10 ᠰᠠᠷ᠎ᠠ᠎ᠶ᠋ᠢᠨ 28 ᠤ᠋ ᠡᠳᠦᠷ᠂ ᠪᠥᠬᠥ᠌ ᠤᠯᠤᠰ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠨᠠᠶ᠋ᠮᠠᠳᠤᠭᠠᠷ ᠬᠤᠭᠤᠴᠠᠭᠠᠨ᠎ᠤ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠬᠠᠮᠤᠭ᠎ᠤᠨ ᠰᠡᠭᠦᠯᠴᠢ᠎ᠶ᠋ᠢᠨ ᠤᠷᠤᠯᠳᠤᠭᠠᠨ᠎ᠤ ᠡᠳᠦᠷ᠎ᠢᠶᠡᠨ ᠤᠭ᠍ᠲᠤᠪᠠ᠃ ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠎ᠤ ᠲᠠᠯᠠᠪᠠᠢ᠎ᠳᠤ᠂ ᠥᠪᠥᠷ ᠮᠣᠩᠭᠣᠯ᠎ᠤᠨ ᠨᠠᠷᠠᠲᠤ ᠲᠠᠮᠢᠷᠴᠢᠨ ᠭᠤᠤ ᠶᠦᠩ ᠴᠢᠶᠠᠩ᠂ ᠰᠦᠨ ᠫᠧᠩ ᠱᠢᠶᠠᠩ ᠬᠣᠶᠠᠭᠤᠯᠠ ᠴᠦᠮ ᠪᠦᠬᠦ᠌ ᠤᠯᠤᠰ᠎ᠤᠨ ᠲᠡᠮᠳᠡᠭ᠌ᠯᠡᠯ᠎ᠢ ᠰᠢᠨᠡᠳᠬᠡᠵᠦ ᠠᠯᠲᠠᠨ ᠮᠧᠳᠠᠯ ᠬᠦᠷᠳᠡᠪᠡ᠃
ᠦᠳᠡ᠎ᠶ᠋ᠢᠨ ᠡᠮᠦᠨᠡᠬᠢ 8 ᠴᠠᠭ 40 ᠮᠢᠨᠦ᠋ᠲ᠎ᠲᠦ᠂ ᠡᠷᠡᠭ᠌ᠲᠡᠶ᠎ᠶ᠋ᠢᠨ ᠰᠢᠳᠡᠭᠦᠷ ᠵᠢᠳᠠ ᠵᠢᠨ F41 ᠲᠡᠰ᠎ᠤᠨ ᠤᠷᠤᠯᠳᠤᠭᠠᠨ ᠡᠬᠢᠯᠡᠪᠡ᠃ ᠲᠣᠣᠺᠢᠣ᠋᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠣᠰ ᠲᠥᠷᠥᠯ᠎ᠦᠨ ᠠᠯᠲᠠᠨ ᠮᠧᠳᠠᠯ ᠬᠦᠷᠳᠡᠭᠴᠢ ᠰᠦᠨ ᠫᠧᠩ ᠱᠢᠶᠠᠩ 3 ᠤᠳᠠᠭ᠎ᠠ ᠪᠥᠬᠥ᠌ ᠤᠯᠤᠰ᠎ᠤᠨ ᠲᠡᠮᠳᠡᠭ᠌ᠯᠡᠯ᠎ᠢ ᠰᠢᠨᠡᠳᠬᠡᠵᠦ᠂ ᠡᠴᠦᠰ᠎ᠲᠡᠬᠡᠨ 46.16 ᠮᠧᠲ᠋ᠷ᠎ᠦᠨ ᠬᠢᠷᠢ ᠪᠦᠲᠦᠮᠵᠢ᠎ᠪᠡᠷ ᠮᠠᠩᠯᠠᠢᠯᠠᠪᠠ᠃
ᠡᠭᠦᠨ᠎ᠡᠴᠡ ᠡᠮᠦᠨᠡᠬᠢ ᠬᠡᠳᠦᠨ ᠡᠳᠦᠷ᠎ᠦᠨ ᠤᠷᠤᠯᠳᠤᠭᠠᠨ᠎ᠳᠤ᠂ ᠰᠦᠨ ᠫᠧᠩ ᠱᠢᠶᠠᠩ ᠨᠢᠭᠡᠨᠳᠡ ᠡᠷᠡᠭ᠌ᠲᠡᠶ᠎ᠶ᠋ᠢᠨ ᠵᠡᠭᠡᠷᠡᠩᠬᠡᠶ F40᠎ᠤ᠋ᠨ ᠮᠥᠩᠭᠥᠨ ᠮᠧᠳᠠᠯ ᠪᠠ ᠡᠷᠡᠭ᠌ᠲᠡᠶ᠎ᠶ᠋ᠢᠨ ᠲᠤᠭᠤᠯᠭᠠᠨ ᠪᠥᠮᠪᠥᠭᠡ᠎ᠶ᠋ᠢᠨ F41 ᠵᠢᠨ ᠬᠦᠷᠡᠯ ᠮᠧᠳᠠᠯ᠎ᠢ ᠣᠯᠵᠠᠶ᠃ ᠰᠦᠨ ᠫᠧᠩ ᠱᠢᠶᠠᠩ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ 3 ᠤᠷᠤᠯᠳᠤᠭᠠᠨ᠎ᠤ ᠲᠦᠷᠦᠯ ᠵᠦᠢᠯ᠎ᠳᠦ ᠪᠦᠷ ᠱᠠᠩᠨᠠᠯ᠎ᠤᠨ ᠮᠧᠳᠠᠯ ᠣᠯᠵᠤ᠂ ᠲᠤᠰ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ᠎ᠤ ᠠᠶᠠᠯᠠᠯ᠎ᠢᠶᠠᠨ ᠠᠮᠵᠢᠯᠲᠠ᠎ᠲᠠᠶ ᠲᠡᠭᠦᠰᠭᠡᠵᠡᠢ᠃
ᠳᠤᠰ ᠡᠳᠦᠷ ᠶᠠᠪᠤᠬᠳᠠᠬᠰᠠᠨ ᠰᠣᠨᠣᠷ᠎ᠤᠨ ᠰᠠᠭᠠᠳᠳᠠᠢ ᠡᠷᠡᠭ᠌ᠲᠡᠶ᠎ᠶ᠋ᠢᠨ ᠭᠢᠨᠵᠢᠲᠦ ᠪᠥᠮᠪᠥᠭᠡ᠎ᠶ᠋ᠢᠨ ᠤᠷᠤᠯᠳᠤᠭᠠᠨ᠎ᠳᠤ᠂ 37 ᠨᠠᠰᠤᠲᠠᠶ ᠲᠠᠮᠢᠷᠴᠢᠨ ᠭᠤᠤ ᠶᠦᠩ ᠴᠢᠶᠠᠩ 6 ᠤᠳᠠᠭ᠎ᠠ ᠰᠢᠳᠡᠬᠦ ᠳ᠋ᠤ 4 ᠤᠳᠠᠭ᠎ᠠ ᠨᠢ ᠪᠦᠬᠦ᠌ ᠤᠯᠤᠰ᠎ᠤᠨ ᠲᠡᠮᠳᠡᠭ᠌ᠯᠡᠯ ᠢ᠋ ᠰᠢᠨᠡᠳᠬᠡᠵᠦ ᠠᠯᠲᠠᠨ ᠮᠧᠳᠠᠯ ᠣᠯᠪᠠ᠃ ᠭᠤᠤ ᠶᠦᠩ ᠴᠢᠶᠠᠩ ᠬᠣᠶᠠᠳᠤᠭᠠᠷ ᠤᠳᠠᠭ᠎ᠠ ᠰᠢᠳᠡᠬᠦ ᠳ᠋ᠤ 52.42 ᠮᠧᠲ᠋ᠷ᠎ᠦᠨ ᠬᠢᠷᠢ ᠪᠦᠲᠦᠮᠵᠢ ᠣᠯᠵᠤ᠂ ᠡᠭᠦᠨ᠎ᠡᠴᠡ ᠡᠮᠦᠨ᠎ᠠ ᠡᠭᠦᠳᠦᠭᠰᠡᠨ 52.21 ᠮᠧᠲ᠋ᠷ᠎ᠦᠨ ᠪᠦᠬᠦ᠌ ᠤᠯᠤᠰ᠎ᠤᠨ ᠲᠡᠮᠳᠡᠭ᠌ᠯᠡᠯ᠎ᠢ ᠰᠢᠨᠡᠳᠬᠡᠪᠡ; ᠭᠤᠷᠪᠠᠳᠤᠭᠠᠷ ᠤᠳᠠᠭ᠎ᠠ ᠪᠠ ᠲᠠᠪᠤᠳᠤᠭᠠᠷ ᠤᠳᠠᠭ᠎ᠠ ᠳ᠋ᠤ ᠲᠤᠰ ᠲᠤᠰ 54.01 ᠮᠧᠲ᠋ᠷ ᠪᠠ 54.44 ᠮᠧᠲ᠋ᠷ᠎ᠦᠨ ᠬᠢᠷᠢ ᠪᠦᠲᠦᠮᠵᠢ ᠤᠯᠵᠤ᠂ ᠳᠠᠬᠢᠨ ᠪᠦᠬᠦ ᠤᠯᠤᠰ ᠤ᠋ᠨ ᠲᠡᠮᠳᠡᠭ᠌ᠯᠡᠯ᠎ᠢ ᠰᠢᠨᠡᠳᠬᠡᠪᠡ ; ᠵᠢᠷᠭᠤᠳᠤᠭᠠᠷ ᠤᠳᠠᠭ᠎ᠠ ᠳ᠋ᠤ ᠭᠤᠤ ᠶᠦᠩ ᠴᠢᠶᠠᠩ 55.37 ᠮᠧᠲ᠋ᠷ᠎ᠦᠨ ᠬᠢᠷᠢ ᠪᠦᠲᠦᠮᠵᠢ᠎ᠪᠡᠷ ᠮᠠᠩᠯᠠᠢᠯᠠᠪᠠ᠃