ᠮᠠᠨ᠎ᠤ ᠤᠷᠤᠨ ᠲᠦᠷᠦᠭᠦᠬᠡᠨ ᠴᠧᠩᠳᠦ᠋᠎ᠳᠤ ᠶᠠᠪᠤᠭ᠍ᠳᠠᠭ᠍ᠰᠠᠨ ᠠᠷᠪᠡᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠠᠭᠤᠨ ᠤᠷᠤᠨ᠎ᠤ ᠤᠯᠠᠨ ᠤᠯᠤᠰ᠎ᠤᠨ ᠦᠵᠡᠰᠭᠦᠯᠡᠩ᠎ᠤᠨ ᠴᠤᠭ᠍ᠯᠠᠭᠠᠨ ᠵᠢᠴᠢ ᠠᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠠᠭᠤᠨ ᠤᠷᠤᠨ᠎ᠤ ᠤᠯᠠᠨ ᠤᠯᠤᠰ᠎ᠤᠨ ᠬᠠᠮᠳᠤᠷᠠᠯᠴᠠᠭᠠᠨ᠎ᠤ ᠶᠠᠷᠢᠶᠠᠨ᠎ᠤ ᠳᠠᠪᠴᠠᠩ᠎ᠳᠤ ᠲᠦᠯᠦᠭᠡᠯᠡᠭ᠌ᠴᠢ᠎ᠶ᠋ᠢᠨ ᠪᠦᠯᠬᠦᠮ ᠲᠤᠮᠢᠯᠠᠨ ᠤᠷᠤᠯᠴᠠᠵᠤ᠂ 387 ᠭᠤᠤᠯᠳᠠᠯᠭ᠎ᠠ᠎ᠲᠠᠢ ᠠᠵᠤ ᠠᠬᠤᠢ᠎ᠶ᠋ᠢᠨ ᠬᠠᠮᠳᠤᠷᠠᠯᠴᠠᠭᠠᠨ᠎ᠤ ᠲᠦᠷᠦᠯ ᠵᠦᠢᠯ᠎ᠢᠶᠠᠨ ᠲᠠᠨᠢᠯᠴᠠᠭᠤᠯᠵᠠᠢ᠃
ᠲᠤᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠢ ᠤᠯᠤᠰ᠎ᠤᠨ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠳᠠ᠎ᠶ᠋ᠢᠨ ᠶᠡᠷᠦᠩᠬᠡᠢ ᠳᠤᠪᠴᠢᠶ᠎ᠠ᠂ ᠪᠦᠬᠦ᠌ ᠤᠯᠤᠰ᠎ᠤᠨ ᠦᠢᠯᠡᠳᠪᠤᠷᠢ ᠬᠤᠳᠠᠯᠳᠤᠭᠠᠨ᠎ᠤ ᠬᠤᠯᠪᠤᠭ᠎ᠠ᠂ ᠪᠦᠬᠦ᠌ ᠤᠯᠤᠰ᠎ᠤᠨ ᠭᠠᠳᠠᠭᠠᠳᠤ᠎ᠲᠠᠢ ᠨᠦᠬᠦᠷᠰᠡᠭ᠎ᠢᠶᠠᠷ ᠬᠠᠷᠢᠯᠴᠠᠬᠤ ᠨᠡᠢᠭᠡᠮᠯᠢᠭ ᠪᠤᠯᠤᠨ ᠰᠧᠴᠤᠸᠠᠨ ᠮᠤᠵᠢ᠎ᠶ᠋ᠢᠨ ᠠᠷᠠᠳ᠎ᠤᠨ ᠵᠠᠰᠠᠭ᠎ᠤᠨ ᠤᠷᠳᠤᠨ᠎ᠠᠴᠠ ᠭᠤᠤᠯᠯᠠᠨ ᠡᠷᠬᠢᠯᠡᠵᠦ᠍᠂ 66 ᠤᠯᠤᠰ ᠪᠠ ᠭᠠᠵᠠᠷ ᠤᠷᠤᠨ᠎ᠤ ᠬᠦᠨᠳᠤᠳᠤ ᠵᠤᠴᠢᠨ ᠵᠢᠴᠢ ᠤᠯᠤᠰ᠎ᠤᠨ ᠲᠤᠳᠤᠭᠠᠳᠤ᠎ᠶ᠋ᠢᠨ 29 ᠮᠤᠵᠢ (ᠬᠤᠳᠠ᠂ ᠤᠷᠤᠨ) ᠪᠤᠯᠤᠨ ᠱᠢᠨᠵᠢᠶᠠᠩ᠎ᠤᠨ ᠦᠢᠯᠡᠳᠪᠤᠷᠢᠯᠡᠯ ᠪᠦᠲᠦᠭᠡᠨ ᠪᠠᠢᠭᠤᠯᠤᠯᠳᠠ᠎ᠶ᠋ᠢᠨ ᠪᠢᠩᠲ᠋ᠤᠸᠠᠨ᠎ᠤ ᠲᠦᠯᠦᠭᠡᠯᠡᠭ᠌ᠴᠢ ᠤᠷᠤᠯᠴᠠᠵᠤ᠂ 4000 ᠭᠠᠷᠤᠢ ᠠᠵᠤ ᠠᠬᠤᠢ᠍ᠢᠯᠠᠯ ᠦᠵᠡᠰᠭᠦᠯᠡᠩᠳᠤ ᠤᠷᠤᠯᠴᠠᠭ᠍ᠰᠠᠨ ᠪᠠᠢᠨ᠎ᠠ᠃
ᠲᠤᠰ ᠬᠤᠭᠤᠴᠠᠭᠠᠨ᠎ᠤ ᠦᠵᠡᠰᠭᠦᠯᠡᠩ᠎ᠤᠨ ᠴᠤᠭ᠍ᠯᠠᠭᠠᠨ᠎ᠨᠢ 《ᠳᠤᠮᠳᠠᠳᠤ ᠤᠯᠤᠰ᠎ᠤᠨ ᠱᠢᠨ᠎ᠠ ᠴᠠᠭ ᠦᠶ᠎ᠠ · ᠪᠠᠷᠠᠭᠤᠨ ᠤᠷᠤᠨ᠎ᠤ ᠱᠢᠨ᠎ᠠ ᠠᠵᠠ ᠳᠤᠬᠢᠶᠠᠯ》 ᠢᠶᠠᠷ ᠭᠤᠤᠯ ᠰᠡᠳᠦᠪ᠎ᠢᠶᠠᠨ ᠪᠤᠯᠭᠠᠵᠠᠢ᠂ ᠮᠠᠨ᠎ᠤ ᠤᠷᠤᠨ ᠭᠤᠤᠯᠳᠠᠭᠤ ᠦᠪᠦᠷ ᠮᠤᠩᠭᠤᠯ᠎ᠤᠨ ᠤᠷᠤᠨ ᠪᠠᠢᠷᠢ᠎ᠶ᠋ᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠂ ᠲᠦᠷᠦ᠎ᠶ᠋ᠢᠨ ᠪᠤᠳᠤᠯᠭ᠎ᠠ᠎ᠶ᠋ᠢᠨ ᠳᠠᠪᠠᠭᠤᠯᠢᠭ᠎ᠢᠶᠠᠨ ᠲᠠᠨᠢᠯᠴᠠᠭᠤᠯᠵᠤ᠂ ᠤᠯᠤᠰ᠎ᠤᠨ ᠲᠤᠳᠤᠭᠠᠳᠤ ᠭᠠᠳᠠᠭᠠᠳᠦ᠎ᠶ᠋ᠢᠨ ᠠᠷᠠᠯᠵᠢᠶᠠᠴᠢᠳ᠎ᠤᠨ ᠦᠪᠦᠷ ᠮᠤᠩᠭᠤᠯ᠎ᠳᠤ ᠢᠷᠡᠵᠦ᠍ ᠪᠡᠯᠡ ᠤᠷᠤᠭᠤᠯᠤᠨ ᠦᠢᠯᠡᠰ᠎ᠢᠶᠠᠨ ᠬᠦᠭ᠌ᠵᠢᠭᠦᠯᠬᠦ᠌᠎ᠶ᠋ᠢ ᠤᠷᠢᠪᠠ᠃
ᠦᠵᠡᠰᠭᠦᠯᠡᠩ᠎ᠤᠨ ᠴᠤᠭ᠍ᠯᠠᠭᠠᠨ᠎ᠤ ᠬᠤᠭᠤᠴᠠᠭᠠᠨ᠎ᠳᠤ ᠶᠠᠪᠤᠭ᠍ᠳᠠᠭ᠍ᠰᠠᠨ ᠠᠷᠪᠠᠨ ᠨᠢᠭᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠪᠠᠷᠠᠭᠤᠨ ᠤᠷᠤᠨ᠎ᠤ ᠪᠡᠯᠡ ᠤᠷᠤᠭᠤᠯᠤᠯᠳᠠ᠎ᠶ᠋ᠢᠨ ᠲᠠᠨᠢᠯᠴᠠᠭᠤᠯᠬᠤ ᠬᠤᠷᠠᠯ ᠳᠡᠭᠡᠷ᠎ᠠ ᠮᠠᠨ᠎ᠤ ᠤᠷᠤᠨ ᠡᠨᠧᠷᠬᠢ᠂ ᠪᠤᠬᠢᠷᠳᠦᠯ ᠦᠭᠡᠢ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠲᠦᠭᠡᠭ᠌ᠳᠡᠭᠦᠨ᠎ᠤ ᠦᠢᠯᠡᠳᠪᠤᠷᠢᠯᠡᠯ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ ᠱᠢᠨ᠎ᠠ᠎ᠪᠠᠷ ᠮᠠᠨᠳᠤᠭ᠍ᠰᠠᠨ ᠠᠵᠤ ᠦᠢᠯᠡᠰ᠂ ᠳᠤᠨᠤᠭ᠍ᠯᠠᠯ ᠦᠢᠯᠡᠳᠬᠦ᠂ ᠡᠨᠧᠷᠬᠢ ᠠᠷᠪᠢᠯᠠᠵᠤ ᠤᠷᠴᠢᠨ ᠲᠤᠭᠤᠷᠢᠨ᠎ᠢ ᠬᠠᠮᠠᠭᠠᠯᠠᠬᠤ᠂ ᠲᠤᠭᠠᠴᠢᠯᠠᠭ᠍ᠰᠠᠨ ᠠᠵᠤ ᠠᠬᠤᠢ᠂ ᠱᠢᠨ᠎ᠠ ᠬᠡᠯᠪᠡᠷᠢ᠎ᠶ᠋ᠢᠨ ᠬᠢᠮᠢ᠎ᠶ᠋ᠢᠨ ᠠᠵᠤ ᠦᠢᠯᠡᠳᠪᠤᠷᠢ᠂ ᠪᠤᠬᠢᠷᠳᠦᠯ ᠦᠭᠡᠢ ᠲᠡᠮᠦᠷᠯᠢᠭ ᠡᠳ᠋ᠱᠢᠭᠦᠯᠬᠦ᠂ ᠪᠤᠬᠢᠷᠳᠦᠯ ᠦᠭᠡᠢ ᠪᠠᠷᠢᠯᠭ᠎ᠠ᠎ᠶ᠋ᠢᠨ ᠮᠠᠲ᠋ᠧᠷᠢᠶᠠᠯ᠂ ᠤᠳᠤ ᠦᠶ᠎ᠠ᠎ᠶ᠋ᠢᠨ ᠦᠢᠯᠡᠴᠢᠯᠡᠭᠡᠨ᠎ᠤ ᠦᠢᠯᠡᠰ᠂ ᠪᠠᠷᠠᠭᠠᠨ᠎ᠤ ᠭᠦᠢᠯᠭᠡᠭᠡ᠂ ᠰᠤᠶᠤᠯ ᠵᠢᠭᠤᠯᠴᠢᠯᠠᠯ ᠪᠠ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠳᠠ᠎ᠳᠤ ᠬᠤᠯᠪᠤᠭ᠍ᠳᠠᠬ᠍ᠰᠠᠨ ᠨᠡᠢᠳᠡ 387 ᠲᠦᠷᠦᠯ ᠵᠦᠢᠯ᠎ᠢᠶᠠᠨ ᠲᠠᠨᠢᠯᠴᠠᠭᠤᠯᠵᠠᠢ᠃ ᠳᠠᠷᠠᠭᠠᠴᠢ᠎ᠪᠠᠷ ᠦᠪᠡᠷᠳᠡᠭᠡᠨ ᠵᠠᠰᠠᠬᠤ ᠤᠷᠤᠨ᠎ᠤ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠎ᠤᠨ᠎ᠬᠢᠨ ᠲᠦᠷᠦᠯ ᠵᠦᠢᠯ᠎ᠢ ᠮᠦᠷᠳᠡᠨ ᠵᠤᠬᠢᠴᠠᠭᠤᠯᠬᠤ ᠠᠵᠢᠯ᠎ᠢ ᠰᠠᠢᠳᠦᠷ ᠬᠢᠵᠦ᠍᠂ ᠬᠠᠮᠳᠤᠷᠠᠯᠴᠠᠭᠠᠨ᠎ᠤ ᠦᠷ᠎ᠠ ᠪᠦᠲᠦᠭᠡᠯ ᠬᠢᠭᠡᠳ ᠭᠡᠷ᠎ᠠ ᠳᠤᠭ᠍ᠳᠠᠭ᠍ᠰᠠᠨ ᠲᠦᠷᠦᠯ ᠵᠦᠢᠯ᠎ᠤᠨ ᠡᠷᠳᠡᠭᠡᠨ ᠪᠤᠳᠠᠳᠠᠢ᠎ᠳᠤ ᠨᠠᠢᠳᠠᠪᠤᠷᠢᠵᠢᠭᠤᠯᠤᠭ᠍ᠳᠠᠬᠤ᠎ᠶ᠋ᠢ ᠠᠬᠢᠭᠤᠯᠬᠤ ᠪᠤᠯᠤᠨ᠎ᠠ᠃