎ᠳᠠᠭᠠᠨ ᠸᠠᠩ ᠱᠢᠶᠠᠨ ᠴᠦᠨ᠄ 《ᠨᠠᠮ᠎ᠳᠤ ᠡᠯᠰᠡᠭ᠌ᠳᠡᠬᠦ᠌ ᠪᠣᠯ ᠦᠩᠬᠡ ᠬᠡᠷᠡᠯᠳᠡᠢ ᠶᠠᠪᠤᠳᠠᠯ᠂ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠪᠢ ᠨᠠᠮ᠎ᠤᠨ ᠭᠡᠱᠢᠭᠦᠨ ᠪᠣᠯᠤᠭ᠍ᠰᠠᠨ᠎ᠳᠠᠭᠠᠨ ᠣᠮᠣᠭ᠍ᠰᠢᠵᠤ ᠪᠠᠢᠳᠠᠭ》 ᠭᠡᠪᠡ᠃

ᠸᠠᠩ ᠱᠢᠶᠠᠨ ᠴᠦᠨ ᠠᠵᠢᠯ᠎ᠠᠴᠠ᠎ᠪᠠᠨ ᠠᠮᠠᠷᠠᠭ᠍ᠰᠠᠨ᠎ᠤ ᠳᠠᠷᠠᠭ᠎ᠠ ᠭᠡᠷ᠎ᠲᠡᠭᠡᠨ ᠠᠮᠠᠷᠠᠵᠤ ᠰᠠᠭᠤᠭ᠎ᠠ ᠦᠭᠡᠢ᠂ ᠬᠠᠷᠢᠨ ᠨᠠᠮ᠎ᠤᠨ ᠱᠢᠯᠢᠳᠡᠭ ᠤᠯᠠᠮᠵᠢᠯᠠᠯ ᠪᠠ ᠰᠤᠷᠲᠠᠯ᠎ᠢᠶᠠᠨ ᠦᠷᠭᠦᠯᠵᠢᠯᠡᠨ ᠪᠠᠷᠢᠮᠲᠠᠯᠠᠵᠤ᠂ ᠦᠷᠭᠦᠯᠵᠢᠯᠡᠨ ᠠᠷᠠᠳ᠎ᠲᠤ ᠦᠢᠯᠡᠴᠢᠯᠡᠵᠦ᠍᠂ ᠨᠠᠮ᠎ᠤᠨ ᠭᠡᠱᠢᠭᠦᠳ᠎ᠲᠤ ᠳᠠᠭᠤᠷᠢᠶᠠᠯ ᠦᠵᠡᠭᠦᠯᠪᠡ᠃ ᠠᠬᠠᠮᠠᠳ ᠨᠠᠮ᠎ᠤᠨ ᠭᠡᠱᠢᠭᠦᠨ᠎ᠤ ᠬᠤᠪᠢ᠎ᠳᠤ᠂ ᠲᠡᠷᠡ ᠨᠡᠢᠭᠡᠮ ᠲᠣᠭᠤᠷᠢᠭ᠎ᠤᠨ ᠵᠣᠬᠢᠶᠠᠨ ᠪᠠᠢᠭᠤᠯᠤᠯᠲᠠ᠎ᠶ᠋ᠢᠨ ᠡᠯ᠎ᠡ ᠵᠦᠢᠯ᠎ᠤᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠨ᠂ ᠠᠬᠠᠮᠠᠳ ᠨᠠᠮ᠎ᠤᠨ ᠭᠡᠱᠢᠭᠦᠨ᠎ᠤ ᠤᠯᠤᠰ ᠲᠦᠷᠦ᠎ᠶ᠋ᠢᠨ ᠳᠠᠪᠠᠭᠤᠯᠢᠭ᠂ ᠲᠤᠷᠱᠢᠯᠭ᠎ᠠ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠨᠡᠢᠭᠡᠮ ᠲᠣᠭᠤᠷᠢᠭ᠎ᠤᠨ ᠬᠥᠭ᠌ᠵᠢᠯᠲᠡ᠎ᠳᠤ ᠠᠷᠭ᠎ᠠ ᠤᠬᠠᠭᠠᠨ ᠭᠠᠷᠭᠠᠵᠤ ᠬᠦᠴᠦ᠍ ᠴᠢᠳᠠᠯ᠎ᠢᠶᠠᠨ ᠡᠷᠬᠦᠵᠤ ᠶᠠᠪᠤᠵᠠᠢ; ᠰᠠᠭᠤᠭᠠᠯᠢ ᠠᠷᠠᠳ᠎ᠤᠨ ᠲᠣᠭᠤᠷᠢᠭ᠎ᠤᠨ ᠥᠮᠴᠢᠲᠡᠨ᠎ᠤ ᠵᠥᠪᠯᠡᠯ᠎ᠤᠨ ᠡᠷᠬᠢᠯᠡᠭ᠌ᠴᠢ᠎ᠶ᠋ᠢᠨ ᠬᠤᠪᠢ᠎ᠳᠤ᠂ ᠲᠡᠷᠡ ᠬᠠᠮᠢᠶ᠎ᠠ ᠪᠦᠬᠦᠢ ᠪᠠᠢᠭᠤᠯᠭ᠎ᠠ ᠨᠢᠭᠡᠴᠢ᠎ᠲᠠᠢ ᠬᠠᠷᠢᠯᠴᠠᠨ ᠵᠣᠬᠢᠴᠠᠭᠤᠯᠵᠤ ᠪᠠᠢᠭᠠᠳ ᠰᠠᠭᠤᠭᠠᠯᠢ ᠠᠷᠠᠳ᠎ᠤᠨ ᠠᠰᠠᠷ᠎ᠤᠨ ᠣᠷᠣᠶ᠎ᠶ᠋ᠢ ᠳᠠᠬᠢᠨ ᠵᠠᠰᠠᠵᠤ᠂ ᠪᠠᠰᠠ ᠳᠤᠯᠠᠭᠠᠯᠠᠭ᠎ᠠ ᠬᠠᠩᠭᠠᠬᠤ ᠬᠤᠭᠤᠯᠠᠶ ᠰᠣᠯᠢᠵᠤ᠂ ᠰᠠᠭᠤᠭᠠᠯᠢ ᠠᠷᠠᠳ᠎ᠤᠨ ᠲᠣᠭᠤᠷᠢᠭ᠎ᠤᠨ ᠣᠷᠣᠨ ᠰᠠᠭᠤᠴᠠ᠎ᠶ᠋ᠢᠨ ᠣᠷᠴᠢᠨ ᠲᠣᠭᠤᠷᠢᠨ᠎ᠢ ᠰᠠᠢᠵᠢᠷᠠᠭᠤᠯᠪᠠ᠃ ᠥᠪᠡᠷ᠎ᠤᠨ ᠲᠤᠬᠠᠢᠯᠠᠭ᠍ᠰᠠᠨ ᠠᠵᠢᠯ᠎ᠤᠨ ᠮᠡᠳᠡᠯᠭᠡ᠎ᠪᠠᠨ ᠠᠱᠢᠬ᠍ᠯᠠᠠ᠂ ᠰᠠᠭᠤᠭᠠᠯᠢ ᠠᠷᠠᠳ᠎ᠲᠤ ᠬᠠᠤᠯᠢ ᠴᠠᠭᠠᠵᠠ᠎ᠶ᠋ᠢᠨ ᠵᠥᠪᠯᠡᠯᠭᠡ ᠬᠠᠩᠭᠠᠵᠤ᠂ ᠵᠥᠷᠢᠴᠡᠯ ᠵᠢᠭᠤᠷᠠᠯᠳᠤᠭᠠᠨ᠎ᠢ ᠡᠶᠡᠳᠡᠭᠦᠯᠦᠨ᠂ ᠬᠥᠷᠰᠢ ᠵᠡᠷᠭᠡᠯᠡᠳᠡᠭᠡ᠎ᠶ᠋ᠢᠨ ᠬᠠᠷᠢᠴᠠᠭ᠎ᠠ᠎ᠶ᠋ᠢ ᠰᠠᠢᠵᠢᠷᠠᠭᠤᠯᠪᠠ; ᠬᠤᠱᠢᠭᠤᠨ᠎ᠤ ᠬᠤᠢᠴᠢ ᠦᠶ᠎ᠡ᠎ᠶ᠋ᠢᠨ᠎ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ᠎ᠳᠤ ᠬᠠᠤᠯᠢ ᠲᠦᠷᠢᠮ᠎ᠤᠨ ᠤᠬᠠᠭᠤᠯᠬᠤ ᠪᠦᠯᠬᠦᠮ᠎ᠤᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠬᠤ ᠬᠤᠭᠤᠴᠠᠭᠠᠨ᠎ᠳᠠᠭᠠᠨ ᠰᠤᠷᠭᠠᠭᠤᠯᠢ᠎ᠶ᠋ᠢᠨ ᠬᠡᠦᠬᠡᠳ᠎ᠤᠳ᠎ᠲᠤ ᠤᠯᠤᠰ᠎ᠢᠶᠠᠨ ᠬᠠᠢᠷᠠᠯᠠᠬᠤ ᠦᠵᠡᠯ ᠰᠠᠨᠠᠭᠠᠨ᠎ᠤ ᠬᠥᠮᠦᠵᠢᠯ ᠬᠢᠵᠤ᠂ ᠬᠢᠷᠢ ᠲᠡᠩᠴᠡᠭ᠌ᠰᠡᠨ ᠵᠠᠯᠭᠠᠮᠵᠢᠯᠠᠭ᠍ᠴᠢ ᠪᠣᠯᠬᠤ᠎ᠶ᠋ᠢ ᠵᠢᠭᠠᠨ ᠵᠢᠯᠣᠭᠤᠤᠨᠳᠠᠭ ᠪᠠᠢᠨ᠎ᠠ᠃

ᠬᠤᠢᠱᠢᠲᠡ᠎ᠶ᠋ᠢᠨ ᠲᠦᠯᠦᠪᠯᠡᠭᠡ᠎ᠶ᠋ᠢᠨ ᠲᠤᠬᠠᠢ ᠠᠰᠠᠭᠤᠬᠤ᠎ᠳᠤ ᠸᠠᠩ ᠱᠢᠶᠠᠨ ᠴᠦᠨ᠄ 《ᠪᠢ ᠨᠠᠰᠤ ᠠᠬᠢᠭ᠍ᠰᠠᠨ ᠪᠣᠯᠪᠠᠴᠤ᠌ ᠪᠡᠶ᠎ᠡ ᠮᠠᠬᠠᠪᠣᠳ ᠡᠷᠡᠭᠦᠯ ᠴᠢᠭᠢᠷᠠᠭ ᠪᠤᠯᠬᠤᠷ ᠦᠷᠬᠦᠯᠵᠢᠯᠡᠨ ᠤᠯᠠᠨ ᠲᠦᠮᠡᠨ᠎ᠤ ᠲᠦᠯᠦᠬᠡ ᠬᠦᠴᠦ᠎ᠪᠠᠨ ᠡᠷᠬᠦᠨ᠎ᠡ》 ᠭᠡᠵᠦ᠍ ᠦᠴᠦᠬᠡᠨ ᠴᠤ᠌ ᠡᠷᠡᠭᠡᠯᠵᠡᠯ ᠦᠭᠡᠢ ᠬᠠᠷᠢᠭᠤᠯᠵᠤ ᠭᠠᠷᠤᠯ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号