ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠢᠩᠭᠤ᠎ᠶ᠋ᠢᠨ ᠭᠡᠱᠢᠭᠦᠨ ᠬᠥᠬᠡᠬᠣᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠪᠦᠦ ᠭᠠᠩ
ᠶᠡᠷᠦᠩᠬᠡᠢ ᠱᠦᠵᠢ ᠰᠢ᠎ᠶ᠋ᠢᠨ ᠫᠢᠩ᠎ᠦᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠤᠨ ᠵᠠᠭᠤᠨ ᠵᠢᠯ᠎ᠦᠨ ᠭᠡᠷᠡᠯ ᠰᠠᠴᠤᠷᠠᠩᠭᠤᠢ ᠥᠩᠭᠡᠷᠡᠯᠲᠡ ᠪᠠ ᠲᠡᠦᠬᠡᠨ ᠠᠮᠵᠢᠯᠲᠠ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠵᠦ᠍᠂ ᠣᠳᠣᠬᠠᠨ᠎ᠤ ᠨᠠᠮ᠎ᠤᠨ ᠦᠨᠳᠦᠰᠦᠲᠡᠨ᠎ᠦ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠎ᠢ ᠭᠦᠨᠵᠡᠭᠡᠢ ᠵᠠᠳᠠᠯᠵᠤ᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌《ᠠᠷᠪᠠᠨ ᠬᠣᠶᠠᠷ ᠡᠷᠬᠡᠪᠰᠢ》 ᠵᠢᠨ ᠡᠷᠬᠢᠮ ᠨᠠᠨᠳᠢᠨ ᠲᠤᠷᠱᠢᠯᠭ᠎ᠠ᠎ᠶ᠋ᠢ ᠱᠢᠰᠲᠸᠮ ᠲᠠᠢ ᠲᠣᠳᠣᠷᠬᠠᠢᠯᠠᠨ ᠥᠭᠦᠯᠡᠵᠦ᠍᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ᠎ᠤᠨ ᠴᠢᠨᠠᠷᠲᠠᠶ ᠪᠠᠢᠵᠤ᠂ ᠨᠠᠮ᠎ᠤᠨ ᠲᠦᠷᠦ᠍᠎ᠶ᠋ᠢ ᠵᠠᠰᠠᠬᠤ ᠠᠷᠭ᠎ᠠ ᠪᠤᠳᠤᠯᠭ᠎ᠠ ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠬᠦᠷᠢᠶ᠎ᠡ ᠴᠠᠷᠠᠭᠠᠨ᠎ᠳᠡᠬᠢ ᠲᠥᠪᠯᠡᠷᠡᠩᠭᠦᠢ ᠢᠯᠡᠷᠡᠯ ᠪᠠᠢᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠳᠠᠬᠢᠨ ᠳᠠᠪᠲᠠᠨ ᠰᠤᠳᠤᠯᠤᠨ ᠤᠩᠱᠢᠬᠤ᠂ ᠨᠠᠷᠢᠨ ᠬᠢᠨᠠᠮᠠᠭᠠᠢ ᠰᠤᠷᠤᠯᠴᠠᠬᠤ᠎ᠪᠠᠷ ᠳᠠᠮᠵᠢᠨ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ᠎ᠤ ᠠᠭᠤᠯᠤᠭ᠍ᠳᠠᠬᠤᠨ ᠡᠯᠪᠡᠭ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠢ ᠪᠠᠢᠬᠤ᠎ᠶ᠋ᠢ ᠭᠦᠨᠵᠡᠭᠡᠢ ᠮᠡᠳᠡᠷᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠤᠨ ᠦᠨᠡᠨ ᠶᠣᠰᠣᠨ᠎ᠤ ᠬᠦᠴᠦᠨ᠂ ᠦᠢᠯᠡᠳᠦᠯᠭᠡ᠎ᠶ᠋ᠢᠨ ᠬᠦᠴᠦᠨ᠎ᠢ ᠭᠦᠨᠵᠡᠭᠡᠢ ᠮᠡᠳᠡᠷᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶ᠋ᠢᠨ ᠵᠠᠢᠯᠠᠰᠢ ᠦᠭᠡᠢ ᠴᠢᠨᠠᠷ᠂ ᠲᠤᠢᠯ᠎ᠤᠨ ᠴᠢᠬᠤᠯᠠ ᠴᠢᠨᠠᠷ ᠪᠠ ᠠᠬᠤᠢᠴᠢ ᠬᠠᠨᠳᠤᠯᠭᠠᠲᠤ ᠴᠢᠨᠠᠷ᠎ᠢ ᠭᠦᠨᠵᠡᠭᠡᠢ ᠤᠬᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ ᠬᠤᠲᠠ ᠪᠣᠯᠤᠭ᠍ᠰᠠᠨ᠎ᠤ ᠬᠤᠪᠢ᠎ᠳᠤ᠂ ᠬᠥᠬᠡᠬᠣᠲᠠ ᠡᠷᠬᠡᠪᠰᠢ 《ᠬᠣᠶᠠᠷ᠎ᠢ ᠬᠠᠮᠠᠭᠠᠯᠠᠬᠤ》 ᠤᠯᠤᠰ ᠲᠥᠷᠥ᠎ᠶ᠋ᠢᠨ ᠦᠨᠳᠦᠷᠴᠡ᠂ 《ᠤᠯᠤᠰ᠎ᠤᠨ ᠶᠡᠬᠡ ᠲᠠᠯ᠎ᠠ》 ᠵᠢᠨ ᠪᠥᠬᠥ᠌ ᠲᠠᠯ᠎ᠠ᠎ᠶ᠋ᠢᠨ ᠦᠨᠳᠦᠷᠴᠡ᠎ᠠᠴᠠ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠪᠠᠲᠤᠲᠠᠶ ᠬᠡᠷᠡᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ 《ᠬᠥᠲᠥᠯᠪᠦᠷᠢ》 ᠪᠣᠯᠭᠠᠨ ᠱᠢᠨ᠎ᠡ ᠴᠠᠭ ᠦᠶ᠎ᠡ ᠵᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠤᠷᠢᠳ᠎ᠢᠶᠠᠷ ᠬᠢᠵᠦ᠍ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠪᠥᠬᠥ᠌ ᠣᠷᠣᠨ᠎ᠤ ᠦᠨᠳᠦᠰᠦᠲᠡᠨ ᠨᠤᠭᠦᠳ᠎ᠤᠨ ᠣᠯᠠᠨ ᠲᠦᠮᠡᠨ᠎ᠲᠡᠶ ᠬᠠᠮᠲᠤ᠎ᠪᠠᠷ ᠱᠢᠨ᠎ᠡ ᠴᠠᠭ ᠦᠶ᠎ᠡ᠎ᠶ᠋ᠢᠨ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ ᠬᠡᠷᠡᠭ᠌ᠲᠡᠶ᠃
ᠨᠢᠭᠡ᠎ᠳᠦ ᠦᠵᠡᠯ ᠰᠠᠨᠠᠭᠠᠨ᠎ᠤ ᠰᠠᠭᠤᠷᠢ᠎ᠶ᠋ᠢ ᠪᠠᠳᠤᠳᠬᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠦᠬᠦ᠌ ᠬᠦᠴᠦᠨ ᠵᠢᠡᠷ ᠪᠦᠳᠦᠭᠡᠨ ᠪᠠᠢᠭᠤᠯᠤᠨ᠎ᠠ᠃ ᠦᠨᠳᠦᠰᠦᠲᠡᠨ᠎ᠦ ᠱᠢᠯᠢᠳᠡᠭ ᠰᠣᠶᠣᠯ᠎ᠢ ᠬᠠᠮᠠᠭᠠᠯᠠᠨ ᠪᠠᠳᠠᠷᠠᠭᠤᠯᠬᠤ ᠶ᠋ᠢ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠢ ᠤᠯᠠᠮᠵᠢᠯᠠᠨ ᠵᠠᠯᠭᠠᠮᠵᠢᠯᠠᠬᠤᠯᠤᠭᠠ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠨᠢᠳᠦᠨ ᠳ᠋ᠤ ᠦᠵᠡᠭᠳᠡᠵᠦ ᠭᠠᠷ ᠲᠸ᠋ ᠪᠠᠷᠢᠭᠳᠠᠮ᠎ᠠ ᠪᠦᠲᠦᠮᠵᠢᠲᠡᠢ ᠦᠷᠨᠢᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠺᠠᠳ᠋ᠷ᠎ᠤᠨ ᠬᠥᠮᠦᠵᠢᠯ᠂ ᠨᠠᠮ᠎ᠤᠨ ᠭᠡᠱᠢᠭᠦᠨ᠎ᠦ ᠬᠥᠮᠦᠵᠢᠯ᠂ ᠤᠯᠤᠰ ᠠᠷᠠᠳ᠎ᠤᠨ ᠬᠥᠮᠦᠵᠢᠯ᠂ ᠨᠡᠢᠭᠡᠮ᠎ᠦᠨ ᠬᠥᠮᠦᠵᠢᠯ᠎ᠦᠨ ᠪᠦᠬᠦ᠌ ᠶᠠᠪᠤᠴᠠ᠎ᠳᠤ ᠣᠷᠣᠭᠤᠯᠵᠤ᠂ ᠣᠷᠣᠨ᠎ᠤ ᠲᠥᠪᠬᠤᠲᠠ ᠵᠢᠨ ᠪᠣᠳᠠᠲᠠᠢ ᠪᠠᠢᠳᠠᠯ᠎ᠲᠠᠶ ᠤᠶᠠᠯᠳᠤᠭᠤᠯᠤᠨ ᠤᠨᠤᠯ᠎ᠤᠨ ᠲᠠᠢᠯᠪᠤᠷᠢᠯᠠᠯ᠂ ᠲᠦᠷᠦ᠍᠎ᠶ᠋ᠢᠨ ᠪᠤᠳᠤᠯᠭ᠎ᠠ᠎ᠶ᠋ᠢᠨ ᠲᠠᠢᠯᠤᠮᠵᠢ ᠪᠠ ᠦᠯᠢᠭᠡᠷ᠎ᠦᠨ ᠲᠠᠢᠯᠪᠤᠷᠢᠯᠠᠯᠢ ᠭᠦᠨᠵᠡᠭᠡᠢ ᠥᠷᠨᠢᠭᠦᠯᠵᠦ᠍᠂ ᠤᠷᠢᠬᠠᠨ ᠰᠠᠯᠬᠢ ᠥᠭ᠌ᠭᠢᠶᠡᠮᠦᠷ ᠬᠤᠷ᠎ᠠ ᠲᠦᠮᠡᠨ ᠪᠤᠳᠠᠰ᠎ᠢ ᠢᠪᠡᠭᠡᠬᠦ ᠰᠢᠭ ᠵᠢᠡᠷ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠦᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠲᠤᠳᠬᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠬᠤ ᠬᠡᠷᠡᠭᠲᠡᠢ᠃ ᠢᠯᠠᠩᠭᠤᠶ᠎ᠠ ᠵᠠᠯᠠᠭᠤᠴᠤᠳ ᠪᠠᠭᠠᠴᠤᠳ᠎ᠢ ᠲᠤᠪᠤᠢ᠌ᠮ᠎ᠠ ᠰᠠᠢᠲᠤᠷ ᠠᠳᠭᠤᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂《ᠨᠠᠮ᠎ᠤᠨ ᠲᠥᠯᠥᠭᠡ ᠬᠥᠮᠦᠨᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌》ᠡᠭᠦᠷᠭᠡ ᠬᠠᠷᠢᠭᠤᠴᠠᠯᠭ᠎ᠠ᠎ᠶ᠋ᠢᠨ ᠬᠥᠮᠦᠵᠢᠯ᠎ᠦᠨ ᠠᠵᠢᠯᠯᠠᠭ᠎ᠠ᠎ᠶ᠋ᠢ ᠶᠡᠬᠡᠪᠡᠷ ᠥᠷᠨᠢᠭᠦᠯᠵᠦ᠍᠂ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ ᠪᠣᠯᠤᠨ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 《ᠭᠤᠷᠪᠠᠨ ᠰᠠᠯᠵᠤ ᠴᠢᠳᠠᠬᠤ ᠦᠭᠡᠢ》᠂《ᠲᠠᠪᠤᠨ ᠬᠠᠮᠲᠤ᠎ᠶ᠋ᠢᠨ ᠲᠠᠨᠢᠯᠲᠠ》ᠵᠢᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠭᠦᠨ ᠦᠨᠳᠦᠰᠦᠯᠡᠬᠦ᠌᠎ᠶ᠋ᠢ ᠠᠬᠢᠭᠤᠯᠬᠤ ᠬᠡᠷᠡᠭ᠌ᠲᠡᠢ᠃
ᠬᠣᠶᠠᠷ᠎ᠲᠤ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠲᠤᠳᠭᠠᠵᠤ᠂ ᠦᠨᠳᠦᠰᠦᠲᠡᠨ ᠨᠦᠭᠦᠳ ᠦᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠤᠷᠤᠨ᠎ᠤ ᠲᠥᠪ ᠬᠤᠲᠠ ᠳ᠋ᠦ ᠠᠪᠴᠤ᠌ ᠬᠡᠯᠡᠪᠡᠯ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠤᠬᠠᠢ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂《ᠨᠢᠭᠡ ᠪᠡᠬᠢᠯᠡᠯᠲᠡ》 ᠵᠡᠷᠭᠡ ᠴᠢᠬᠤᠯᠠ ᠨᠠᠢᠳᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠬᠦ᠌ ᠬᠡᠷᠡᠭ᠌ᠲᠡᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠣᠷᠣᠨ᠎ᠤ ᠲᠥᠪ ᠬᠣᠲᠠ᠎ᠳᠤ《ᠡᠮᠦᠨ᠎ᠡ᠎ᠨᠢ ᠭᠠᠪᠰᠢᠭᠠᠢᠯᠠᠵᠤ ᠦᠯᠢᠭᠡᠷ ᠳᠠᠭᠤᠷᠢᠶᠠᠯ ᠪᠤᠯᠬᠤ》 ᠱᠠᠭᠠᠷᠳᠠᠯᠭ᠎ᠠ ᠵᠢ ᠬᠢᠨᠠᠮᠠᠭᠠᠶ ᠨᠠᠢᠳᠠᠪᠤᠷᠢᠵᠢᠭᠤᠯᠵᠤ᠂ ᠬᠥᠬᠡᠬᠣᠲᠠ ᠶ᠋ᠢᠨ ᠠᠷᠪᠠᠨ ᠭᠤᠷᠪᠠᠳᠤᠭᠠᠷ ᠤᠳᠠᠭᠠᠨ᠎ᠤ ᠨᠠᠮ᠎ᠤᠨ ᠲᠥᠯᠥᠭᠡᠯᠡᠭ᠌ᠴᠢᠳ᠎ᠦᠨ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ ᠶᠣᠰᠣᠭᠠᠷ᠂ ᠪᠥᠬᠥ᠌ ᠬᠦᠴᠦᠨ᠎ᠢᠶᠡᠷ᠎ᠢᠶᠡᠨ 《ᠤᠯᠤᠰ᠎ᠤᠨ ᠠᠮᠢ ᠠᠬᠤᠢ ᠵᠢᠨ ᠪᠤᠯᠪᠠᠰᠤᠨ᠎ᠤ ᠪᠠᠢᠭᠤᠯᠤᠯᠳᠠ ᠵᠢᠨ ᠵᠢᠱ᠌ᠢᠶ᠎ᠡ ᠦᠵᠡᠬᠦᠯᠬᠦ ᠬᠣᠲᠠ᠂ ᠪᠦᠬᠦ ᠤᠯᠤᠰ᠎ᠤᠨ ᠪᠤᠯᠪᠠᠰᠤᠨ ᠬᠤᠳᠠ᠂ ᠪᠦᠬᠦ ᠤᠯᠤᠰ᠎ᠤᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶ᠎ᠡ ᠦᠵᠡᠬᠦᠯᠬᠦ ᠬᠤᠳᠠ》 ᠵᠢ ᠴᠢᠷᠮᠠᠢᠨ ᠡᠭᠦᠳᠦᠨ ᠪᠠᠢᠭᠤᠯᠵᠤ᠂ 《ᠳᠥᠷᠪᠡᠨ ᠣᠷᠣᠨ ᠪᠦᠰᠡ᠎ᠶ᠋ᠢᠨ ᠲᠥᠪ》 ᠢ᠋ ᠴᠣᠭ᠍ᠴᠠᠯᠠᠵᠤ᠂ 《ᠳᠥᠷᠪᠡᠨ ᠶᠡᠬᠡ ᠠᠵᠤ ᠠᠬᠤᠶ᠎ᠶ᠋ᠢᠨ ᠴᠠᠭᠠᠷᠢᠭ》 ᠲᠸ᠋ ᠠᠭᠤᠰᠤᠯᠴᠠᠬᠤ᠎ᠶ᠋ᠢ ᠠᠬᠢᠭᠤᠯᠤᠨ᠂ 《ᠲᠠᠪᠤᠨ ᠲᠠᠭᠠᠯᠠᠮᠵᠢᠳᠠᠢ ᠬᠣᠲᠠ》 ᠵᠢ ᠪᠦᠲᠦᠭᠡᠨ ᠪᠠᠢᠭᠤᠯᠵᠤ᠂ 《ᠵᠢᠷᠭᠤᠭᠠᠨ ᠶᠡᠬᠡ ᠠᠵᠤ ᠦᠢᠯᠡᠰ᠎ᠦᠨ ᠪᠦᠯᠦᠭ᠌ᠯᠡᠯ》 ᠢ᠋ ᠪᠤᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠣᠲᠠ᠎ᠶ᠋ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠵᠤ᠂ 《ᠦᠵᠡᠰᠭᠦᠯᠡᠩᠲᠦ ᠰᠠᠢᠬᠠᠨ ᠬᠥᠬᠡᠬᠣᠲᠠ》 《ᠲᠠᠯ᠎ᠠ ᠨᠤᠲᠤᠭ᠎ᠤᠨ ᠬᠣᠲᠠ》ᠵᠢᠨ ᠦᠵᠡᠮᠵᠢ ᠵᠢᠨ ᠤᠷᠤᠨ᠎ᠢ ᠴᠤᠭᠴᠠᠯᠠᠵᠤ᠂ ᠣᠷᠣᠨ᠎ᠤ ᠲᠥᠪ ᠬᠤᠲᠠ ᠵᠢᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ ᠬᠡᠷᠡᠭᠲᠡᠢ᠃ ᠪᠣᠳᠠᠲᠠᠶ ᠠᠵᠢᠯ᠎ᠤᠨ ᠳᠤᠮᠳᠠ ᠪᠠᠨ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ ᠪᠠᠷ ᠵᠤᠷᠢᠯᠲᠠ ᠪᠠ ᠲᠤᠰᠤᠯᠲᠠ ᠪᠣᠯᠭᠠᠬᠤ᠎ᠶ᠋ᠢ ᠪᠠᠷᠢᠮᠲᠠᠯᠠᠵᠤ᠂ 《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠦᠭᠬᠦ》 ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠥᠷᠨᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠣᠯᠠᠨ ᠲᠦᠮᠡᠨ᠎ᠦ ᠠᠩᠬᠠᠷᠴᠤ᠌ ᠂ ᠪᠠᠴᠢᠮᠳᠠᠵᠤ᠂ ᠬᠦᠴᠢᠷᠳᠡᠵᠦ᠂ ᠵᠤᠪᠠᠨᠢᠵᠤ᠂ ᠬᠦᠰᠡᠵᠦ ᠪᠠᠢᠭ᠎ᠠ ᠠᠰᠠᠭᠤᠳᠠᠯ᠎ᠢ ᠰᠡᠳᠭᠢᠯ ᠳᠡᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦᠯᠡᠨ ᠱᠢᠶ᠋ᠳᠪᠦᠷᠢᠯᠡᠵᠦ᠍᠂ ᠨᠢᠭᠡᠳ ᠨᠢᠭᠡ᠎ᠪᠡᠷ ᠨᠠᠢᠳᠠᠪᠤᠷᠢᠵᠢᠭᠤᠯᠤᠨ ᠂ ᠵᠢᠯ ᠳᠠᠷᠠᠭᠠᠯᠠᠨ ᠬᠢᠵᠦ᠍᠂ ᠣᠷᠣᠨ᠎ᠤ ᠲᠥᠪ ᠬᠤᠲᠠ ᠵᠢᠨ ᠦᠨᠳᠦᠰᠦᠲᠡᠨ ᠨᠤᠭᠦᠳ ᠤᠨᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ᠃
ᠭᠤᠷᠪᠠ᠎ᠳᠤ ᠬᠠᠢᠷ᠎ᠠ ᠰᠡᠳᠭᠢᠯᠭᠡ᠎ᠶ᠋ᠢᠨ ᠰᠠᠭᠤᠷᠢ᠎ᠶ᠋ᠢ ᠪᠠᠲᠤᠳᠭᠠᠵᠤ᠂ ᠦᠨᠳᠦᠰᠦᠲᠡᠨ ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠦᠬᠦ᠌ ᠬᠦᠴᠦᠨ᠎ᠢᠶᠡᠷ ᠠᠬᠢᠭᠤᠯᠤᠨ᠎ᠠ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ᠎ᠶ᠋ᠢᠨ ᠦᠨᠳᠦᠰᠦᠲᠡᠨ᠎ᠦ ᠪᠠᠭ᠍ᠲᠠᠭᠠᠮᠵᠢᠲᠤ ᠴᠢᠨᠠᠷ᠎ᠢᠶᠠᠷ ᠨᠡᠩ ᠴᠢᠩᠭ᠎ᠠ᠂ ᠨᠢᠭ᠍ᠲᠠᠷᠠᠯ᠎ᠤᠨ ᠬᠦᠴᠦᠨ᠎ᠢᠶᠡᠷ ᠨᠡᠩ ᠶᠡᠬᠡ ᠬᠤᠪᠢ ᠵᠠᠶᠠᠭᠠᠨ᠎ᠤ ᠬᠠᠮᠲᠤ ᠴᠣᠭ᠍ᠴᠠ ᠵᠢ ᠪᠠᠳᠤ ᠴᠤᠭᠴᠠᠯᠠᠬᠤ ᠵᠢᠨ ᠳᠠᠭᠤᠰᠤᠰᠢ ᠦᠭᠡᠢ ᠬᠥᠳᠡᠯᠭᠡᠬᠦ᠌ ᠬᠦᠴᠦᠨ ᠮᠥᠨ᠃ ᠨᠢᠭᠡ ᠲᠠᠯ᠎ᠠ᠎ᠪᠠᠷ᠂ ᠡᠷᠬᠡᠪᠰᠢ ᠦᠨᠳᠦᠰᠦᠲᠡᠨ ᠨᠦᠭᠦᠳ᠎ᠦᠨ ᠬᠠᠮᠲᠤ᠎ᠪᠠᠷ ᠣᠷᠣᠱᠢᠨ ᠰᠠᠭᠤᠵᠤ ᠬᠠᠮᠲᠤ᠎ᠪᠠᠷ ᠰᠤᠷᠤᠯᠴᠠᠨ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠤᠨ ᠵᠢᠷᠭᠠᠬᠤ ᠨᠡᠢᠭᠡᠮ᠎ᠦᠨ ᠨᠥᠬᠥᠴᠡᠯ᠎ᠢ ᠶᠡᠬᠡᠪᠡᠷ ᠪᠤᠢ ᠪᠣᠯᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠪᠦᠷᠢᠨᠱᠢᠬᠦᠯᠤᠨ᠂ ᠴᠥᠭᠡᠨ ᠲᠣᠭᠠᠲᠤ ᠦᠨᠳᠦᠰᠦᠲᠡᠨ᠎ᠦ ᠨᠡᠭᠦᠳᠡᠯ ᠬᠥᠮᠦᠨ ᠠᠮᠠ᠎ᠶ᠋ᠢ ᠬᠤᠳᠠ᠎ᠶ᠋ᠢᠨ ᠨᠡᠭᠦᠳᠡᠯ ᠬᠥᠮᠦᠨ ᠠᠮᠠ᠎ᠶ᠋ᠢᠨ ᠦᠢᠯᠡᠴᠢᠯᠡᠭᠡ ᠬᠠᠮᠢᠶᠠᠷᠤᠯᠲᠠ᠎ᠶ᠋ᠢᠨ ᠱᠢᠰᠲ᠋ᠧᠮ᠎ᠳᠦ ᠣᠷᠣᠭᠤᠯᠵᠤ᠂ 《ᠬᠠᠪᠰᠤᠷᠤᠯᠴᠠᠭ᠎ᠠ ᠪᠠᠢᠭᠤᠯᠬᠤ》 《ᠭᠠᠷ ᠭᠠᠷ᠎ᠢᠶᠠᠨ ᠬᠣᠯᠪᠣᠯᠴᠠᠬᠤ》 ᠵᠡᠷᠭᠡ ᠨᠥᠬᠥᠷᠯᠡᠯ᠎ᠦᠨ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠦᠨ᠂ ᠦᠨᠳᠦᠰᠦᠲᠡᠨ᠎ᠨᠦᠭᠦᠳ᠎ᠦᠨ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠭᠢᠴᠡ ᠵᠡᠷᠭᠡ ᠪᠦᠬᠦ᠌ ᠲᠠᠯ᠎ᠠ᠎ᠵᠢᠨ ᠤᠶᠠᠯᠳᠤᠯ᠎ᠢ ᠠᠬᠢᠭᠤᠯᠬᠤ ᠬᠡᠷᠡᠭ᠌ᠲᠡᠢ᠃ ᠨᠦᠬᠦᠭᠡ ᠲᠠᠯ᠎ᠠ᠎ᠪᠠᠷ᠂ ᠡᠷᠬᠡᠪᠰᠢ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ ᠠᠵᠢᠯ᠎ᠢ ᠭᠦᠨᠵᠡᠭᠡᠢ ᠥᠷᠨᠢᠭᠦᠯᠵᠦ᠍᠂ ᠠᠭᠤᠯᠤᠭ᠍ᠳᠠᠬᠤᠨ᠎ᠢ ᠨᠢ ᠬᠦᠴᠦᠯᠡᠨ ᠭᠦᠨᠵᠡᠭᠡᠢᠷᠡᠭᠦᠯᠵᠦ᠍᠂ ᠬᠡᠯᠪᠡᠷᠢ᠎ᠶ᠋ᠢ ᠨᠢ ᠪᠠᠶᠠᠯᠢᠭ᠍ᠵᠢᠭᠤᠯᠤᠨ᠂ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠬᠤᠳᠠ᠎ᠶ᠋ᠢ ᠡᠭᠦᠳᠦᠨ ᠪᠠᠢᠭᠤᠯᠬᠤ᠎ᠪᠠᠷ ᠭᠠᠷᠳᠠᠴᠠ ᠪᠣᠯᠭᠠᠨ᠂ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠲᠠᠯᠠᠪᠤᠷ ᠭᠠᠵᠠᠷ᠂ ᠭᠣᠣᠯᠳᠠᠯᠭ᠎ᠠ᠎ᠲᠠᠶ ᠠᠵᠢᠯ ᠲᠦᠷᠦᠯ᠂ ᠦᠢᠯᠡᠴᠢᠯᠡᠭᠡᠨ᠎ᠦ ᠨᠢᠭᠡᠴᠢ ᠵᠡᠷᠭᠡ᠎ᠶ᠋ᠢ ᠡᠭᠦᠳᠦᠨ ᠪᠠᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠡᠭᠦᠳᠦᠨ ᠪᠠᠢᠭᠤᠯᠬᠤ ᠬᠢᠷᠢ ᠲᠦᠪᠱᠢᠨ ᠪᠠ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠦᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠡᠶ᠎ᠡ ᠨᠠᠢᠷᠲᠠᠢ᠎ᠪᠠᠷ ᠬᠠᠮᠲᠤ ᠣᠷᠣᠱᠢᠬᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ᠂ ᠡᠶ᠎ᠡ ᠵᠤᠬᠢᠴᠠᠩᠭᠤᠢ᠎ᠪᠠᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃
ᠳᠥᠷᠪᠡ᠎ᠳᠦ ᠬᠠᠤᠯᠢᠵᠢᠯ᠎ᠤᠨ ᠰᠠᠭᠤᠷᠢ᠎ᠶ᠋ᠢ ᠪᠠᠲᠤᠳᠭᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠳᠠ ᠵᠢᠨ ᠱᠢᠰᠲ᠋ᠧᠮ ᠪᠠ ᠵᠠᠰᠠᠯᠳᠠ ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠬᠢᠷᠢ ᠲᠦᠪᠱᠢᠨ᠎ᠢ ᠪᠦᠬᠦ᠌ ᠬᠦᠴᠦᠨ᠎ᠢᠶᠡᠷ ᠳᠡᠭᠡᠭ᠌ᠰᠢᠯᠡᠭᠦᠯᠦᠨ᠎ᠡ᠃ ᠰᠢ᠎ᠶ᠋ᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠨ᠂ ᠦᠨᠳᠦᠰᠦᠨ ᠬᠠᠤᠯᠢ ᠪᠠ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠬᠠᠤᠯᠢ᠎ᠶ᠋ᠢ ᠪᠥᠬᠥ᠌ ᠲᠠᠯ᠎ᠠ᠎ᠪᠠᠷ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠠᠤᠯᠢᠵᠢᠯ᠎ᠤᠨ ᠰᠡᠳᠭᠢᠬᠦᠶ ᠪᠠ ᠬᠠᠤᠯᠢᠵᠢᠯ᠎ᠤᠨ ᠠᠷᠭ᠎ᠠ ᠮᠠᠶᠢᠭ᠎ᠢᠶᠠᠷ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠬᠤ᠎ᠶ᠋ᠢ ᠴᠢᠬᠤᠯᠠᠴᠢᠯᠠᠨ᠂ ᠦᠨᠳᠦᠰᠦᠲᠡᠨ᠎ᠨᠦᠭᠦᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ᠎ᠦ ᠬᠦᠴᠦᠨ ᠵᠦᠶ᠋ᠯ᠎ᠳᠦ ᠬᠣᠯᠪᠣᠭ᠍ᠳᠠᠬᠤ ᠬᠡᠷᠡᠭ ᠶᠠᠪᠤᠳᠠᠯ᠎ᠢ ᠬᠠᠤᠯᠢ ᠶᠣᠰᠣᠭᠠᠷ ᠲᠣᠬᠢᠲᠠᠶ ᠱᠢᠶ᠋ᠳᠪᠦᠷᠢᠯᠡᠨ᠂ ᠡᠯ᠎ᠡ ᠲᠥᠷᠥᠯ᠎ᠦᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠬᠠᠤᠯᠢ ᠴᠠᠭᠠᠵᠠ᠎ᠶ᠋ᠢᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ᠎ᠶ᠋ᠢ ᠪᠡᠶᠡᠯᠡᠭᠦᠯᠬᠦ ᠬᠡᠷᠡᠭᠳᠡᠢ᠃ ᠡᠭᠦᠨ᠎ᠦ ᠬᠠᠮᠲᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠦᠨ ᠲᠣᠭᠣᠷᠢᠨ᠎ᠳᠤ᠂ ᠬᠣᠯᠪᠣᠭ᠍ᠳᠠᠯ ᠪᠦᠬᠦᠢ ᠦᠨᠳᠦᠰᠦᠲᠡᠨ᠎ᠦ ᠠᠵᠢᠯ᠎ᠤᠨ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠴᠠᠭ ᠲᠤᠬᠠᠢᠳᠤᠨᠢ ᠯᠠᠪᠳᠠᠭᠤᠨ ᠪᠣᠯᠭᠣᠮᠵᠢᠲᠠᠢ ᠲᠤᠬᠢᠷᠠᠭᠤᠯᠤᠨ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠰᠠᠢᠲᠤᠷ ᠪᠠᠲᠤᠯᠠᠵᠤ᠂ ᠦᠨᠳᠦᠰᠦᠲᠡᠨ᠎ᠦ ᠪᠦᠯᠬᠦᠮᠳᠡᠯ᠎ᠢ ᠰᠠᠢᠲᠤᠷ ᠬᠠᠮᠠᠭᠠᠯᠠᠬᠤ ᠬᠡᠷᠡᠭᠳᠡᠢ᠃
ᠲᠠᠪᠤ᠎ᠳᠤ ᠠᠮᠤᠷ ᠲᠦᠪᠱᠢᠨ᠎ᠦ ᠰᠠᠭᠤᠷᠢ᠎ᠶ᠋ᠢ ᠪᠠᠳᠤᠳᠬᠠᠵᠤ᠂ ᠦᠨᠳᠦᠰᠦᠲᠡᠨ᠎ᠦ ᠬᠦᠷᠢᠶᠡᠨ᠎ᠳᠡᠬᠢ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠪᠦᠬᠦ᠌ ᠬᠦᠴᠦᠨᠢᠶᠡᠷᠰᠡᠷᠭᠡᠢᠯᠡᠨᠡ᠃ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠳᠠᠢᠰᠤᠩᠨᠠᠭ᠍ᠴᠢ ᠬᠦᠴᠦᠨ᠎ᠦ ᠦᠨᠳᠦᠰᠦᠲᠡᠨ᠂ ᠱᠠᠱᠢᠨ ᠰᠤᠷᠲᠠᠬᠤᠨ ᠵᠡᠷᠭᠡ ᠠᠰᠠᠭᠤᠳᠠᠯ᠎ᠢ ᠠᠱᠢᠭ᠍ᠯᠠᠨ ᠡᠯ᠎ᠡ ᠲᠦᠷᠦᠯ᠎ᠦᠨ ᠨᠡᠪᠴᠢᠯᠲᠡ ᠨᠤᠷᠠᠭᠠᠯᠲᠠ ᠡᠪᠳᠡᠯᠡᠭᠡ ᠬᠢᠬᠦ᠌ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠨ ᠴᠢᠩᠭ᠎ᠠ ᠴᠣᠬᠢᠯᠲᠠ ᠥᠭ᠌ᠴᠦ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠬᠤ ᠬᠡᠷᠡᠭ᠌ᠲᠡᠢ᠃ ᠢᠯᠠᠩᠭᠤᠶ᠎ᠠ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠳᠤᠮᠳᠠ ᠢᠯᠡᠷᠡᠭ᠌ᠰᠡᠨ ᠬᠠᠮᠢᠶ᠎ᠠ ᠪᠦᠬᠦᠢ ᠠᠰᠠᠭᠤᠳᠠᠯ᠎ᠠᠴᠠ ᠭᠦᠨᠵᠡᠭᠡᠢ ᠰᠤᠷᠭᠠᠮᠵᠢ ᠠᠪᠴᠤ᠌᠂ ᠨᠠᠮ᠎ᠤᠨ ᠦᠨᠳᠦᠰᠦᠲᠡᠨ᠎ᠦ ᠠᠵᠢᠯ᠎ᠳᠠᠬᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠨ ᠴᠢᠩᠭᠠᠳᠭᠠᠵᠤ᠂ ᠦᠵᠡᠯ ᠤᠬᠠᠮᠰᠠᠷ ᠤᠨ ᠬᠡᠯᠪᠡᠷᠢ ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠪᠤᠷᠤᠭᠤ ᠦᠵᠡᠯ ᠰᠠᠨᠠᠭᠠᠨ ᠤ ᠨᠡᠪᠴᠢᠨ ᠳᠡᠯᠭᠡᠷᠡᠬᠦ᠌᠎ᠶ᠋ᠢ ᠡᠷᠡᠰ ᠰᠡᠷᠭᠡᠢᠯᠡᠬᠦ᠌ ᠬᠡᠷᠡᠭ᠌ᠲᠡᠢ᠃
ᠶᠡᠷᠦᠩᠬᠡᠢ ᠱᠦᠵᠢ ᠰᠢ᠎ᠶ᠋ᠢᠨ ᠫᠢᠩ᠄ 《ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠢᠭᠡ ᠭᠡᠷ᠎ᠪᠦᠯᠢ ᠮᠡᠲᠦ ᠳᠣᠲᠣᠨᠣ ᠪᠠᠢᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠯᠠᠪᠳᠠᠶ᠎ᠠ ᠪᠡᠶᠡᠯᠡᠭᠦᠯᠬᠦ᠌᠎ᠶ᠋ᠢᠨ ᠦᠨᠳᠦᠰᠦᠨ ᠪᠠᠲᠤᠯᠠᠭ᠎ᠠ ᠮᠥᠨ》ᠬᠡᠵᠦ ᠵᠢᠭᠠᠵᠤ ᠭᠠᠷᠭᠠᠪᠠ᠃ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠳᠤ ᠂ ᠪᠢᠳᠡ ᠣᠷᠣᠨ᠎ᠤ ᠲᠥᠪ᠎ᠦᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠣᠷᠣᠨ᠎ᠤ ᠲᠥᠪ᠎ᠦᠨ ᠡᠭᠦᠷᠭᠡᠯᠡᠯ᠎ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠣᠷᠣᠨ᠎ᠤ ᠲᠥᠪ᠎ᠦᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠲᠠᠢ᠌ᠴᠢᠯᠠᠨ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠳ᠋ᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ !